ᠮᠠᠨ ᠤ ᠤᠷᠤᠨ ᠲᠡᠭᠡᠷ᠎ᠡ ᠬᠠᠭᠠᠰ ᠵᠢᠯ ᠤᠨ ᠠᠭᠠᠷ ᠮᠠᠨᠳᠠᠯ ᠤᠨ ᠤᠷᠴᠢᠨ ᠲᠤᠭᠤᠷᠢᠨ ᠤ ᠶᠠᠰᠤ ᠴᠢᠨᠠᠷ ᠤᠨ ᠶᠡᠷᠦᠩᠬᠡᠢ ᠪᠠᠶᠢᠳᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2019/7/22
     7 ᠰᠠᠷ᠎ᠠ ᠶᠢᠨ 17᠎ ᠤ ᠡᠳᠦᠷ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠪᠦᠬᠦ ᠤᠷᠤᠨ ᠤ 2019 ᠣᠨ ᠤ ᠲᠡᠭᠡᠷ᠎ᠡ ᠬᠠᠭᠠᠰ ᠵᠢᠯ ᠎ ᠤᠨ ᠠᠭᠠᠷ ᠮᠠᠨᠳᠠᠯ ᠤᠨ ᠤᠷᠴᠢᠨ ᠲᠤᠭᠤᠷᠢᠨ ᠤ ᠶᠠᠰᠤ ᠴᠢᠨᠠᠷ ᠤᠨ ᠶᠡᠷᠦᠩᠬᠡᠢ ᠪᠠᠶᠢᠳᠠᠯ ᠪᠠ ᠤᠰᠤᠨ ᠤ ᠶᠠᠰᠤ ᠴᠢᠨᠠᠷ ᠎ ᠤᠨ ᠶᠡᠷᠦᠩᠬᠡᠢ ᠪᠠᠶᠢᠳᠠᠯ ᠢ ᠨᠡᠶᠢᠳᠡᠯᠡᠪᠡ᠃      ᠬᠤᠷᠠᠯ ᠠᠴᠠ ᠤᠢᠢᠯᠠᠭᠠᠭᠰᠠᠨ ᠢᠶᠠᠷ᠂ 2019 ᠣᠨ ᠤ ᠲᠡᠭᠡᠷ᠎ᠡ ᠬᠠᠭᠠᠰ ᠵᠢᠯ ᠳᠤ ᠪᠦᠬᠦ ᠣᠷᠣᠨ ᠤ ᠠᠭᠠᠷ ᠮᠠᠨᠳᠠᠯ ᠤᠨ ᠤᠷᠴᠢᠨ ᠲᠤᠭᠤᠷᠢᠨ ᠤ ᠶᠠᠰᠤ ᠴᠢᠨᠠᠷ ᠤᠨ ᠶᠡᠷᠦᠩᠬᠡᠢ ᠪᠠᠶᠢᠳᠠᠯ ᠨᠡᠯᠢᠶᠡᠳ ᠰᠠᠶᠢᠨ᠃ ᠭᠤᠤᠯ ᠪᠤᠯᠬᠤ ᠵᠢᠷᠭᠤᠭᠠᠨ ᠲᠦᠷᠦᠯ ᠤᠨ ᠪᠤᠬᠢᠷᠳᠤᠯ ᠪᠤᠳᠠᠰ ᠪᠤᠯᠬᠤ ᠵᠢᠵᠢᠭ ᠮᠥᠬᠦᠯᠢᠭᠲᠦ ᠪᠣᠳᠠᠰ ︵PM 2.5︶᠂ ᠠᠮᠢᠰᠬᠤᠵᠤ ᠪᠤᠯᠬᠤ ᠮᠦᠬᠦᠯᠢᠭᠲᠦ ᠪᠤᠳᠠᠰ ︵PM10︶᠂ ᠬᠦᠬᠦᠷ ᠤᠨ ᠲᠠᠪᠬᠤᠷ ᠢᠰᠦᠯ ︵SO2︶᠂ ᠠᠽᠤᠲ ᠤᠨ ᠲᠠᠪᠬᠤᠷ ᠢᠰᠦᠯ ︵NO2︶᠂ ᠨᠡᠭᠦᠷᠡᠰᠦᠳᠦ᠋ᠷᠦᠭᠴᠢ ᠶᠢᠨ ᠲᠠᠩ ᠢᠰᠦᠯ ︵CO︶᠂ ᠤᠽᠤᠨ ︵O3︶᠎ ᠤ ᠭᠠᠳᠠᠭᠰᠢᠯᠠᠭᠤᠯᠤᠯᠲᠠ ᠪᠦᠷ ᠤᠯᠤᠰ ᠤᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠨᠡᠶᠢᠴᠡᠵᠤ᠂ ᠪᠦᠬᠦ ᠣᠷᠣᠨ ᠤ ᠣᠷᠴᠢᠨ ᠲᠤᠭᠤᠷᠢᠨ ᠤ ᠠᠭᠠᠷ ᠮᠠᠨᠳᠠᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ 87.2%᠎ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9%᠎ ᠪᠠᠷ ᠳᠡᠭᠡᠭᠰᠢᠯᠡᠪᠡ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠦᠬᠦ ᠣᠷᠣᠨ ᠤ 12 ᠠᠶᠢᠮᠠᠭ ᠬᠤᠲᠠ ᠶᠢᠨ ᠳᠤᠳᠤᠷ᠎ᠠ ᠠᠯᠠᠱᠠ ᠠᠶᠢᠮᠠᠭ᠂ ᠣᠷᠳᠣᠰ ᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠪᠣᠯᠤᠨ ᠬᠥᠯᠥᠨ ᠪᠤᠶᠢᠷ ᠬᠤᠲᠠ ᠵᠡᠷᠭᠡ 7 ᠭᠠᠵᠠᠷ ᠣᠷᠣᠨ ᠤ ᠵᠢᠷᠭᠤᠭᠠᠨ ᠲᠦᠷᠦᠯ ᠤᠨ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠪᠡ᠃ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠶᠢ ᠦᠨᠳᠦᠰᠦᠯᠡᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠪᠦᠬᠦ ᠣᠷᠣᠨ ᠤ 12 ᠠᠶᠢᠮᠠᠭ ᠬᠤᠲᠠ ᠶᠢᠨ ᠠᠭᠠᠷ ᠤᠨ ᠶᠠᠰᠤ ᠴᠢᠨᠠᠷ ᠢ ᠮᠠᠭᠤ ᠠᠴᠠ ᠰᠠᠶᠢᠨ ᠲᠡᠶᠢᠰᠢ ᠵᠢᠭᠰᠠᠭᠠᠪᠠᠯ ᠪᠤᠭᠤᠲᠤ ᠬᠤᠲᠠ᠂ ᠦᠬᠠᠢ ᠬᠤᠲᠠ᠂ ᠬᠥᠬᠡᠬᠤᠲᠠ᠂ ᠪᠠᠶᠠᠨᠨᠠᠭᠤᠷ ᠬᠤᠲᠠ᠂ ᠲᠦᠡᠭᠯᠢᠶᠤᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ᠂ ᠠᠯᠠᠱᠠ ᠠᠶᠢᠮᠠᠭ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ ᠪᠤᠯᠤᠨ᠎ᠠ᠃      ᠡᠭᠦᠨ ᠠᠴᠠ ᠭᠠᠳᠠᠨ᠎ᠠ᠂ 2019 ᠣᠨ ᠤ ᠲᠡᠭᠡᠷ᠎ᠡ ᠬᠠᠭᠠᠰ ᠵᠢᠯ ᠳᠤ ᠮᠠᠨ ᠤ ᠣᠷᠣᠨ ᠨᠡᠶᠢᠲᠡ 124 ᠴᠡᠭ  ᠪᠠᠶᠢᠷᠢ ᠳᠤ ᠬᠡᠮᠵᠢᠨ ᠪᠠᠶᠢᠴᠠᠭᠠᠯᠲᠠ ᠬᠢᠵᠦ᠂ ᠤᠰᠤᠨ ᠤ ᠶᠠᠰᠤ ᠴᠢᠨᠠᠷ ᠤᠨ ᠴᠡᠭ ᠪᠠᠶᠢᠷᠢ ᠨᠢ 63.7%᠎ ᠶᠢ ᠡᠵᠡᠯᠡᠨ᠂ ᠠᠨᠠᠢ V ᠲᠦᠷᠦᠯ ᠤᠨ ᠤᠰᠤᠨ ᠤ ᠶᠠᠰᠤ ᠴᠢᠨᠠᠷ ᠤᠨ ᠴᠡᠭ ᠪᠠᠶᠢᠷᠢ ᠨᠢ 14.5%᠎ ᠶᠢ ᠡᠵᠡᠯᠡᠵᠦ᠂ ᠲᠡᠭᠡᠷ᠎ᠡ ᠵᠢᠯ ᠎ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠰᠢᠯᠢᠳᠡᠭ ᠬᠠᠷᠢᠴᠠᠯ 14.6 ᠵᠠᠭᠤᠨ ᠤ ᠬᠤᠪᠢ ᠪᠠᠷ ᠲᠡᠭᠡᠭᠰᠢᠯᠡᠨ᠂ ᠠᠨᠠᠢ V ᠲᠦᠷᠦᠯ ᠤᠨ ᠤᠰᠤᠨ ᠤ ᠴᠡᠭ ᠪᠠᠶᠢᠷᠢ ᠶᠢᠨ ᠬᠠᠷᠢᠴᠠᠯ 5.7 ᠵᠠᠭᠤᠨ ᠤ ᠬᠤᠪᠢ ᠪᠠᠷ ᠪᠠᠭᠤᠷᠠᠵᠤ᠂ ᠤᠰᠤᠨ ᠤ ᠶᠠᠰᠤ ᠴᠢᠨᠠᠷ ᠢᠯᠡᠷᠭᠡᠢ ᠰᠠᠶᠢᠵᠢᠷᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号