ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠠᠳᠠᠯᠢ ᠬᠤᠭᠤᠴᠠᠭᠠᠨ ᠤ ᠬᠢ  ᠠᠴᠠ 9.6% ᠨᠡᠮᠡᠭᠳᠡᠪᠡ
ᠨᠡᠶᠢᠲᠡᠯᠡᠭᠰᠡᠨ ᠴᠠᠭ᠄
2019/7/22

     ᠣᠶᠢᠷ᠎ᠠ ᠳᠤ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 547.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠠᠴᠠ 5.7 ᠵᠠᠭᠤᠨ ᠤ  ᠴᠡᠭ ᠥᠨᠳᠥᠷ ᠪᠣᠯᠵᠠᠶ᠃ ᠡᠭᠦᠨ ᠳᠤ᠂ ᠭᠠᠳᠠᠭᠠᠳᠤ ᠭᠠᠷᠭᠠᠯᠲᠠ 184.2 ᠳ᠋ᠦᠩᠰᠢᠭᠤᠷ ᠲᠥᠭᠦᠷᠢᠭ ᠲᠤ ᠬᠦᠷᠴᠦ᠂ 0.8 % ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ 363 ᠳ᠋ᠦᠩᠰᠢᠭᠤᠷ ᠲᠥᠭᠦᠷᠢᠭ ᠲᠤ ᠬᠦᠷᠴᠦ᠂ 15.8% ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠣᠯᠪᠠ᠃
     ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ᠂ ᠰᠠᠷ᠎ᠠ ᠶᠢᠨ ᠭᠠᠳᠠᠭᠠᠳᠤ ᠠᠷᠠᠯᠵᠢᠶᠠᠨ ᠤ ᠥᠷᠲᠡᠭ ᠨᠢ ᠥᠨᠳᠥᠷ ᠪᠠᠶᠢᠷᠢᠨ ᠳᠤ ᠪᠠᠶᠢᠵᠤ᠂ ᠡᠨᠡ ᠵᠢᠯ ᠤᠨ 2 ᠳ᠋ᠤᠭᠠᠷ ᠰᠠᠷ᠎ᠠ ᠳᠤ ᠭᠠᠳᠠᠭᠠᠳᠤ ᠠᠷᠠᠯᠵᠢᠶᠠᠨ ᠤ ᠥᠷᠲᠡᠭ ᠨᠢ ᠪᠠᠭ᠎ᠠ ᠬᠡᠮᠵᠢᠶ᠎ᠡ ᠪᠠᠷ ᠳᠣᠷᠣᠭᠰᠢᠯᠠᠨ 74.1 ᠳ᠋ᠦᠩᠰᠢᠭᠤᠷ ᠲᠥᠭᠦᠷᠢᠭ ᠲᠤ ᠬᠦᠷᠴᠦ᠂ ᠳᠠᠷᠠᠭ᠎ᠠ ᠨᠢ ᠲᠣᠭᠲᠠᠪᠤᠷᠢᠵᠢᠨ ᠳᠡᠭᠡᠭᠰᠢᠯᠡᠵᠦ᠂ ᠦᠢᠯᠡᠳᠦᠭᠰᠡᠨ ᠡᠯ᠎ᠡ ᠰᠠᠷ᠎ᠠ ᠶᠢᠨ ᠭᠠᠳᠠᠭᠠᠳᠤ ᠠᠷᠠᠯᠵᠢᠶᠠᠨ ᠤ ᠥᠷᠲᠡᠭ ᠨᠢ ᠴᠥᠮ 90 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠪᠡ᠃ ᠳᠡᠭᠡᠷ᠎ᠡ ᠬᠠᠭᠠᠰ ᠵᠢᠯ ᠳᠤ᠂ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 321.1 ᠳ᠋ᠦᠩᠰᠢᠭᠤᠷ ᠲᠥᠭᠦᠷᠢᠭ ᠲᠤ ᠬᠦᠷᠴᠦ᠂ 16.8% ᠪᠠᠷ ᠨᠡᠮᠡᠭᠳᠡᠪᠡ︔ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 155.2 ᠳ᠋ᠦᠩᠰᠢᠭᠤᠷ ᠲᠥᠭᠦᠷᠢᠭ ᠲᠤ ᠬᠦᠷᠴᠦ᠂ 1.3% ᠪᠠᠷ ᠪᠠᠭᠤᠷᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠭᠤᠣᠯ ᠬᠥᠴᠦᠨ ᠴᠡᠷᠢᠭ ᠪᠣᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠨᠢ 388.5 ᠳ᠋ᠦᠩᠰᠢᠭᠤᠷ ᠲᠥᠭᠦᠷᠢᠭ ᠲᠤ ᠬᠦᠷᠴᠦ᠂ 8.5% ᠪᠠᠷ ᠨᠡᠮᠡᠭᠳᠡᠪᠡ︔ ᠤᠯᠤᠰ  ᠤᠨ ᠦᠮᠴᠢᠯᠡᠯᠲᠦ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 122.2 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠣᠯᠪᠠ᠃ ᠪᠠᠶᠠᠨᠨᠠᠭᠤᠷ᠂ ᠪᠤᠭᠤᠲᠤ᠂ ᠮᠠᠨᠵᠤᠤᠷ ᠤᠨ ᠭᠠᠳᠠᠭᠠᠳᠤ ᠠᠷᠠᠯᠵᠢᠶᠠᠨ ᠤ ᠥᠷᠲᠡᠭ ᠨᠢ ᠠᠷᠪᠠᠨ ᠤ ᠵᠢᠷᠭᠤᠭᠠᠨ ᠬᠤᠪᠢ ᠶᠢ ᠡᠵᠡᠯᠡᠪᠡ᠃ ᠭᠠᠳᠠᠭᠠᠳᠤ ᠭᠠᠷᠭᠠᠯᠲᠠ ᠨᠢ ᠬᠥᠳᠡᠯᠮᠦᠷᠢ ᠬᠤᠷᠠᠭᠰᠠᠨ ᠬᠡᠯᠪᠡᠷᠢ ᠶᠢᠨ ᠦᠶᠯᠡᠳᠬᠦᠨ ᠪᠠ ᠠᠩᠬᠠᠨ ᠤ ᠦᠶᠯᠡᠳᠬᠦᠨ ᠢᠶᠠᠷ ᠭᠤᠤᠯ ᠪᠣᠯᠭᠠᠵᠤ᠂ ᠭᠠᠳᠠᠭᠠᠳᠤ ᠣᠷᠣᠭᠤᠯᠤᠯᠲᠠ ᠨᠢ ᠡᠬᠢ ᠪᠠᠶᠠᠯᠢᠭ ᠤᠨ ᠴᠢᠨᠠᠷᠲᠠᠶ ᠶᠡᠭᠡ ᠬᠡᠮᠵᠢᠶᠡᠨ ᠤ ᠲᠠᠸᠠᠷ ᠢᠶᠠᠷ ᠭᠤᠤᠯ ᠪᠣᠯᠵᠠᠢ᠃ ᠡᠭᠦᠨ ᠠᠴᠠ ᠭᠠᠳᠠᠨ᠎ᠠ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠠᠬᠢᠬᠤ ᠶᠢ ᠳᠠᠭᠠᠯᠳᠤᠨ᠂ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠲᠠᠸᠠᠷ᠂ ᠪᠠᠯᠠ ᠮᠥᠩᠭᠦ᠂ ᠠᠵᠢᠯᠲᠠᠨ ᠤ ᠰᠣᠯᠢᠯᠴᠠᠭ᠎ᠠ ᠡᠳᠦᠷ ᠢᠷᠡᠬᠦᠶ᠎ᠡ ᠴᠢᠩᠭᠠᠷᠠᠵᠤ᠂ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠢ 365.7 ᠳ᠋ᠦᠩᠰᠢᠭᠤᠷ ᠲᠥᠭᠦᠷᠢᠭ ᠲᠤ ᠬᠦᠷᠴᠦ᠂ 8.4% ᠪᠠᠷ ᠨᠡᠮᠡᠭᠳᠡᠪᠡ᠃ ᠡᠭᠦᠨ ᠳᠤ᠂ ᠮᠣᠩᠭᠤᠯ ᠤᠯᠤᠰ᠂ ᠣᠷᠣᠰ ᠪᠣᠯ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ ᠲᠣᠰ ᠲᠣᠰ179 ᠳ᠋ᠦᠩᠰᠢᠭᠤᠷ ᠲᠥᠭᠦᠷᠢᠭ᠂ 100.3 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠲᠣᠰ ᠲᠣᠰ 20.2%᠂ 1.6% ᠪᠣᠯᠵᠠᠢ᠃ ᠲᠠᠨᠢᠯᠴᠠᠭᠤᠯᠤᠭᠰᠠᠨ ᠢᠶᠠᠷ᠂ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠦᠷᠭᠦᠯᠵᠢᠯᠡᠨ ᠨᠡᠮᠡᠭᠳᠡᠬᠦ ᠬᠥᠭᠵᠢᠯᠲᠡ ᠶᠢᠨ ᠪᠠᠶᠢᠳᠠᠯ ᠢᠯᠡᠷᠡᠪᠡ᠃
     

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ