ᠥᠪᠥᠷ ᠵᠠᠰᠠᠭ ᠠᠯᠪᠠᠨ ᠲᠠᠷᠬᠠᠭᠠᠭᠰᠠᠨ ﹇2019﹈ 13 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠳᠡ ᠶᠢ ᠨᠡᠶᠢᠳᠡ ᠳᠤ ᠵᠠᠷᠯᠠᠬᠤ ᠲᠦᠷᠢᠮ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ | ᠲᠡᠮᠳᠡᠭᠯᠡᠬᠦ ᠲᠦᠷᠢᠮ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠢ ᠬᠠᠤᠯᠢ ᠲᠦᠷᠢᠮ ᠢᠶᠠᠷ ᠬᠢᠨᠠᠨ | ᠬᠠᠷᠭᠤᠭᠤᠯᠬᠤ ᠲᠦᠷᠢᠮ ᠤᠳ ᠢ ᠶᠠᠪᠤᠨᠨᠳᠠᠭᠤᠯᠬᠤ ᠶᠢᠨ ᠬᠡᠷᠡᠭᠵᠢᠬᠦᠯᠬᠦ ᠲᠦᠰᠦᠯ︾ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ | ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | | | ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠳᠡ ᠶᠢ ᠨᠡᠶᠢᠳᠡ ᠳᠤ ᠵᠠᠷᠯᠠᠬᠤ ᠲᠦᠷᠢᠮ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ | ᠰᠢᠩᠬᠡᠬᠡᠨ ᠲᠡᠮᠳᠡᠭᠯᠡᠬᠦ ᠲᠦᠷᠢᠮ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠢ ᠬᠠᠤᠯᠢ | ᠲᠦᠷᠢᠮ ᠢᠶᠠᠷ ᠬᠢᠨᠠᠨ ᠬᠠᠷᠭᠤᠭᠤᠯᠬᠤ ᠲᠦᠷᠢᠮ ᠤᠳ ᠢ ᠶᠠᠪᠤᠨᠨᠳᠠᠭᠤᠯᠬᠤ ᠶᠢᠨ ᠬᠡᠷᠡᠭᠵᠢᠬᠦᠯᠬᠦ ᠲᠦᠰᠦᠯ | | | ︽ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠨᠡᠶᠢᠳᠡ ᠳᠤ ᠵᠠᠷᠯᠠᠬᠤ ᠲᠦᠷᠢᠮ ᠬᠠᠤᠯᠢ ᠬᠡᠷᠡᠭᠵᠢᠬᠦᠯᠬᠦ | ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ ᠲᠦᠷᠢᠮ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠢ ᠬᠠᠤᠯᠢ | ᠲᠦᠷᠢᠮ ᠢᠶᠠᠷ ᠬᠢᠨᠠᠨ ᠬᠠᠷᠭᠤᠭᠤᠯᠬᠤ ᠲᠦᠷᠢᠮ ᠤᠳ ᠢ ᠪᠦᠭᠦ ᠲᠠᠯ᠎ᠠ ᠪᠠᠷ ᠶᠠᠪᠤᠨᠨᠳᠠᠭᠤᠯᠬᠤ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠦᠷᠦ ᠠᠯᠪᠠᠨ ᠲᠠᠷᠬᠠᠭᠠᠨᠨᠰᠠᠨ | ﹇2018﹈ 118 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠨᠡᠶᠢᠳᠡ ᠳᠤ ᠵᠠᠷᠯᠠᠬᠤ ᠲᠦᠷᠢᠮ᠂ ᠬᠠᠤᠯᠢ ᠬᠡᠷᠡᠭᠵᠢᠬᠦᠯᠬᠦ ᠪᠦᠭᠦ | ᠶᠠᠪᠤᠴᠠ ᠶᠢ ᠰᠢᠩᠬᠡᠬᠡᠨ ᠲᠡᠮᠳᠡᠭᠯᠡᠬᠦ ᠲᠦᠷᠢᠮ᠂ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠢ ᠬᠠᠤᠯᠢ | ᠲᠦᠷᠢᠮ ᠢᠶᠠᠷ ᠬᠢᠨᠠᠨ ᠬᠠᠷᠭᠤᠭᠤᠯᠬᠤ ᠲᠦᠷᠢᠮ ︵ᠲᠤᠷᠤᠨᠨᠰᠢ ︽ᠭᠤᠷᠪᠠᠨ ᠵᠦᠢᠯ ᠤᠨ ᠲᠦᠷᠢᠮ︾ ᠬᠡᠵᠦ | ᠶᠡᠷᠦᠩᠬᠡᠶᠢᠯᠡᠨ ᠲᠤᠪᠴᠢᠯᠠᠨ᠎ᠠ︶ ᠪᠦᠭᠦ ᠤᠷᠤᠨ ᠤ ᠬᠡᠪᠴᠢᠶᠡᠨ ᠳᠤ ᠪᠦᠭᠦ ᠲᠠᠯ᠎ᠠ ᠪᠠᠷ ᠶᠠᠪᠤᠨᠨᠳᠠᠭᠤᠯᠬᠤ ᠶᠢᠨ ᠲᠤᠰᠠᠳᠠ᠂ | ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ᠂ ᠲᠤᠰ ᠲᠦᠰᠦᠯ ᠢ ᠲᠤᠨᠨᠳᠠᠭᠠᠪᠠ᠃ | ᠨᠢᠬᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ | ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ︽ᠬᠠᠤᠯᠢ ᠪᠠᠷ ᠵᠠᠰᠠᠬᠤ ᠵᠠᠰᠠᠭ ᠤᠨ ᠤᠷᠳᠤᠨ ᠤ | ᠪᠠᠶᠢᠭᠤᠯᠤᠯᠳᠠ ᠶᠢᠨ ᠬᠡᠷᠡᠭᠵᠢᠬᠦᠯᠬᠦ ᠭᠦᠳᠦᠯᠪᠦᠷᠢ ︵2015 — 2020 ᠤᠨ︶︾ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠢᠯᠡ ᠲᠤᠳᠤ᠂ ᠵᠢᠷᠤᠮᠵᠢᠯ ᠲᠠᠢ᠂ | ᠬᠠᠤᠯᠢ ᠳᠤ ᠨᠡᠶᠢᠴᠡᠬᠦ᠂ ᠲᠦᠪ ᠭᠤᠤᠯᠴᠢ ᠪᠤᠯᠭᠠᠬᠤ ᠶᠢ ᠭᠦᠴᠦᠯᠡᠨ ᠠᠬᠢᠭᠤᠯᠵᠦ᠂ ᠬᠠᠤᠯᠢ ᠬᠡᠷᠡᠭᠵᠢᠬᠦᠯᠬᠦ ᠲᠦᠷᠢᠮ ᠢ | ᠲᠠᠰᠤᠷᠠᠯᠳᠠ ᠦᠬᠡᠢ ᠪᠦᠷᠢᠨᠰᠢᠬᠦᠯᠦᠨ᠂ ᠪᠦᠭᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠦᠨᠳᠦᠰᠦᠨ | ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ | ᠠᠬᠢᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠡᠭᠦᠷᠬᠡ ᠶᠢᠨ ᠠᠷᠭ᠎ᠠ ᠬᠡᠮᠵᠢᠶ᠎ᠡ | 2019 ᠤᠨ ᠤ ᠰᠡᠭᠦᠯᠴᠢ ᠠᠴᠠ ᠡᠮᠤᠨ᠎ᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠵᠠᠰᠠᠭ | ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ | ᠵᠠᠰᠠᠭ ᠵᠠᠬᠢᠷᠭᠠᠨ ᠤ ᠲᠠᠳᠠᠪᠤᠷᠢᠯᠠᠨ ᠬᠤᠷᠢᠶᠠᠵᠦ ᠲᠠᠳᠠᠪᠤᠷᠢᠯᠠᠨ ᠬᠡᠷᠡᠭᠯᠡᠬᠦ᠂ ᠵᠠᠰᠠᠭ ᠵᠠᠬᠢᠷᠭᠠᠨ ᠤ ᠪᠠᠶᠢᠴᠠᠭᠠᠯᠳᠠ ᠵᠡᠷᠬᠡ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠯᠠᠭᠠᠨ ᠤ ᠶᠠᠪᠤᠴᠠ ᠳᠤ ︽ᠭᠤᠷᠪᠠᠨ ᠵᠦᠢᠯ ᠤᠨ ᠲᠦᠷᠢᠮ︾ ᠢ | ᠪᠦᠬᠦ ᠲᠠᠯ᠎ᠠ ᠪᠠᠷ ᠶᠠᠪᠤᠨᠨᠳᠠᠭᠤᠯᠤᠨᠠ᠃ | ︵ᠨᠢᠬᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠨᠡᠶᠢᠳᠡ ᠳᠤ ᠵᠠᠷᠯᠠᠬᠤ ᠲᠦᠷᠢᠮ᠃ ᠡᠯ᠎ᠡ | ᠱᠠᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠠᠴᠠ ᠡᠮᠦᠨᠡᠬᠢ᠂ ᠬᠠᠤᠯᠢ ᠬᠡᠷᠡᠭᠵᠢᠬᠦᠯᠬᠦ ᠶᠠᠪᠤᠴᠠ ᠳᠤ ᠬᠢ ᠂ ᠬᠠᠤᠯᠢ ᠬᠡᠷᠡᠭᠵᠢᠬᠦᠯᠦᠭᠰᠡᠨ ᠤ | ᠲᠠᠷᠠᠭᠠᠬᠢ ᠶᠢᠨ ᠬᠢ ᠢᠯᠠ ᠪᠤᠯᠭᠠᠬᠤ ᠲᠤᠨᠨᠳᠠᠴᠠ ᠶᠢ ᠪᠦᠷᠢᠨᠰᠢᠬᠦᠯᠵᠦ᠂ ᠬᠠᠤᠯᠢ ᠬᠡᠷᠡᠭᠵᠢᠬᠦᠯᠬᠦ ᠮᠡᠳᠡᠭᠡ ᠵᠠᠩᠬᠢ ᠶᠢ | ᠨᠡᠶᠢᠳᠡ ᠳᠤ ᠵᠠᠷᠯᠠᠬᠤ ᠨᠢᠬᠡᠳᠦᠯᠳᠡᠢ ᠲᠡᠪᠴᠡᠩ ᠢ ᠪᠠᠶᠢᠭᠤᠯᠤᠨ᠂ ᠨᠡᠶᠢᠬᠡᠮ ᠨᠡᠶᠢᠳᠡ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠭᠰᠡᠨ ᠦᠨᠳᠦᠰᠦᠨ ᠮᠡᠳᠡᠭᠡ ᠵᠠᠩᠬᠢ᠂ ᠦᠷ᠎ᠡ ᠳ᠋ᠦᠩ ᠤᠨ ᠮᠡᠳᠡᠭᠡ ᠵᠠᠩᠬᠢ ᠶᠢ ᠴᠠᠭ ᠲᠤᠬᠠᠢ ᠳᠤ ᠨᠢ | ᠢᠯᠡ ᠪᠤᠯᠭᠠᠨ᠎ᠠ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠶᠢᠨ ᠨᠢᠭᠤᠴᠠ ᠳᠤ | ᠬᠤᠯᠪᠤᠨᠨᠳ᠋ᠬᠠᠰᠠᠨ ᠢᠯᠡ ᠪᠤᠯᠭᠠᠬᠤ ᠳᠤ ᠵᠤᠬᠢᠰ ᠦᠬᠡᠢ ᠮᠡᠳᠡᠭᠡ ᠵᠠᠩᠬᠢ ᠶᠢ ᠬᠠᠤᠯᠢ ᠶᠤᠰᠤᠭᠠᠷ ᠦᠨᠡᠨ ᠭᠦ ᠢᠯᠡ | ᠪᠤᠯᠭᠠᠬᠤ ᠴᠢᠬᠤᠯᠠ ᠲᠠᠢ ᠪᠠᠶᠢᠪᠠᠯ᠂ ᠵᠤᠬᠢᠬᠤ ᠬᠡᠮᠵᠢᠶ᠎ᠡ ᠪᠠᠷ ᠰᠶᠢᠳᠪᠦᠷᠢᠯᠡᠭᠰᠡᠨ ᠤ ᠲᠠᠷᠠᠭ᠎ᠠ ᠢᠯᠡ ᠪᠤᠯᠭᠠᠨ᠎ᠠ᠃ | 1. ᠬᠠᠤᠯᠢ ᠬᠡᠷᠡᠭᠵᠢᠬᠦᠯᠬᠦ ᠠᠴᠠ ᠡᠮᠦᠨᠡᠬᠢ ᠶᠢ ᠢᠯᠡ ᠪᠤᠯᠭᠠᠬᠤ ᠪᠠᠨ ᠴᠢᠩᠭᠠᠷᠠᠭᠤᠯᠤᠨ᠎ᠠ᠃ | ︵1︶ ᠡᠯ᠎ᠡ ᠱᠠᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠨᠢ ︽ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠵᠦᠢᠯᠡᠰ ᠤᠨ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠤᠬᠢᠶᠠᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠭᠤᠤᠯ ᠴᠤᠨᠨᠴᠠ᠂ ᠠᠵᠢᠯᠳᠠᠨ᠂ ᠡᠭᠦᠷᠬᠡ ᠬᠠᠷᠢᠭᠤᠴᠠᠯᠭ᠎ᠠ᠂ ᠡᠷᠬᠡ ᠶᠢᠨ ᠬᠢᠵᠠᠭᠠᠷ᠂ | ᠦᠨᠳᠦᠰᠦᠯᠡᠯ᠂ ᠲᠡᠰ ᠲᠠᠷᠠᠭᠠᠯᠠᠯ᠂ ᠲᠡᠳᠬᠦᠬᠦ ᠠᠷᠭ᠎ᠠ ᠵᠠᠮ ᠵᠡᠷᠬᠡ ᠬᠠᠤᠯᠢ ᠬᠡᠷᠡᠭᠵᠢᠬᠦᠯᠬᠦ ᠠᠴᠠ ᠡᠮᠦᠨᠡᠬᠢ ᠢᠯᠡ | ᠪᠤᠯᠭᠠᠬᠤ ᠠᠭᠤᠯᠭ᠎ᠠ ᠪᠠᠨ ᠲᠤᠳᠤᠷᠬᠠᠶᠢᠯᠠᠵᠦ᠂ ᠲᠤᠰ ᠱᠠᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠪᠠᠷ ᠬᠢᠨᠠᠨ ᠬᠠᠷᠭᠤᠭᠤᠯᠤᠨᠨᠰᠠᠨ ᠤ ᠲᠠᠷᠠᠭ᠎ᠠ ᠨᠡᠶᠢᠳᠡ ᠳᠤ ᠵᠠᠷᠯᠠᠬᠤ ᠬᠡᠷᠡᠭᠳᠡᠢ᠃ | ︵2︶ ᠡᠯ᠎ᠡ ᠱᠠᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠨᠢ ︽ᠬᠤᠶᠠᠷ ᠢ | ᠲᠠᠰᠢᠷᠠᠮ ᠢᠶᠠᠷ ᠰᠤᠭᠤᠴᠢᠵᠦ᠂ ᠨᠢᠬᠡ ᠶᠢ ᠢᠯᠡ ᠪᠤᠯᠭᠠᠬᠤ︾ ᠬᠢᠨᠠᠯᠳᠠ ᠬᠠᠮᠢᠶᠠᠷᠤᠯᠳᠠ ᠶᠢᠨ ᠱᠠᠭᠠᠷᠳᠠᠯᠭ᠎ᠠ ᠶᠢ | ᠦᠨᠳᠦᠰᠦᠯᠡᠨ᠂ ᠲᠤᠰ ᠰᠠᠯᠠᠭ᠎ᠠ ᠮᠦᠴᠢᠷ ᠤᠨ ᠢᠶᠠᠨ ︽ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ | ᠨᠠᠷᠢᠨ ᠬᠠᠭᠤᠳᠠᠰᠤ︾ ᠶᠢ ᠨᠠᠶᠢᠷᠠᠭᠤᠯᠤᠨ ᠵᠤᠬᠢᠶᠠᠵᠦ᠂ ᠲᠤᠰ ᠱᠠᠳᠤᠨ ᠤ ᠵᠠᠬ᠎ᠠ ᠲᠡᠯᠬᠡᠭᠦᠷ ᠤᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠤᠨᠨᠰᠠᠨ ᠤ ᠲᠠᠷᠠᠭ᠎ᠠ ᠨᠡᠶᠢᠳᠡ ᠳᠤ ᠵᠠᠷᠯᠠᠬᠤ ᠬᠡᠷᠡᠭᠳᠡᠢ᠃ | ︵3︶ ᠡᠯ᠎ᠡ ᠱᠠᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠨᠢ ᠲᠤᠰ | ᠪᠠᠶᠢᠭᠤᠯᠭ᠎ᠠ ᠶᠢᠨ ᠢᠶᠠᠨ ᠡᠯ᠎ᠡ ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠴᠤᠪᠤᠷᠠᠯ ᠵᠢᠷᠤᠭ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠦᠢᠯᠡᠴᠢᠯᠡᠬᠡᠨ ᠤ ᠵᠦᠭᠯᠡᠬᠦᠷ ᠢ ᠨᠠᠶᠢᠷᠠᠭᠤᠯᠤᠨ ᠵᠤᠬᠢᠶᠠᠵᠦ᠂ ᠪᠤᠳᠠᠳᠠᠢ | ᠠᠵᠢᠯᠯᠠᠭᠠᠨ ᠤ ᠴᠤᠪᠤᠷᠠᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠵᠦᠢᠯᠡᠰ ᠤᠨ ᠨᠡᠷᠡᠶᠢᠳᠦᠯ᠂ | ᠦᠨᠳᠦᠰᠦᠯᠡᠯ᠂ ᠭᠦᠯᠢᠶᠡᠨ ᠠᠪᠴᠤ ᠰᠶᠢᠳᠪᠦᠷᠢᠯᠡᠬᠦ ᠪᠠᠶᠢᠭᠤᠯᠤᠮᠵᠢ᠂ ᠬᠢᠨᠠᠨ ᠵᠦᠪᠰᠢᠶᠡᠷᠡᠬᠦ ᠪᠠᠶᠢᠭᠤᠯᠤᠮᠵᠢ᠂ | ᠭᠦᠯᠢᠶᠡᠨ ᠠᠪᠴᠤ ᠰᠶᠢᠳᠪᠦᠷᠢᠯᠡᠬᠦ ᠨᠦᠭᠦᠴᠡᠯ᠂ ᠭᠦᠢᠴᠡᠳᠬᠡᠬᠦ ᠴᠠᠭ ᠤᠨ ᠬᠢᠵᠠᠭᠠᠷ ᠵᠡᠷᠬᠡ ᠠᠭᠤᠯᠭ᠎ᠠ ᠶᠢ | ᠲᠤᠳᠤᠷᠬᠠᠶᠢᠯᠠᠬᠤ ᠬᠡᠷᠡᠭᠳᠡᠢ᠃ | 2. ᠬᠠᠤᠯᠢ ᠬᠡᠷᠡᠭᠵᠢᠬᠦᠯᠬᠦ ᠶᠠᠪᠤᠴᠠ ᠳᠤ ᠬᠢ ᠶᠢ ᠢᠯᠡ ᠪᠤᠯᠭᠠᠬᠤ ᠪᠠᠨ ᠵᠢᠷᠤᠮᠵᠢᠭᠤᠯᠤᠨ᠎ᠠ᠃ | ︵1︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠨᠢ ᠬᠢᠨᠠᠯᠳᠠ ᠲᠠᠯᠪᠢᠵᠦ ᠪᠠᠶᠢᠴᠠᠭᠠᠯᠳᠠ ᠬᠢᠬᠦ᠂ | ᠪᠠᠶᠢᠴᠠᠭᠠᠵᠦ ᠬᠡᠷᠡᠴᠢ ᠴᠤᠨᠨᠯᠠᠭᠤᠯᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠ ᠠᠯᠪᠠᠳᠠᠨ ᠭᠦᠢᠴᠡᠳᠬᠡᠬᠦᠯᠬᠦ᠂ | ᠬᠠᠤᠯᠢ ᠬᠡᠷᠡᠭᠵᠢᠬᠦᠯᠬᠦ ᠪᠢᠴᠢᠭ ᠬᠠᠷ᠎ᠠ ᠶᠢ ᠭᠠᠷᠳᠠᠭᠤᠯᠤᠨ ᠭᠦᠷᠬᠡᠬᠦ ᠵᠡᠷᠬᠡ ᠬᠠᠤᠯᠢ ᠬᠡᠷᠡᠭᠵᠢᠬᠦᠯᠬᠦ ᠠᠵᠢᠯᠯᠠᠭ᠎ᠠ ᠶᠢ | ᠦᠷᠨᠢᠬᠦᠯᠬᠦ ᠳᠤ ᠪᠠᠨ᠂ ᠰᠠᠨᠠᠭᠠᠴᠢᠯᠠᠭ᠎ᠠ ᠠᠴᠠ ᠪᠠᠨ ᠦᠨᠡᠮᠯᠡᠯ ᠢᠶᠠᠨ ᠭᠠᠷᠭᠠᠵᠦ ᠪᠡᠶ᠎ᠡ ᠭᠠᠷᠤᠯ ᠢᠶᠠᠨ ᠲᠤᠳᠤᠷᠬᠠᠶᠢᠯᠠᠬᠤ | ᠬᠡᠷᠡᠭᠳᠡᠢ᠃ ᠬᠤᠯᠪᠤᠨᠨᠳᠠᠯ ᠪᠦᠭᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠤᠳ ᠨᠢ | ᠤᠯᠤᠰ ᠤᠨ ᠲᠤᠨᠨᠳᠠᠭᠠᠯ ᠢ ᠦᠨᠳᠦᠰᠦᠯᠡᠵᠦ ᠡᠮᠦᠰᠬᠡᠯ ᠵᠠᠰᠠᠯ ᠢᠶᠠᠨ ᠵᠢᠷᠤᠮᠵᠢᠭᠤᠯᠬᠤ ᠪᠠ ᠨᠢᠬᠡᠳᠦᠯᠳᠡᠢ ᠢᠯᠭᠠᠬᠤ | ᠲᠡᠮᠳᠡᠭ ᠵᠡᠬᠦᠬᠦ ᠬᠡᠷᠡᠭᠳᠡᠢ᠃ | ︵2︶ ᠡᠯ᠎ᠡ ᠱᠠᠳᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠠᠵᠢᠯ ᠶᠠᠪᠤᠳᠠᠯ | ᠭᠦᠢᠴᠡᠳᠬᠡᠬᠦ ᠲᠠᠩᠬᠢᠮ᠂ ᠦᠢᠯᠡᠴᠢᠯᠡᠬᠡᠨ ᠤ ᠴᠤᠩᠬᠤᠪᠴᠢ ᠵᠡᠷᠬᠡ ᠠᠵᠢᠯ ᠶᠠᠪᠤᠳᠠᠯ ᠭᠦᠢᠴᠡᠳᠬᠡᠬᠦ ᠲᠠᠯᠠᠪᠤᠷ | ᠭᠠᠵᠠᠷ ᠤᠳ ᠲᠤ ᠠᠵᠢᠯ ᠤᠨ ᠪᠠᠶᠢᠷᠢ ᠶᠢᠨ ᠲᠤᠬᠠᠢ ᠮᠡᠳᠡᠭᠡ ᠵᠠᠩᠬᠢ ᠶᠢ ᠨᠡᠶᠢᠳᠡ ᠳᠤ ᠵᠠᠷᠯᠠᠬᠤ ᠫᠠᠶᠢᠰᠠ | ᠲᠤᠬᠢᠷᠭᠠᠤᠯᠵᠦ᠂ ᠠᠵᠢᠯᠳᠠᠳ ᠤᠨ ᠠᠵᠢᠯ ᠤᠨ ᠪᠠᠶᠢᠷᠢ ᠶᠢᠨ ᠡᠭᠦᠷᠬᠡ ᠬᠠᠷᠢᠭᠤᠴᠠᠯᠭ᠎ᠠ᠂ ᠭᠤᠶᠤᠴᠢᠯᠠᠬᠤ ᠮᠠᠲ᠋ᠧᠷᠢᠶᠠᠯ ᠢ | ᠵᠢᠱᠢᠶ᠎ᠡ ᠪᠠᠷ ᠦᠵᠡᠬᠦᠯᠬᠦ ᠪᠢᠴᠢᠭ ᠬᠠᠷ᠎ᠠ᠂ ᠭᠦᠢᠴᠡᠳᠬᠡᠵᠦ ᠪᠠᠶᠢᠭ᠎ᠠ ᠶᠠᠪᠤᠴᠠ ᠶᠢ ᠨᠢ ᠪᠠᠶᠢᠴᠠᠭᠠᠨ ᠯᠠᠪᠯᠠᠬᠤ ᠪᠠ | ᠠᠰᠠᠭᠤᠨ ᠯᠠᠪᠯᠠᠬᠤ ᠦᠢᠯᠡᠴᠢᠯᠡᠭᠡ᠂ ᠵᠠᠭᠠᠯᠳᠤᠬᠤ ᠵᠢᠴᠢ ᠢᠯᠡᠴᠢᠯᠡᠨ ᠮᠡᠳᠡᠬᠦᠯᠬᠦ ᠵᠡᠷᠬᠡ ᠮᠡᠳᠡᠭᠡ ᠵᠠᠩᠬᠢ ᠨᠤᠭᠤᠳ ᠢ | ᠢᠯᠡ ᠵᠢᠭᠠᠪᠤᠷᠢᠯᠠᠬᠤ ᠬᠡᠷᠡᠭᠳᠡᠢ᠃ | 3. ᠬᠠᠤᠯᠢ ᠬᠡᠷᠡᠭᠵᠢᠬᠦᠯᠦᠭᠰᠡᠨ ᠤ ᠲᠠᠷᠠᠭᠠᠬᠢ ᠶᠢ ᠢᠯᠡ ᠪᠤᠯᠭᠠᠬᠤ ᠪᠠᠨ ᠴᠢᠩᠭᠠᠳᠬᠠᠨ᠎ᠠ᠃ | ︵1︶ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠬᠡᠷᠡᠭᠵᠢᠭᠦᠯᠬᠦ | ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠬᠠᠤᠯᠢ ᠬᠡᠷᠡᠭᠵᠢᠭᠦᠯᠬᠦ | ᠪᠠᠶᠢᠭᠤᠯᠭ᠎ᠠ᠂ ᠬᠠᠤᠯᠢ ᠬᠡᠷᠡᠭᠵᠢᠭᠦᠯᠬᠦ ᠡᠳᠡᠬᠡᠳ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ | ᠬᠡᠷᠡᠭᠵᠢᠬᠦᠯᠦᠭᠰᠡᠨ ᠳ᠋ᠦᠩᠨᠡᠯᠲᠡ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠵᠠᠰᠠᠭ ᠵᠠᠬᠢᠷᠭᠠᠨ ᠤ | ᠵᠥᠪᠰᠢᠶᠡᠷᠡᠯ᠂ ᠵᠠᠰᠠᠭ ᠵᠠᠬᠢᠷᠭᠠᠨ ᠤ ᠰᠶᠢᠳᠬᠡᠯ ᠲᠤᠷᠭᠠᠭᠤᠯᠢ ᠪᠠᠷ ᠲᠠᠮᠵᠢᠵᠦ ᠬᠠᠤᠯᠢ ᠬᠡᠷᠡᠭᠵᠢᠭᠦᠯᠬᠦ ᠲᠤᠨᠨᠳᠠᠭᠠᠯ ᠤᠨ | ᠮᠡᠳᠡᠭᠡ ᠵᠠᠩᠭᠢ ᠶᠢ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ | ᠳᠣᠲᠣᠷ᠎ᠠ ᠢᠯᠠ ᠪᠣᠯᠭᠠᠬᠤ ᠬᠡᠷᠡᠭᠲᠡᠶ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠥᠬᠡᠶ᠃ | ︵2︶ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠬᠡᠷᠡᠭᠵᠢᠭᠦᠯᠬᠦ | ᠲᠤᠨᠨᠳᠠᠭᠠᠯ ᠤᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ᠂ ᠬᠦᠴᠦᠨ ᠥᠬᠡᠶ ᠪᠣᠯᠭᠠᠬᠤ ᠪᠠ ᠰᠢᠨᠡᠳᠬᠡᠬᠦ | ᠲᠣᠭᠲᠠᠴᠠ ᠶᠢ ᠪᠠᠢᠭᠤᠯᠤᠨ ᠪᠦᠷᠢᠨᠰᠢᠬᠦᠯᠬᠦ ᠬᠡᠷᠡᠭᠲᠡᠶ᠃ | ︵3︶ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠵᠢᠯ ᠪᠦᠷᠢ ᠶᠢᠨ 1 ᠳ᠋ᠤᠬᠡᠷ ᠰᠠᠷ᠎ᠠ ᠶᠢᠨ 31 ᠤ ᠡᠳᠦᠷ ᠠᠴᠠ ᠡᠮᠦᠨ᠎ᠡ ᠲᠤᠰ ᠪᠠᠶᠢᠭᠤᠯᠭ᠎ᠠ ᠶᠢᠨ ᠲᠦᠷᠦᠭᠦᠤ ᠵᠢᠯ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠶᠡᠷᠦᠩᠬᠡᠢ ᠪᠠᠶᠢᠳᠠᠯ ᠪᠠ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ | ᠪᠦᠷᠢᠳᠬᠡᠬᠦ ᠶᠢᠨ ᠬᠠᠮᠳᠤ ᠢᠯᠠ ᠪᠣᠯᠭᠠᠬᠤ ᠬᠡᠷᠡᠭᠲᠡᠶ᠃ | ︵ᠬᠤᠶᠠᠷ︶ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠰᠢᠩᠬᠡᠬᠡᠨ ᠲᠡᠮᠳᠡᠭᠯᠡᠬᠦ ᠳᠦᠷᠢᠮ᠃ ᠡᠯ᠎ᠡ ᠱᠠᠲᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠲᠠᠪᠴᠠᠩ ᠢ ᠭᠦᠢᠴᠡᠳ ᠠᠰᠢᠨᠨᠯᠠᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠤᠷᠤᠮ ᠦᠯᠡᠳᠡᠭᠡᠬᠦ ᠪᠠ ᠪᠤᠴᠠᠭᠠᠨ ᠨᠡᠬᠡᠮᠵᠢᠯᠡᠵᠦ ᠪᠣᠯᠬᠤ | ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ | 1. ᠦᠰᠦᠭ ᠪᠢᠴᠢᠭ ᠢᠶᠠᠷ ᠲᠡᠮᠳᠡᠭᠯᠡᠬᠦ ᠪᠠᠨ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠤᠨ ᠵᠢᠱᠢᠶ᠎ᠡ ᠪᠢᠴᠢᠭ︾ ᠪᠣᠯᠤᠨ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠨᠢᠭᠡᠳᠦᠯᠲᠡᠢ ᠬᠡᠷᠡᠭᠯᠡᠵᠦ ᠪᠠᠶᠢᠭ᠎ᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠲᠤᠨᠨᠳ᠋ᠬᠠᠰᠠᠨ ᠬᠡᠯᠪᠡᠷᠢᠳᠦ ᠪᠢᠴᠢᠭᠯᠡᠭᠰᠡᠨ | ᠮᠠᠲ᠋ᠧᠷᠢᠶᠠᠯ ᠢᠶᠠᠷ ᠯᠠᠪᠯᠠᠯᠲᠠ ᠪᠣᠯᠭᠠᠨ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠤᠬᠢᠶᠠᠮᠵᠢᠯᠠᠬᠤ ᠪᠠᠨ ᠵᠢᠷᠤᠮᠵᠢᠭᠤᠯᠬᠤ | ᠬᠡᠷᠡᠭᠳᠡᠢ᠃ | 2. ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠪᠠᠨ ᠵᠢᠷᠤᠮᠵᠢᠭᠤᠯᠤᠨ᠎ᠠ᠃ | ︵1︶ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠲᠠᠪᠴᠠᠩ ᠯᠤᠭ᠎ᠠ ᠵᠤᠯᠭᠠᠭᠤᠯᠬᠤ | ᠠᠵᠢᠯ ᠢ ᠰᠠᠶᠢᠲᠤᠷ ᠬᠢᠵᠦ᠂ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠦᠭᠦᠬᠡᠷᠦᠮᠵᠢ ᠶᠢ | ᠭᠦᠢᠴᠡᠳ ᠠᠰᠢᠨᠨᠯᠠᠨ᠂ ᠲᠤᠬᠠᠢ ᠶᠢᠨ ᠲᠠᠯᠠᠪᠠᠢ ᠳᠤ ᠬᠠᠤᠯᠢ ᠬᠡᠷᠡᠭᠵᠢᠭᠦᠯᠦᠭᠰᠡᠨ ᠠᠵᠢᠯᠯᠠᠭ᠎ᠠ ᠪᠠ ᠬᠡᠷᠡᠭ | ᠰᠶᠢᠳᠪᠦᠷᠢᠯᠡᠭᠰᠡᠨ ᠲᠠᠯᠠᠪᠤᠷ ᠭᠠᠵᠠᠷ ᠲᠠᠬᠢ ᠶᠢ ᠪᠦᠬᠦ ᠶᠠᠪᠤᠴᠠ ᠳᠤ ᠨᠢ ᠰᠢᠩᠬᠡᠬᠡᠨ ᠲᠡᠮᠳᠡᠭᠯᠡᠵᠦ᠂ ᠲᠠᠭᠤ | ᠲᠦᠷᠰᠦ ᠲᠠᠢ ᠪᠠᠷ ᠪᠦᠭᠦ ᠶᠠᠪᠤᠴᠠ ᠳᠤ ᠨᠢ ᠰᠢᠩᠬᠡᠬᠡᠨ ᠲᠡᠮᠳᠡᠭᠯᠡᠬᠦ ᠶᠢ ᠪᠦᠭᠦ ᠲᠠᠯ᠎ᠠ ᠪᠠᠷ ᠬᠡᠷᠡᠭᠵᠢᠬᠦᠯᠦᠨ᠎ᠠ᠃ | ︵2︶ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠳᠠᠭᠤ ᠳᠦᠷᠰᠦ | ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠦᠭᠦᠬᠡᠷᠦᠮᠵᠢ ᠶᠢ ᠲᠤᠬᠢᠷᠠᠭᠤᠯᠬᠤ ᠠᠷᠭ᠎ᠠ ᠶᠢ ᠱᠠᠯᠠᠪᠳᠠᠨ ᠲᠣᠭᠲᠠᠭᠠᠵᠤ᠂ | ᠲᠥᠬᠦᠭᠡᠷᠦᠮᠵᠢ ᠶᠢᠨ ᠪᠠᠷᠢᠮᠵᠢᠶ᠎ᠠ᠂ ᠲᠣᠬᠢᠷᠠᠭᠤᠯᠬᠤ ᠪᠠᠷᠢᠮᠵᠢᠶ᠎ᠠ᠂ ᠲᠣᠬᠢᠷᠠᠭᠤᠯᠬᠤ ᠬᠠᠷᠢᠴᠠᠯ ᠵᠡᠷᠭᠡ ᠶᠢ | ᠲᠤᠳᠤᠷᠬᠠᠶᠢᠯᠠᠬᠤ ᠬᠡᠷᠡᠭᠳᠡᠢ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ | ᠠᠵᠢᠯ ᠤᠨ ᠬᠡᠷᠡᠭᠴᠡᠭᠡ ᠱᠠᠭᠠᠷᠳᠠᠯᠭ᠎ᠠ᠂ ᠲᠤᠬᠢᠷᠬᠠᠰᠠᠨ ᠬᠡᠮᠵᠢᠶᠡᠨ ᠤ ᠪᠠ ᠬᠡᠷᠡᠭᠯᠡᠵᠦ ᠭᠦᠢᠴᠡᠪᠡᠯ ᠪᠤᠯᠴᠢᠬᠠᠬᠤ ᠵᠠᠷᠴᠢᠮ | ᠶᠣᠰᠣᠭᠠᠷ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠦᠭᠦᠬᠡᠷᠦᠮᠵᠢ ᠶᠢ ᠲᠣᠬᠢᠷᠠᠭᠤᠯᠵᠤ᠂ ᠨᠢᠭᠡᠨᠲᠡ | ᠪᠠᠶᠢᠭ᠎ᠠ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠦᠭᠦᠬᠡᠷᠦᠮᠵᠢ ᠶᠢ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠲᠠᠪᠴᠠᠩ ᠯᠤᠭ᠎ᠠ ᠵᠤᠯᠭᠠᠭᠤᠯᠬᠤ | ᠬᠡᠷᠡᠭᠳᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠳᠣᠣᠷᠠᠳᠤ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠢᠯᠣᠭᠤᠳᠤᠨ ᠳᠠᠭᠤ ᠳᠦᠷᠰᠦ | ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠠᠵᠢᠯ ᠢ ᠦᠷᠨᠢᠬᠦᠯᠬᠦ ᠬᠡᠷᠡᠭᠳᠡᠢ᠃ | ︵ᠭᠤᠷᠪᠠ︶ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ | ᠬᠠᠷᠭᠤᠭᠤᠯᠬᠤ ᠳᠦᠷᠢᠮ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠴᠢᠬᠤᠯᠠ | ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠬᠠᠤᠯᠢ ᠳᠦᠷᠢᠮ ᠢᠶᠠᠷ ᠬᠢᠨᠠᠨ | ᠬᠠᠷᠭᠤᠭᠤᠯᠬᠤ ᠶᠢ ᠴᠢᠩᠳᠠ ᠬᠡᠷᠡᠭᠵᠢᠬᠦᠯᠵᠦ᠂ ᠬᠠᠤᠯᠢ ᠳᠦᠷᠢᠮ ᠢᠶᠠᠷ ᠬᠢᠨᠠᠨ ᠬᠠᠷᠭᠤᠭᠤᠯᠤᠨᠨᠰᠠᠨ ᠦᠬᠡᠢ ᠪᠤᠶᠤ ᠬᠢᠨᠠᠨ | ᠬᠠᠷᠭᠤᠭᠤᠯᠤᠯᠲᠠ ᠪᠠᠷ ᠪᠠᠲᠤᠯᠠᠭᠳᠠᠭᠰᠠᠨ ᠥᠬᠡᠶ ᠪᠣᠯ ᠲᠣᠭᠲᠠᠭᠠᠯ ᠭᠠᠷᠭᠠᠵᠤ ᠪᠣᠯᠬᠤ ᠥᠬᠡᠶ᠃ | 1. ᠬᠢᠨᠠᠨ ᠬᠠᠷᠭᠤᠭᠤᠯᠬᠤ ᠪᠠᠶᠢᠭᠤᠯᠤᠮᠵᠢ ᠶᠢ ᠲᠤᠳᠤᠷᠬᠠᠶᠢᠯᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠤᠰ ᠨᠢᠬᠡᠴᠢ ᠶᠢᠨ ᠢᠶᠠᠨ ᠬᠠᠤᠯᠢ ᠬᠡᠷᠡᠭᠵᠢᠭᠦᠯᠬᠦ ᠴᠢᠬᠤᠯᠠ ᠶᠡᠭᠡ | ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠠᠵᠢᠯ ᠢ ᠪᠣᠳᠠᠲᠠᠶ ᠬᠠᠷᠢᠭᠤᠴᠠᠬᠤ ᠠᠵᠢᠯ ᠤᠨ | ᠪᠠᠶᠢᠭᠤᠯᠤᠮᠵᠢ ᠶᠢ ᠲᠣᠳᠣᠷᠬᠠᠶᠢᠯᠠᠵᠤ᠂ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠠᠵᠢᠯ ᠳᠤ ᠡᠭᠦᠷᠭᠡᠯᠡᠬᠦ | ᠪᠠᠢᠭᠤᠯᠤᠮᠵᠢ ᠲᠠᠢ᠂ ᠬᠠᠷᠢᠭᠤᠴᠠᠬᠤ ᠲᠤᠰᠬᠠᠶ ᠠᠵᠢᠯᠳᠠᠨ ᠲᠠᠢ ᠪᠠᠶᠢᠬᠤ ᠶᠢ ᠦᠨᠡᠨ ᠬᠦ ᠪᠠᠳᠤᠯᠠᠨ᠎ᠠ᠃ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠪᠠᠶᠢᠭᠤᠯᠤᠨ | ᠪᠦᠷᠢᠨᠰᠢᠬᠦᠯᠵᠦ᠂ ᠬᠠᠤᠯᠢ ᠴᠠᠭᠠᠵᠠ ᠶᠢᠨ ᠲᠠᠯ᠎ᠠ ᠪᠠᠷ ᠬᠢ ᠭᠦᠨᠳᠦ ᠴᠢᠬᠤᠯᠠ ᠲᠦᠪᠡᠭ ᠪᠤᠳᠤᠯᠢᠶᠠᠨᠲᠠᠢ ᠬᠡᠷᠡᠭ | ᠶᠠᠪᠤᠳᠠᠯ ᠳᠤ ᠪᠤᠯ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢ ᠵᠤᠬᠢᠶᠠᠨ ᠪᠠᠶᠢᠭᠤᠯᠵᠦ | ᠪᠠᠶᠢᠭᠠᠳ ᠬᠠᠮᠵᠢᠭᠤᠯᠤᠨ ᠲᠤᠰᠠᠯᠠᠭᠤᠯᠵᠦ᠂ ᠰᠠᠨᠠᠯ ᠰᠠᠨᠠᠭᠤᠯᠭ᠎ᠠ ᠲᠤᠷᠠᠳᠤᠭᠤᠯᠤᠨᠠ᠃ | 2. ᠬᠢᠨᠠᠨ ᠬᠠᠷᠭᠤᠭᠤᠯᠬᠤ ᠬᠡᠪᠴᠢᠶ᠎ᠡ ᠶᠢ ᠲᠣᠭᠲᠠᠭᠠᠨ᠎ᠠ᠃ | ︵1︶ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠤᠨᠨᠳ᠋ᠬᠠᠰᠠᠨ ᠪᠦᠬᠡᠳ ᠨᠡᠶᠢᠬᠡᠮ ᠳᠤ | ᠴᠢᠬᠤᠯᠠ ᠶᠡᠭᠡ ᠨᠥᠯᠥᠭᠡ ᠭᠠᠷᠭᠠᠵᠤ ᠮᠡᠳᠡᠬᠦ ᠪᠤᠶᠤ ᠨᠡᠶᠢᠬᠡᠮ ᠳᠤ ᠲᠦᠭᠰᠢᠭᠦᠷᠢ ᠡᠭᠦᠰᠭᠡᠵᠦ ᠮᠡᠳᠡᠬᠦ᠂ ᠵᠠᠰᠠᠭ | ᠵᠠᠬᠢᠷᠭᠠᠨ ᠤ ᠬᠠᠷᠢᠴᠠᠩᠭᠤᠶ ᠬᠥᠮᠥᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ ᠠᠰᠢᠭ ᠲᠠᠢ ᠰᠢᠭᠤᠳ | ᠬᠠᠷᠢᠴᠠᠭ᠎ᠠ ᠭᠠᠷᠴᠤ᠂ ᠭᠡᠷᠡᠴᠢᠯᠡᠭᠡ ᠰᠣᠨᠣᠰᠬᠤ ᠲᠡᠰ ᠲᠠᠷᠠᠭᠠᠯᠠᠯ ᠢᠶᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠭᠲᠠᠭᠠᠯ ᠭᠠᠷᠭᠠᠭᠰᠠᠨ ᠵᠢᠴᠢ ᠬᠡᠷᠡᠭ ᠤᠨ ᠪᠠᠶᠢᠳᠠᠯ ᠨᠢ ᠲᠦᠪᠡᠭ ᠪᠤᠳᠤᠯᠢᠶᠠᠨᠲᠠᠢ᠂ ᠬᠠᠤᠯᠢ ᠴᠠᠭᠠᠵᠠ ᠶᠢᠨ ᠤᠯᠠᠨ | ᠬᠠᠷᠢᠴᠠᠭ᠎ᠠ ᠳᠤ ᠬᠤᠯᠪᠣᠭᠳᠠᠭᠰᠠᠨ ᠪᠦᠬᠦᠨ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠬᠡᠷᠡᠭᠳᠡᠢ᠃ | ︵2︶ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠢᠨᠠᠨ ᠬᠠᠷᠭᠤᠭᠤᠯᠬᠤ ᠬᠡᠪᠴᠢᠶ᠎ᠡ ᠪᠠᠨ ᠲᠣᠳᠣᠷᠬᠠᠶ ᠵᠠᠭᠠᠭᠯᠠᠨ | ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ᠂ ᠵᠠᠰᠠᠭ | ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠳᠠᠪᠤᠷᠢ ᠵᠡᠷᠭᠡ ᠬᠠᠤᠯᠢ ᠬᠡᠷᠡᠭᠵᠢᠭᠦᠯᠬᠦ ᠳᠥᠷᠪᠡᠨ ᠲᠥᠷᠥᠯ ᠤᠨ | ᠠᠵᠢᠯᠯᠠᠭ᠎ᠠ ᠶᠢᠨ ︽ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ | ᠬᠠᠷᠭᠤᠭᠤᠯᠬᠤ ᠭᠠᠷᠴᠠᠭ ᠤᠨ ᠨᠠᠷᠢᠨ ᠬᠠᠭᠤᠳᠠᠰᠤ︾ ᠶᠢ ᠨᠠᠢᠷᠠᠭᠤᠯᠤᠨ ᠵᠤᠬᠢᠶᠠᠨ᠎ᠠ᠃ ᠲᠡᠬᠡᠳᠦ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠤᠤᠷᠠᠳᠤ ᠱᠠᠲᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ | ᠬᠠᠷᠭᠤᠭᠤᠯᠬᠤ ᠭᠠᠷᠴᠠᠭ ᠤᠨ ᠨᠠᠷᠢᠨ ᠬᠠᠭᠤᠳᠠᠰᠤ ᠶᠢ ᠨᠠᠢᠷᠠᠭᠤᠯᠤᠨ ᠵᠣᠬᠢᠶᠠᠬᠤ ᠠᠵᠢᠯ ᠢ ᠵᠢᠯᠤᠭᠤᠳᠬᠤ ᠪᠠᠨ | ᠴᠢᠩᠭᠠᠳᠬᠠᠵᠤ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠵᠦᠢᠯᠡᠰ ᠤᠨ ᠪᠠᠷᠢᠮᠵᠢᠶ᠎ᠠ ᠶᠢ | ᠲᠤᠳᠤᠷᠬᠠᠶᠢᠯᠠᠬᠤ ᠬᠡᠷᠡᠭᠳᠡᠢ᠃ | 3. ᠬᠢᠨᠠᠨ ᠬᠠᠷᠭᠤᠭᠤᠯᠬᠤ ᠠᠭᠤᠯᠭ᠎ᠠ ᠶᠢ ᠲᠤᠳᠤᠷᠬᠠᠶᠢᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠤᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ | ᠬᠠᠤᠯᠢ ᠬᠡᠷᠡᠭᠵᠢᠭᠦᠯᠬᠦ ᠬᠢᠷᠢ ᠬᠡᠮ ᠢ ᠪᠦᠷᠢᠳᠦᠭᠦᠯᠦᠭᠰᠡᠨ ᠡᠰᠡᠬᠦ ᠶᠢ ᠴᠢᠩᠳᠠ ᠬᠢᠨᠠᠨ ᠬᠠᠷᠭᠤᠭᠤᠯᠤᠨ᠎ᠠ︔ ᠵᠠᠰᠠᠭ | ᠵᠠᠬᠢᠷᠭᠠᠨ ᠤ ᠲᠡᠰ ᠲᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠢ | ᠡᠰᠡᠬᠦ᠂ ᠭᠡᠷᠡᠴᠢ ᠪᠠᠷᠢᠮᠲᠠ ᠨᠢ ᠬᠠᠤᠯᠢ ᠳᠤ ᠨᠡᠶᠢᠴᠡᠵᠦ ᠪᠦᠷᠢᠨ ᠭᠦᠢᠴᠡᠳ ᠪᠠᠶᠢᠬᠤ ᠡᠰᠡᠬᠦ︔ ᠲᠤᠬᠢᠷᠠᠭᠤᠯᠤᠨ | ᠬᠡᠷᠡᠭᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠨᠢ ᠣᠨᠣᠪᠴᠢᠲᠠᠶ ᠡᠰᠡᠬᠦ᠂ | ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠭᠦᠢᠴᠡᠳᠬᠡᠭᠰᠡᠨ ᠨᠢ ᠵᠣᠬᠢᠰᠲᠠᠶ ᠡᠰᠡᠬᠦ︔ ᠬᠠᠤᠯᠢ | ᠬᠡᠷᠡᠭᠵᠢᠬᠦᠯᠬᠦ ᠳᠤ ᠪᠠᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠶᠢᠨ | ᠬᠡᠪᠴᠢᠶ᠎ᠡ ᠠᠴᠠ ᠲᠠᠪᠠᠵᠦ ᠬᠠᠤᠯᠢ ᠬᠡᠷᠡᠭᠵᠢᠭᠦᠯᠦᠭᠰᠡᠨ ᠪᠤᠶᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ | ᠪᠠᠶᠢᠳᠠᠯ ᠤᠷᠤᠰᠢᠵᠦ ᠪᠠᠶᠢᠬᠤ ᠡᠰᠡᠬᠦ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠪᠦᠷᠢᠨ | ᠲᠡᠭᠦᠯᠳᠡᠷ᠂ ᠵᠢᠷᠤᠮᠵᠢᠯ ᠲᠠᠢ ᠪᠠᠶᠢᠬᠤ ᠡᠰᠡᠬᠦ︔ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ | ᠰᠡᠵᠢᠭᠯᠡᠯᠲᠡᠢ ᠡᠰᠡᠬᠦ ᠪᠠ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠴᠢᠬᠤᠯᠠᠲᠠᠢ ᠡᠰᠡᠬᠦ ᠵᠡᠷᠭᠡ | ᠠᠭᠤᠯᠭ᠎ᠠ ᠪᠠᠭᠳᠠᠨ᠎ᠠ᠃ | 4. ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠪᠣᠯ ᠲᠤᠰ ᠪᠠᠶᠢᠭᠤᠯᠭ᠎ᠠ ᠶᠢᠨ ᠬᠠᠤᠯᠢ | ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠳᠦᠷᠢᠮ ᠢ | ᠨᠠᠶᠢᠳᠠᠪᠤᠷᠢᠵᠢᠭᠤᠯᠬᠤ ᠨᠢᠭᠡᠳᠦᠭᠡᠷ ᠬᠠᠷᠢᠭᠤᠴᠠᠯᠭᠠᠲᠠᠨ᠂ ᠲᠤᠰ ᠪᠠᠶᠢᠭᠤᠯᠭ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠷᠢᠭᠤᠴᠠᠨ᠎ᠠ᠃ | ︵1︶ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠳᠦᠷᠢᠮ ᠢᠶᠠᠷ | ᠬᠢᠨᠠᠨ ᠬᠠᠷᠭᠤᠭᠤᠯᠬᠤ ᠴᠤᠪᠤᠷᠠᠯ ᠵᠢᠷᠤᠭ ᠢ ᠲᠣᠭᠲᠠᠭᠠᠵᠤ᠂ ᠬᠢᠨᠠᠭᠤᠯᠬᠤ ᠮᠠᠲ᠋ᠧᠷᠢᠶᠠᠯ ᠤᠨ ᠲᠤᠬᠠᠢ ᠮᠡᠳᠡᠭᠦᠯᠦᠨ | ᠬᠦᠷᠭᠡᠬᠦ ᠱᠠᠭᠠᠷᠳᠠᠯᠭ᠎ᠠ ᠪᠣᠯᠤᠨ ᠬᠢᠨᠠᠨ ᠬᠠᠷᠭᠤᠭᠤᠯᠬᠤ ᠠᠷᠭ᠎ᠠ ᠬᠡᠮᠵᠢᠶ᠎ᠡ᠂ ᠴᠠᠭ ᠬᠤᠭᠤᠴᠠᠭ᠎ᠠ᠂ ᠬᠠᠷᠢᠭᠤᠴᠠᠯᠭ᠎ᠠ ᠶᠢ | ᠲᠣᠳᠣᠷᠬᠠᠶᠢᠯᠠᠨ᠂ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠪᠠᠢᠭᠤᠯᠤᠮᠵᠢ ᠬᠢᠭᠡᠳ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢ ᠲᠠᠭᠠᠭᠠᠴᠢᠯᠠᠨ ᠭᠦᠢᠴᠡᠳᠬᠡᠬᠦ ᠪᠠᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠰᠠᠨᠠᠯ ᠤᠳ ᠨᠢ | ᠨᠢᠬᠡᠳᠦᠯ ᠦᠬᠡᠢ ᠪᠤᠯᠬᠤ ᠦᠶᠡᠰ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠦ ᠪᠦᠷᠢᠨᠰᠢᠬᠦᠯᠦᠨ᠎ᠠ᠃ | ︵2︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠲᠠᠭᠠᠭᠠᠴᠢᠯᠠᠨ ᠭᠦᠢᠴᠡᠳᠬᠡᠬᠦ ᠪᠠᠶᠢᠭᠤᠯᠤᠮᠵᠢ ᠨᠢ | ᠬᠢᠨᠠᠭᠤᠯᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠵᠢᠴᠢ | ᠬᠠᠤᠯᠢ ᠬᠡᠷᠡᠭᠵᠢᠬᠦᠯᠦᠯᠳᠡ ᠶᠢᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠂ ᠬᠠᠤᠯᠢ ᠴᠠᠭᠠᠵᠠ ᠶᠢ ᠲᠤᠬᠢᠷᠠᠭᠤᠯᠤᠨ | ᠬᠡᠷᠡᠭᠯᠡᠬᠦ᠂ ᠲᠡᠰ ᠲᠠᠷᠠᠭᠠᠯᠠᠯ ᠤᠨ ᠬᠠᠤᠯᠢ ᠶᠣᠰᠣᠴᠢ ᠴᠢᠨᠠᠷ ᠲᠤ ᠬᠠᠷᠢᠭᠤᠴᠠᠨ᠎ᠠ᠃ ᠬᠠᠤᠯᠢ ᠳᠦᠷᠢᠮ ᠢᠶᠠᠷ ᠬᠢᠨᠠᠨ | ᠬᠠᠷᠭᠤᠭᠤᠯᠬᠤ ᠪᠠᠢᠭᠤᠯᠤᠮᠵᠢ ᠨᠢ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ | ᠬᠠᠷᠭᠤᠭᠤᠯᠤᠭᠰᠠᠨ ᠰᠠᠨᠠᠯ ᠳᠤ ᠬᠠᠷᠢᠭᠤᠴᠠᠨ᠎ᠠ᠃ ᠲᠠᠭᠠᠭᠠᠴᠢᠯᠠᠨ ᠭᠦᠢᠴᠡᠳᠬᠡᠭᠴᠢ᠂ ᠬᠠᠤᠯᠢ ᠳᠦᠷᠢᠮ ᠢᠶᠠᠷ ᠬᠢᠨᠠᠨ | ᠬᠠᠷᠭᠤᠭᠤᠯᠤᠭᠴᠢ ᠪᠠ ᠬᠢᠨᠠᠨ ᠵᠥᠪᠰᠢᠶᠡᠷᠡᠬᠦ ᠬᠠᠷᠢᠭᠤᠴᠠᠯᠭᠠᠳᠠᠳ ᠲᠤᠰᠢᠶᠠᠯ ᠤᠨ ᠡᠷᠬᠡ ᠪᠠᠨ ᠲᠤᠷ᠎ᠠ ᠪᠠᠷ ᠬᠡᠷᠡᠭᠯᠡᠵᠦ᠂ | ᠡᠭᠦᠷᠬᠡ ᠲᠤᠰᠢᠶᠠᠯ ᠳᠤ ᠪᠠᠨ ᠠᠯᠮᠠᠶᠢᠷᠠᠨ ᠤᠰᠤᠯᠳᠠᠵᠦ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ | ᠵᠦᠷᠢᠴᠡᠬᠡᠳ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠳᠤ ᠠᠯᠳᠠᠰᠢ ᠪᠤᠷᠤᠭᠤ ᠭᠠᠷᠭᠠᠨᠨᠰᠠᠨ ᠪᠠᠶᠢᠪᠠᠯ᠂ | ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠮᠢᠶ᠎ᠠ ᠪᠦᠬᠦᠢ ᠠᠵᠢᠯᠳᠠᠳ ᠠᠴᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠳᠡᠢ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠲᠣᠬᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ | 1. ᠲᠥᠰᠦᠯ ᠲᠤᠨᠨᠳᠠᠭᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠤᠳ ᠲᠤᠰ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠲᠤᠰ | ᠰᠠᠯᠠᠭ᠎ᠠ ᠮᠥᠴᠢᠷ ᠤᠨ ᠪᠣᠳᠠᠲᠠᠶ ᠠᠵᠢᠯ ᠤᠨ ᠲᠥᠰᠦᠯ ᠢᠶᠠᠨ ᠰᠤᠳᠤᠯᠤᠨ ᠲᠣᠭᠲᠠᠭᠠᠵᠤ᠂ 2019 ᠣᠨ ᠤ 5 | ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | 2. ︽ᠭᠤᠷᠪᠠᠨ ᠵᠦᠢᠯ ᠤᠨ ᠳᠦᠷᠢᠮ︾ ᠤᠨ ᠪᠣᠯᠪᠠᠰᠤᠷᠠᠭᠤᠯᠤᠯ ᠢ ᠱᠠᠲᠤ ᠬᠤᠪᠢᠶᠠᠨ ᠵᠣᠬᠢᠶᠠᠨ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠳᠤ | ᠪᠣᠯᠪᠠᠰᠤᠷᠠᠭᠤᠯᠤᠯ ᠬᠢᠬᠦ ᠶᠢ ᠵᠤᠬᠢᠶᠠᠨ ᠪᠠᠶᠢᠭᠤᠯᠵᠦ᠂ ᠡᠯ᠎ᠡ ᠠᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠠᠤᠯᠢ ᠴᠠᠭᠠᠵᠠ ᠶᠢᠨ ᠲᠣᠪᠴᠢᠶ᠎ᠠ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠬᠠᠤᠯᠢ | ᠬᠡᠷᠡᠭᠵᠢᠭᠦᠯᠬᠦ ᠠᠵᠢᠯᠲᠠᠨ ᠳᠤ ᠪᠣᠯᠪᠠᠰᠤᠷᠠᠭᠤᠯᠤᠯ ᠬᠢᠬᠦ ᠶᠢ ᠵᠣᠬᠢᠶᠠᠨ ᠪᠠᠢᠭᠤᠯᠤᠨ᠎ᠠ᠃ | ︵ᠬᠤᠶᠠᠷ︶ ᠲᠦᠷᠢᠮ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠱᠠᠲᠤ ᠦᠶ᠎ᠡ | 1. ᠥᠪᠡᠷᠲᠡᠭᠡᠨ ᠵᠠᠰᠠᠬᠤ ᠣᠷᠣᠨ ᠤ ᠲᠤᠰ ᠱᠠᠳᠤᠨ ᠳᠤ ᠤᠷᠢᠳ ᠢᠶᠠᠷ ᠬᠡᠷᠡᠭᠵᠢᠬᠦᠯᠵᠦ᠂ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠨᠢ ᠲᠠᠭᠠᠨ ᠬᠡᠷᠡᠭᠵᠢᠬᠦᠯᠦᠨ᠎ᠠ᠃ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ 2019 ᠣᠨ ᠤ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠵᠦᠢᠯ ᠤᠨ ᠳᠦᠷᠢᠮ᠂ ᠨᠠᠷᠢᠨ ᠬᠠᠭᠤᠳᠠᠰᠤ᠂ ᠦᠢᠯᠡᠴᠢᠯᠡᠬᠡᠨ ᠤ | ᠵᠦᠭᠯᠡᠭᠦᠷ᠂ ᠴᠤᠪᠤᠷᠠᠯ ᠵᠢᠷᠤᠭ ᠵᠡᠷᠭᠡ ᠶᠢ ᠲᠤᠨᠨᠳᠠᠭᠠᠬᠤ ᠪᠤᠶᠤ ᠵᠠᠰᠠᠪᠤᠷᠢ ᠤᠷᠤᠭᠤᠯᠬᠤ ᠪᠠᠷ ᠲᠤᠰ ᠲᠥᠰᠦᠯ ᠳᠤ | ᠱᠠᠭᠠᠷᠳ᠋ᠬᠠᠰᠠᠨ ᠬᠠᠮᠢᠶ᠎ᠠ ᠪᠦᠬᠦᠢ ᠠᠵᠢᠯ ᠢ ᠪᠡᠶᠡᠯᠡᠬᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ 2019 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠬᠦᠯᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠰᠢᠰᠲ᠋ᠧᠮ ᠤᠨ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠣᠭᠤᠷᠢᠭ︶ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠳᠦᠷᠢᠮ ᠤᠨ ᠪᠠᠶᠢᠭᠤᠯᠤᠯᠳᠠ ᠶᠢ ᠵᠢᠯᠤᠭᠤᠳᠤᠨ᠎ᠠ᠃ | 2. ᠰᠢᠰᠲ᠋ᠧᠮ ᠢ ᠵᠤᠯᠭᠠᠭᠤᠯᠬᠤ ᠠᠵᠢᠯ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠨᠢ 2019 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠲᠠᠪᠴᠠᠩ ᠯᠤᠭ᠎ᠠ ᠵᠠᠯᠭᠠᠯᠳᠤᠭᠤᠯᠬᠤ ᠠᠵᠢᠯ ᠢ | ᠪᠡᠶᠡᠯᠡᠭᠦᠯᠵᠦ᠂ ᠬᠠᠮᠢᠶ᠎ᠠ ᠪᠦᠬᠦᠢ ᠳᠦᠷᠢᠮ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠳᠤᠯᠠᠬᠤ | ᠬᠡᠷᠡᠭᠳᠡᠢ᠃ | ︵ᠭᠤᠷᠪᠠ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ | 1. ᠵᠢᠷᠤᠮᠵᠢᠭᠤᠯᠤᠨ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠨᠢ ᠠᠵᠢᠯ ᠢ ᠨᠠᠶᠢᠳᠠᠪᠤᠷᠢᠵᠢᠭᠤᠯᠬᠤ ᠪᠠᠨ ᠴᠢᠩᠭ᠎ᠠ ᠠᠳᠬᠤᠵᠤ᠂ 2019 ᠣᠨ ᠤ 8 ᠳ᠋ᠤᠭᠠᠷ | ᠰᠠᠷ᠎ᠠ ᠠᠴᠠ ᠡᠬᠢᠯᠡᠨ ᠰᠢᠨ᠎ᠡ ᠪᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠬᠠᠮᠢᠶ᠎ᠠ ᠪᠦᠬᠦᠢ ᠳᠦᠷᠢᠮ ᠪᠠ | ᠠᠵᠢᠯ ᠤᠨ ᠴᠤᠪᠤᠷᠠᠯ ᠶᠣᠰᠣᠭᠠᠷ᠂ ︽ᠭᠤᠷᠪᠠᠨ ᠵᠦᠢᠯ ᠤᠨ ᠳᠦᠷᠢᠮ︾ ᠢ ᠪᠥᠬᠦ ᠲᠠᠯ᠎ᠠ ᠪᠠᠷ ᠴᠢᠩᠳᠠ | ᠵᠢᠷᠤᠮᠵᠢᠭᠤᠯᠤᠨ ᠬᠡᠷᠡᠭᠵᠢᠭᠦᠯᠬᠦ ᠬᠡᠷᠡᠭᠲᠡᠶ᠃ | 2. ᠬᠢᠨᠠᠯᠲᠠ ᠲᠠᠯᠪᠢᠵᠤ ᠪᠠᠶᠢᠴᠠᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠢ ︽ᠭᠤᠷᠪᠠᠨ ᠵᠦᠢᠯ ᠤᠨ | ᠳᠦᠷᠢᠮ︾ ᠢ ᠠᠬᠢᠭᠤᠯᠤᠭᠰᠠᠨ ᠪᠠᠶᠢᠳᠠᠯ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠳᠠ ᠶᠢ | ᠰᠢᠯᠭᠠᠨ ᠦᠨᠡᠯᠡᠬᠦ ᠭᠦᠢᠴᠡᠳᠬᠡᠯ ᠲᠤᠭᠠᠨ ᠤ ᠰᠢᠰᠲ᠋ᠧᠮᠵᠢ ᠪᠠ ᠵᠢᠯ ᠤᠨ ᠰᠡᠭᠦᠯᠴᠢ ᠶᠢᠨ ᠬᠦᠴᠦᠨ ᠴᠢᠳᠠᠪᠤᠷᠢ ᠶᠢᠨ | ᠬᠠᠷᠠᠯᠲᠠ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠂ ︽ᠭᠤᠷᠪᠠᠨ ᠵᠦᠢᠯ ᠤᠨ ᠳᠦᠷᠢᠮ︾ ᠤᠨ ᠲᠤᠰᠬᠠᠢ | ᠵᠦᠢᠯ ᠤᠨ ᠬᠢᠨᠠᠨ ᠪᠠᠶᠢᠴᠠᠭᠠᠯᠳᠠ ᠶᠢ ᠲᠤᠬᠢᠷᠬᠠᠰᠠᠨ ᠴᠠᠭ ᠲᠤ ᠵᠣᠬᠢᠶᠠᠨ ᠪᠠᠶᠢᠭᠤᠯᠵᠦ᠂ ᠮᠡᠳᠡᠬᠡᠯᠡᠨ ᠨᠡᠪᠲᠡᠷᠡᠭᠦᠯᠬᠦ | ᠲᠣᠭᠲᠠᠴᠠ ᠶᠢ ᠪᠠᠶᠢᠭᠤᠯᠬᠤ ᠬᠡᠷᠡᠭᠳᠡᠢ᠃ | ︵ᠳᠥᠷᠪᠡ︶ ᠳ᠋ᠦᠩᠨᠡᠯᠳᠡ ᠬᠢᠵᠦ ᠰᠢᠯᠭᠠᠨ ᠬᠤᠷᠢᠶᠠᠬᠤ ᠱᠠᠲᠤ ᠦᠶ᠎ᠡ | 1. ᠳ᠋ᠦᠩᠨᠡᠯᠳᠡ ᠬᠢᠵᠦ ᠮᠡᠳᠡᠬᠦᠯᠬᠦ ᠱᠠᠲᠤ ᠦᠶ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ︽ᠭᠤᠷᠪᠠᠨ ᠵᠦᠢᠯ ᠤᠨ ᠳᠦᠷᠢᠮ︾ ᠢ ᠶᠠᠪᠤᠨᠨᠳᠠᠭᠤᠯᠤᠨᠨᠰᠠᠨ ᠠᠵᠢᠯ ᠤᠨ | ᠪᠠᠶᠢᠳᠠᠯ ᠢ ᠪᠠᠨ ᠦᠪᠡᠷ ᠢᠶᠠᠨ ᠪᠠᠶᠢᠴᠠᠭᠠᠯᠳᠠ ᠬᠢᠬᠦ ᠶᠢ ᠵᠤᠬᠢᠶᠠᠨ ᠪᠠᠶᠢᠭᠤᠯᠵᠦ᠂ 2019 ᠣᠨ ᠤ 11 ᠳ᠋ᠦ᠋ᠬᠡᠷ | ᠰᠠᠷ᠎ᠠ ᠶᠢᠨ ᠰᠡᠭᠦᠯᠴᠢ ᠠᠴᠠ ᠡᠮᠦᠨ᠎ᠡ ︽ᠭᠤᠷᠪᠠᠨ ᠵᠦᠢᠯ ᠤᠨ ᠳᠦᠷᠢᠮ︾ ᠤᠨ ᠠᠵᠢᠯ ᠤᠨ ᠳ᠋ᠦᠩᠨᠡᠯᠲᠡ ᠪᠠᠨ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃ | 2. ᠵᠤᠬᠢᠶᠠᠨ ᠪᠠᠶᠢᠭᠤᠯᠵᠦ ᠰᠢᠯᠭᠠᠨ ᠬᠤᠷᠢᠶᠠᠵᠦ ᠠᠪᠬᠤ ᠱᠠᠳᠤ ᠦᠶ᠎ᠡ᠃ 2019 ᠣᠨ ᠤ 12 ᠳ᠋ᠤᠭᠠᠷ | ᠰᠠᠷ᠎ᠠ ᠶᠢᠨ ᠡᠬᠢ ᠪᠠᠷ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠪᠥᠬᠦ ᠣᠷᠣᠨ ᠤ | ︽ᠭᠤᠷᠪᠠᠨ ᠵᠦᠢᠯ ᠤᠨ ᠳᠦᠷᠢᠮ︾ ᠢ ᠶᠠᠪᠤᠨᠨᠳᠠᠭᠤᠯᠤᠨᠨᠰᠠᠨ ᠠᠵᠢᠯ ᠳᠤ ᠰᠢᠯᠭᠠᠨ ᠬᠤᠷᠢᠶᠠᠵᠦ ᠠᠪᠬᠤ ᠶᠢ ᠵᠤᠬᠢᠶᠠᠨ | ᠪᠠᠶᠢᠭᠤᠯᠵᠦ᠂ ᠠᠵᠢᠯ ᠤᠨ ᠮᠡᠳᠡᠭᠦᠯᠦᠯᠲᠡ ᠪᠤᠯᠭᠠᠵᠦ ᠬᠠᠤᠯᠢ ᠴᠠᠭᠠᠵᠠ ᠶᠢᠨ ᠶᠠᠮᠤᠨ ᠪᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠱᠠᠭᠠᠷᠳᠠᠯᠭ᠎ᠠ ᠶᠣᠰᠣᠭᠠᠷ ᠮᠡᠳᠡᠭᠦᠯᠦᠨ ᠭᠦᠷᠬᠡᠬᠦ ᠬᠡᠷᠡᠭᠳᠡᠢ᠃ | ᠳᠥᠷᠪᠡ᠂ ᠵᠣᠬᠢᠶᠠᠨ ᠪᠠᠶᠢᠭᠤᠯᠤᠯᠳᠠ ᠶᠢᠨ ᠪᠠᠳᠤᠯᠠᠭ᠎ᠠ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯ ᠲᠤᠰ ᠭᠠᠵᠠᠷ ᠣᠷᠣᠨ᠂ | ᠲᠤᠰ ᠰᠠᠯᠠᠭ᠎ᠠ ᠮᠥᠴᠢᠷ ᠤᠨ ︽ᠭᠤᠷᠪᠠᠨ ᠵᠦᠢᠯ ᠤᠨ ᠳᠦᠷᠢᠮ︾ ᠢ ᠪᠦᠬᠦ ᠲᠠᠯ᠎ᠠ ᠪᠠᠷ ᠶᠠᠪᠤᠨᠨᠳᠠᠭᠤᠯᠬᠤ ᠠᠵᠢᠯ ᠤᠨ | ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠵᠤᠬᠢᠶᠠᠨ | ᠪᠠᠶᠢᠭᠤᠯᠵᠦ ᠤᠳᠤᠷᠢᠳᠬᠤ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠳᠦᠷᠢᠮ︾ ᠤᠨ ᠬᠡᠷᠡᠭᠵᠢᠬᠦᠯᠬᠦ ᠠᠵᠢᠯ ᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠢ ᠬᠠᠤᠯᠢ ᠴᠠᠭᠠᠵᠠ ᠵᠠᠰᠠᠭ ᠵᠠᠬᠢᠷᠭ᠎ᠠ᠂ ᠣᠷᠣᠨ ᠲᠤᠭᠠᠨ ᠤ ᠬᠠᠮᠢᠶᠠᠷᠤᠯᠳᠠ᠂ ᠠᠯᠪᠠᠲᠠᠨ ᠤ | ᠬᠠᠮᠢᠶᠠᠷᠤᠯᠳᠠ᠂ ᠮᠡᠳᠡᠭᠡ ᠵᠠᠩᠭᠢ ᠶᠢ ᠢᠯᠠ ᠪᠣᠯᠭᠠᠬᠤ᠂ ᠡᠯᠧᠺᠲᠷᠤᠨ ᠵᠠᠰᠠᠭ ᠤᠨ ᠶᠠᠪᠤᠳᠠᠯ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠡᠳ᠋ ᠤᠨ ᠵᠠᠰᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠨᠢᠬᠡᠴᠢ ᠶᠢᠨ | ᠣᠷᠣᠯᠴᠠᠭᠰᠠᠨ ︽ᠭᠤᠷᠪᠠᠨ ᠵᠦᠢᠯ ᠤᠨ ᠳᠦᠷᠢᠮ︾ ᠢ ᠪᠦᠭᠦ ᠲᠠᠯ᠎ᠠ ᠪᠠᠷ ᠶᠠᠪᠤᠨᠨᠳᠠᠭᠤᠯᠬᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠳᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ | ᠰᠢᠰᠲ᠋ᠧᠮ ᠤᠨ ᠬᠢ ︽ᠭᠤᠷᠪᠠᠨ ᠵᠦᠢᠯ ᠤᠨ ᠳᠦᠷᠢᠮ︾ ᠢ ᠪᠥᠬᠦ ᠲᠠᠯ᠎ᠠ ᠪᠠᠷ ᠶᠠᠪᠤᠨᠨᠳᠠᠭᠤᠯᠬᠤ ᠠᠵᠢᠯ ᠳᠠᠬᠢ | ᠵᠢᠯᠣᠭᠤᠳᠤᠯᠭ᠎ᠠ ᠪᠠᠨ ᠴᠢᠩᠭᠠᠳᠬᠠᠵᠤ᠂ ᠳᠣᠣᠷᠠᠳᠤ ᠱᠠᠲᠤᠨ ᠤ ᠰᠠᠯᠠᠭ᠎ᠠ ᠮᠥᠴᠢᠷ ᠤᠳ ᠢ ᠰᠢᠮᠳᠠᠭᠤᠯᠵᠤ ᠪᠠᠢᠭᠠᠳ | ︽ᠭᠤᠷᠪᠠᠨ ᠵᠦᠢᠯ ᠤᠨ ᠳᠦᠷᠢᠮ︾ ᠢ ᠴᠢᠩᠭ᠎ᠠ ᠵᠢᠷᠤᠮᠵᠢᠭᠤᠯᠤᠨ ᠬᠡᠷᠡᠭᠵᠢᠬᠦᠯᠬᠦ ᠬᠡᠷᠡᠭᠳᠡᠢ᠃ | ︵ᠬᠤᠶᠠᠷ︶ ᠵᠠᠷᠤᠳᠠᠯ ᠤᠨ ᠤᠷᠤᠭᠤᠯᠤᠯᠳᠠ ᠪᠠᠨ ᠪᠠᠲᠤᠯᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠨᠢ ᠬᠠᠷᠢᠭᠤᠴᠠᠯᠭ᠎ᠠ ᠪᠠᠷ ᠲᠣᠳᠣᠷᠬᠠᠢ᠂ ᠬᠠᠮᠢᠶᠠᠷᠤᠯᠲᠠ ᠨᠢ ᠵᠢᠷᠤᠮᠵᠢᠭᠰᠠᠨ᠂ ᠣᠷᠣᠭᠤᠯᠤᠯᠲᠠ ᠨᠢ | ᠲᠣᠭᠲᠠᠪᠤᠷᠢᠲᠠᠢ ᠪᠤᠯᠬᠤ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠬᠡᠷᠡᠭᠰᠡᠬᠦ ᠬᠠᠤᠯᠢ ᠬᠡᠷᠡᠭᠵᠢᠭᠦᠯᠬᠦ ᠲᠣᠨᠣᠭᠯᠠᠯ᠂ ᠵᠠᠷᠤᠳᠠᠯ ᠢ ᠪᠠᠳᠤᠯᠠᠬᠤ ᠬᠡᠷᠡᠭᠳᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠨᠢ ᠰᠣᠨᠢᠨ ᠮᠡᠳᠡᠭᠡᠨ ᠤ ᠵᠠᠭᠤᠴᠢᠯᠠᠭᠤᠷ ᠤᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠦ᠂ | ᠤᠯᠠᠨ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ︽ᠭᠤᠷᠪᠠᠨ ᠵᠦᠢᠯ ᠤᠨ ᠳᠦᠷᠢᠮ︾ ᠢ ᠶᠠᠪᠤᠨᠨᠳᠠᠭᠤᠯᠬᠤ ᠠᠵᠢᠯ ᠳᠤ | ᠪᠥᠬᠦ ᠲᠠᠯ᠎ᠠ ᠪᠠᠷ᠂ ᠤᠯᠠᠨ ᠬᠠᠷᠠᠭᠠᠰᠤ ᠠᠴᠠ ᠤᠬᠠᠭᠤᠯᠤᠨ ᠮᠡᠳᠡᠭᠡᠯᠡᠵᠦ᠂ ᠨᠡᠶᠢᠬᠡᠮ ᠤᠨ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠬᠡᠷᠡᠭᠳᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠠ︶ |