7 ᠰᠠᠷ᠎ᠠ ᠶᠢᠨ 23 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠤ ᠰᠤᠨᠢᠨ ᠮᠡᠳᠡᠭᠡ | ᠨᠡᠶᠢᠳᠡᠯᠡᠬᠦ ᠬᠤᠷᠠᠯ ᠬᠦᠬᠡᠬᠤᠲᠠ ᠳᠤ ᠶᠠᠪᠤᠬᠳᠠᠪᠠ᠃ ᠬᠤᠷᠠᠯ ᠠᠴᠠ ᠤᠢᠢᠯᠠᠭᠠᠬᠰᠠᠨ ᠢᠶᠠᠷ᠂ ᠠᠩᠬᠠᠳᠤᠭᠠᠷ | ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ 2019 ᠤᠨ ᠳᠤ | ᠶᠠᠪᠤᠬᠳᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤᠯᠯᠠᠨ ᠡᠷᠬᠢᠯᠡᠵᠦ᠂ | ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ ᠪᠠ ᠲᠣᠨᠣᠭᠯᠠᠯ ᠤᠨ ᠰᠠᠯᠪᠤᠷᠢ | ᠨᠡᠶᠢᠭᠡᠮᠯᠢᠭ᠂ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠬᠠᠮᠲᠤ ᠪᠠᠷ | ᠳᠠᠭᠠᠭᠠᠴᠢᠯᠠᠨ ᠡᠷᠬᠢᠯᠡᠨ᠎ᠡ᠃ | ᠲᠣᠰ ᠤᠳᠠᠭᠠᠨ ᠤ ᠤᠷᠤᠯᠳᠤᠭᠠᠨ ᠨᠢ ︽ᠤᠯᠠᠮᠵᠢᠯᠠᠬᠤ᠂ ᠰᠢᠨ᠎ᠡ ᠶᠢ ᠡᠭᠦᠳᠬᠦ᠂ ᠪᠣᠬᠢᠷᠲᠤᠯ ᠥᠬᠡᠶ᠂ | ᠬᠠᠮᠲᠤ ᠪᠠᠷ ᠡᠳ᠋ᠯᠡᠬᠦ︾ ᠪᠠᠷ ᠭᠤᠤᠯ ᠰᠡᠳᠦᠪ ᠪᠤᠯᠭᠠᠵᠤ᠂ ᠡᠯᠰᠡᠬᠦ ᠪᠦᠲᠦᠭᠡᠯ ᠨᠢ ᠰᠣᠶᠣᠯ ᠤᠨ ᠪᠦᠲᠦᠭᠡᠯᠴᠢ | ᠵᠢᠭᠤᠯᠴᠢᠯᠠᠯ ᠤᠨ ᠲᠠᠸᠠᠷ ᠤᠨ ᠪᠣᠳᠠᠲᠤ ᠪᠤᠳᠠᠰ ᠤᠨ ᠪᠦᠲᠦᠭᠡᠯ ᠪᠠ ᠵᠢᠷᠤᠭ ᠲᠦᠯᠦᠪᠯᠡᠭᠡ ᠶᠢᠨ ᠪᠦᠲᠦᠭᠡᠯ ᠪᠠᠶᠢᠵᠦ᠂ | ᠪᠣᠳᠠᠲᠤ ᠪᠤᠳᠠᠰ ᠤᠨ ᠪᠦᠲᠦᠭᠡᠯ ᠢ ᠪᠥᠬᠦ ᠣᠷᠣᠨ ᠠᠴᠠ ᠡᠯᠰᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠢ ᠪᠥᠬᠦ | ᠤᠯᠤᠰ ᠠᠴᠠ ᠡᠯᠰᠡᠨ᠎ᠡ᠃ ᠤᠷᠤᠯᠳᠤᠭᠠᠨ ᠳᠤ ᠤᠷᠤᠯᠴᠠᠬᠤ ᠪᠦᠲᠦᠭᠡᠯ ᠤᠨ ᠲᠤᠬᠠᠢ ᠶᠡᠷᠦᠩᠬᠡᠢ ᠱᠠᠭᠠᠷᠳᠠᠯᠭ᠎ᠠ ᠭᠡᠪᠡᠯ᠄ | ᠨᠢᠭᠡ ᠳᠤ᠂ ᠮᠠᠨ ᠤ ᠤᠷᠤᠨ ᠤ ᠰᠤᠶᠤᠯ ᠤᠨ ᠤᠨᠴᠠᠯᠢᠭ᠂ ᠡᠬᠢ ᠪᠠᠶᠠᠯᠢᠭ ᠤᠨ ᠤᠨᠴᠠᠯᠢᠭ ᠪᠤᠯᠤᠨ ᠦᠪᠡᠷᠮᠢᠴᠡ | ᠰᠢᠨᠵᠢ ᠶᠢ ᠢᠯᠡᠷᠡᠭᠦᠯᠦᠭᠰᠡᠨ ᠪᠠᠶᠢᠬᠤ ᠬᠡᠷᠡᠭᠳᠡᠢ᠃ ᠬᠤᠶᠠᠷ ᠲᠤ᠂ ᠪᠦᠲᠦᠭᠡᠯᠴᠢ ᠵᠢᠷᠤᠭ ᠲᠦᠯᠦᠪᠯᠡᠭᠡ ᠨᠢ ᠦᠪᠡᠷᠮᠢᠴᠡ | ᠰᠢᠨ᠎ᠡ ᠰᠡᠪᠡᠭᠦᠨ ᠪᠠᠶᠢᠵᠤ᠂ ᠰᠢᠨ᠎ᠡ ᠶᠢ ᠡᠭᠦᠳᠬᠦ ᠲᠠᠯ᠎ᠠ ᠪᠠᠷ ᠲᠤᠪᠤᠶᠢᠮ᠎ᠠ᠂ ᠴᠠᠭ ᠦᠶᠡᠴᠢ ᠴᠢᠨᠠᠷ ᠢᠶᠠᠷ ᠴᠢᠩᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯᠤᠨ ᠤᠷᠠᠯᠢᠭ ᠢ ᠤᠶᠠᠯᠳᠤᠭᠤᠯᠤᠬᠰᠠᠨ ᠪᠠᠶᠢᠬᠤ ᠬᠡᠷᠡᠭᠳᠡᠢ᠃ | ᠭᠤᠷᠪᠠ ᠳᠤ᠂ ᠤᠷᠠᠯᠢᠭ ᠤᠨ ᠦᠨ᠎ᠡ ᠦᠷᠳᠡᠭ ᠪᠠ ᠪᠤᠳᠠᠳᠤ ᠬᠡᠷᠡᠭᠯᠡᠭᠡᠨ ᠤ ᠦᠷᠳᠡᠭ ᠨᠢᠭᠡᠳᠴᠦ᠂ ᠲᠦᠰᠦᠪ | ᠲᠦᠯᠦᠪᠯᠡᠭᠡ ᠵᠤᠬᠢᠰᠳᠠᠢ᠂ ᠦᠵᠡᠮᠦᠷᠢ ᠲᠠᠢ᠂ ᠠᠮᠤᠷ ᠲᠦᠪᠰᠢᠨ᠂ ᠪᠤᠬᠢᠷᠳᠤᠯ ᠦᠭᠡᠢ ᠪᠠᠶᠢᠵᠤ᠂ ᠵᠢᠭᠤᠯᠴᠢᠯᠠᠯ ᠢ | ᠳᠠᠭᠠᠭᠤᠯᠬᠤ ᠳᠠᠸᠠᠷ ᠤᠨ ᠬᠡᠷᠡᠭᠯᠡᠭᠡᠨ ᠤ ᠬᠠᠨᠳᠤᠯᠭ᠎ᠠ ᠪᠤᠯᠤᠨ ᠤᠷᠤᠰᠬᠠᠯ ᠤᠨ ᠬᠠᠨᠳᠤᠰᠢ ᠲᠠᠢ ᠪᠠᠶᠢᠬᠤ ᠬᠡᠷᠡᠭᠳᠡᠢ᠃ | ᠤᠷᠤᠯᠳᠤᠭᠠᠨ ᠳᠤ ᠤᠷᠤᠯᠴᠠᠬᠤ ᠲᠠᠸᠠᠷ ᠪᠠ ᠵᠢᠷᠤᠭ ᠲᠥᠯᠥᠪᠯᠡᠭᠡ ᠶᠢᠨ ᠪᠦᠲᠦᠭᠡᠯ ᠢ ᠮᠡᠳᠡᠭᠦᠯᠦᠨ ᠬᠦᠷᠭᠡᠬᠦ | ᠬᠤᠭᠤᠴᠠᠭ᠎ᠠ ᠨᠢ 9 ᠰᠠᠷ᠎ᠠ ᠶᠢᠨ 25 ᠠᠴᠠ 10 ᠰᠠᠷ᠎ᠠ ᠶᠢᠨ 25 ᠤ ᠡᠳᠦᠷ ᠪᠣᠯᠲᠠᠯ᠎ᠠ ᠪᠠᠶᠢᠵᠤ᠂ ᠬᠢᠨᠠᠨ | ᠰᠢᠯᠭᠠᠷᠠᠭᠤᠯᠤᠯᠳᠠ ᠪᠠᠷ ᠳᠠᠮᠵᠢᠨ 11 ᠰᠠᠷ᠎ᠠ ᠶᠢᠨ 8 ᠠᠴᠠ 10 ᠤ ᠡᠳᠦᠷ ᠪᠣᠯᠲᠠᠯ᠎ᠠ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠳᠤ ᠲᠠᠸᠠᠷ ᠪᠠ ᠵᠢᠷᠤᠭ ᠲᠦᠯᠦᠪᠯᠡᠭᠡ ᠶᠢᠨ ᠪᠦᠲᠦᠭᠡᠯ ᠢ ᠳᠡᠯᠭᠡᠨ ᠦᠵᠡᠭᠦᠯᠵᠤ᠂ | ᠱᠠᠩᠨᠠᠯ ᠣᠯᠭᠤᠬᠤ ᠪᠠ ᠲᠤᠰᠬᠠᠶ ᠮᠡᠷᠭᠡᠵᠢᠯᠲᠡᠨ ᠬᠢᠴᠢᠶᠡᠯᠯᠡᠬᠦ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠠᠷ ᠪᠤᠢ᠃ | |