|
ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ | ᠠᠴᠠ 7.1% ᠪᠠᠷ ᠨᠡᠮᠡᠭᠳᠡᠪᠡ |
|
|
ᠨᠡᠶᠢᠲᠡᠯᠡᠭᠰᠡᠨ ᠴᠠᠭ᠄
2019/7/24
|
|
ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 0.5 ᠵᠠᠭᠤᠨ ᠤ ᠴᠡᠭ ᠲᠦᠷᠭᠡᠨ ᠪᠣᠯᠵᠤ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠬᠦ ᠣᠨᠴᠠᠯᠢᠭ ᠲᠠᠢ ᠪᠣᠯᠪᠠ᠃ ᠳᠡᠭᠡᠷ᠎ᠡ ᠬᠠᠭᠠᠰ ᠵᠢᠯ ᠳᠤ᠂ ᠪᠦᠷᠢᠳᠬᠡᠯ ᠬᠢᠭᠰᠡᠨ 41 ᠠᠵᠤ ᠦᠶᠯᠡᠳᠪᠦᠷᠢ ᠶᠢᠨ ᠠᠵᠢᠯ ᠲᠥᠷᠥᠯ ᠤᠨ ᠳᠣᠲᠣᠷ᠎ᠠ᠂ ᠨᠡᠮᠡᠭᠳᠡᠯ ᠥᠷᠲᠡᠭ ᠤᠨ ᠨᠡᠮᠡᠭᠳᠡᠯ ᠢ ᠪᠡᠶᠡᠯᠡᠭᠦᠯᠦᠭᠰᠡᠨ ᠨᠢ 24 ᠠᠵᠢᠯ ᠲᠥᠷᠥᠯ ᠪᠠᠶᠢᠵᠤ᠂ ᠨᠡᠮᠡᠭᠳᠡᠯ ᠤᠨ ᠬᠡᠪᠴᠢᠶ᠎ᠡ ᠨᠢ 58.5% ᠪᠠᠶᠢᠪᠠ︔ ᠪᠦᠷᠢᠳᠬᠡᠯ ᠬᠢᠭᠰᠡᠨ 223 ᠲᠥᠷᠥᠯ ᠤᠨ ᠠᠵᠤ ᠦᠶᠯᠡᠳᠪᠦᠷᠢ ᠶᠢᠨ ᠦᠶᠯᠡᠳᠬᠦᠨ ᠤ ᠳᠣᠲᠣᠷ᠎ᠠ᠂ 128 ᠲᠥᠷᠥᠯ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠭᠰᠡᠨ ᠬᠡᠪᠴᠢᠶ᠎ᠡ ᠨᠢ 57.4% ᠪᠠᠶᠢᠵᠤ᠂ ᠨᠢᠭᠡᠳᠦᠭᠡᠷ ᠤᠯᠠᠷᠢᠯ ᠤᠨ ᠬᠢ ᠠᠴᠠ 2.7 ᠵᠠᠭᠤᠨ ᠤ ᠴᠡᠭ ᠥᠷᠭᠡᠳᠴᠡᠶ᠃ ᠠᠵᠤ ᠦᠶᠯᠡᠳᠪᠦᠷᠢ ᠶᠢᠨ ᠠᠵᠢᠯ ᠲᠥᠷᠥᠯ ᠳᠤ ︽ᠳᠥᠷᠪᠡᠨ ᠢᠯᠡᠷᠡᠯ ᠳᠣᠪᠤᠶᠢᠮ᠎ᠠ︾ ᠪᠠᠶᠢᠳᠠᠯ ᠢᠯᠡᠷᠡᠪᠡ᠄ — ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠢᠯᠡᠷᠡᠯ ᠳᠣᠪᠤᠶᠢᠮ᠎ᠠ ᠪᠠᠶᠢᠨ᠎ᠠ᠃ ᠡᠨᠡ ᠵᠢᠯ ᠠᠴᠠ ᠨᠠᠰᠢ᠂ ᠮᠠᠨ ᠤ ᠣᠷᠣᠨ ᠠᠵᠤ ᠦᠶᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠭᠤᠤᠯᠳᠠᠯᠭ᠎ᠠ ᠪᠣᠯᠭᠠᠵᠤ᠂ ᠦᠶᠯᠡᠳᠬᠦ ᠦᠶᠯᠡᠰ ᠣᠨᠴᠠᠭᠠᠢᠯᠠᠨ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠬᠤᠶᠠᠷ ᠣᠷᠣᠨᠳᠤ ᠲᠣᠭᠠᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 3.4 ᠵᠠᠭᠤᠨ ᠤ ᠴᠡᠭ ᠲᠦᠷᠭᠡᠨ ᠪᠣᠯᠪᠠ᠃ — ᠤᠯᠠᠮᠵᠢᠯᠠᠯᠲᠤ ᠠᠵᠤ ᠦᠶᠯᠡᠰ ᠤᠨ ᠭᠦᠨᠵᠡᠭᠡᠶ ᠡᠳ᠋ᠰᠢᠭᠦᠯᠬᠦ ᠲᠠᠯ᠎ᠠ ᠪᠠᠷ ᠳᠣᠪᠤᠶᠢᠮ᠎ᠠ ᠪᠠᠶᠢᠨ᠎ᠠ᠃ ᠮᠠᠨ ᠤ ᠣᠷᠣᠨ ᠳᠠᠪᠠᠭᠤᠯᠢᠭ ᠣᠨᠴᠠᠯᠢᠭ ᠲᠠᠢ ᠡᠬᠢ ᠪᠠᠶᠠᠯᠢᠭ ᠡᠨᠧᠷᠭᠢ ᠶᠢᠨ ᠠᠵᠤ ᠦᠶᠯᠡᠰ ᠲᠤ ᠲᠦᠰᠢᠭᠯᠡᠨ᠂ ᠭᠦᠨᠵᠡᠭᠡᠶ ᠡᠳ᠋ᠰᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠡᠭᠡᠷ᠎ᠡ ᠬᠦᠴᠦ ᠲᠠᠯᠪᠢᠵᠤ᠂ ᠤᠯᠠᠷᠢᠭᠤᠯᠤᠨ ᠥᠷᠲᠡᠭ ᠢ ᠨᠡᠮᠡᠭᠳᠡᠭᠦᠯᠬᠦ ᠰᠢᠨ᠎ᠡ ᠵᠠᠮ ᠢᠶᠠᠷ ᠵᠠᠮᠨᠠᠬᠤ ᠳᠡᠭᠡᠷ᠎ᠡ ᠬᠦᠴᠦ ᠲᠡᠯᠪᠢᠪᠠ᠃ ᠳᠡᠭᠡᠷ᠎ᠡ ᠬᠠᠭᠠᠰ ᠵᠢᠯ ᠳᠤ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠢ ᠠᠴᠠ 2.9 ᠵᠠᠭᠤᠨ ᠤ ᠴᠡᠭ ᠲᠦᠷᠭᠡᠨ ᠪᠣᠯᠵᠠᠶ᠃ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢᠨ ᠳᠣᠣᠷᠠᠳᠤ ᠤᠷᠤᠰᠬᠠᠯ ᠤᠨ ᠦᠶᠯᠡᠳᠬᠦᠨ ᠨᠡᠯᠢᠶᠡᠳ ᠲᠦᠷᠭᠡᠨ ᠨᠡᠮᠡᠭᠳᠡᠪᠡ᠃ ᠨᠠᠷᠢᠯᠢᠭ ᠮᠧᠲ᠋ᠢᠯ ᠠᠯᠺᠣᠣᠯ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 11.8% ᠨᠡᠮᠡᠭᠳᠡᠵᠦ᠂ ᠡᠲ᠋ᠠ ᠬᠤᠶᠠᠷᠴᠢ ᠠᠯᠺᠣᠣᠯ ᠤᠨ ᠭᠠᠷᠤᠯᠲᠠ 45.6% ᠨᠡᠮᠡᠭᠳᠡᠵᠦ᠂ ᠬᠢᠮᠢ ᠶᠢᠨ ᠪᠣᠷᠳᠣᠭᠤᠷ ᠤᠨ ᠭᠠᠷᠤᠯᠲᠠ 23.7% ᠨᠡᠮᠡᠭᠳᠡᠵᠡᠶ᠃ — ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠢᠯᠡᠷᠡᠯ ᠳᠣᠪᠤᠶᠢᠮ᠎ᠠ ᠪᠠᠶᠢᠨ᠎ᠠ᠃ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠳᠬᠤᠬᠤ ᠶᠢᠨ ᠬᠠᠮᠲᠤ᠂ ᠮᠠᠨ ᠤ ᠣᠷᠣᠨ ᠪᠠᠰᠠ ᠰᠢᠨ᠎ᠡ ᠪᠠᠷ ᠪᠤᠢ ᠪᠣᠯᠤᠭᠰᠠᠨ ᠠᠵᠤ ᠦᠶᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠣᠨᠴᠠᠭᠠᠶᠢᠯᠠᠨ ᠴᠢᠬᠤᠯᠠᠴᠢᠯᠠᠵᠤ᠂ ᠪᠥᠬᠦ ᠣᠷᠣᠨ ᠤ ᠠᠵᠤ ᠠᠬᠤᠢ ᠶᠢᠨ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠤᠯᠠᠷᠢᠭᠤᠯᠬᠤ ᠶᠢ ᠳᠠᠶᠢᠴᠢᠯᠠᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠠᠴᠠ 0.7 ᠵᠠᠭᠤᠨ ᠤ ᠴᠡᠭ ᠲᠦᠷᠭᠡᠨ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 70.5% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 5 ᠵᠠᠭᠤᠨ ᠤ ᠴᠡᠭ ᠢᠶᠠᠷ ᠨᠡᠮᠡᠭᠳᠡᠭᠦᠯᠪᠡ᠃ — ᠰᠢᠨ᠎ᠡ ᠦᠶᠯᠡᠳᠬᠦᠨ ᠤ ᠭᠠᠷᠤᠯᠲᠠ ᠶᠢᠨ ᠨᠡᠮᠡᠭᠳᠡᠯ ᠤᠨ ᠢᠯᠡᠷᠡᠯ ᠳᠣᠪᠤᠶᠢᠮ᠎ᠠ ᠪᠠᠶᠢᠨ᠎ᠠ᠃ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠲᠠᠶ᠂ ᠠᠵᠤ ᠦᠶᠯᠡᠳᠪᠦᠷᠢ ᠶᠢᠨ ᠰᠢᠨ᠎ᠡ ᠦᠶᠯᠡᠳᠬᠦᠨ ᠤ ᠭᠠᠷᠤᠯᠲᠠ ᠨᠡᠯᠢᠶᠡᠳ ᠲᠦᠷᠭᠡᠨ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠣᠶᠣᠨᠴᠢ ᠲᠧᠯᠸᠢᠰ ᠠᠳᠠᠯᠢ ᠬᠤᠭᠤᠴᠠᠭᠠᠨ ᠤ ᠬᠢ ᠠᠴᠠ 1.3 ᠳᠠᠬᠢᠨ ᠨᠡᠮᠡᠭᠳᠡᠵᠦ᠂ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ 18.1% ᠨᠡᠮᠡᠭᠳᠡᠵᠦ᠂ ᠳᠠᠩ ᠲᠠᠯᠠᠰᠲᠤ ᠴᠠᠬᠢᠭᠤᠷ 77.7% ᠨᠡᠮᠡᠭᠳᠡᠵᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠲᠦ ᠦᠶᠯᠡᠳᠬᠦᠨ 21.6% ᠨᠡᠮᠡᠭᠳᠡᠵᠦ᠂ ᠨᠡᠭᠦᠷᠡᠰᠦᠲᠥ᠋ᠷᠥᠭᠴᠢᠲᠦ ᠰᠢᠷᠬᠡᠭ ᠵᠢᠴᠢ ᠨᠡᠶᠢᠯᠡᠮᠡᠯ ᠮᠠᠲ᠋ᠧᠷᠢᠶᠠᠯ 9.8% ᠨᠡᠮᠡᠭᠳᠡᠵᠡᠶ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|