ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠬᠦ ᠪᠦᠳᠦᠬᠦᠪᠴᠢ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ  ᠪᠦ᠋ ᠰᠢᠶᠤᠤ ᠯᠢᠨ ᠳ᠋ᠠᠢ ᠾᠸᠤ ᠯᠢᠶᠠᠩ ᠭᠠᠷ ᠤᠨ ᠦᠰᠦᠭ ᠵᠢᠷᠤᠬᠤ ᠶᠢ ᠬᠡᠷᠡᠴᠢᠯᠡᠵᠠᠢ
ᠨᠡᠶᠢᠲᠡᠯᠡᠭᠰᠡᠨ ᠴᠠᠭ᠄
2019/7/25
     7 ᠰᠠᠷ᠎ᠡ ᠶᠢᠨ 23᠎ ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠤᠯᠤᠨ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠭᠡᠷᠡᠭ ᠮᠡᠳᠡᠭᠴᠢᠳ ᠤᠨ ᠲᠠᠷᠤᠭ᠎ᠠ ᠳ᠋ᠠᠢ ᠾᠸᠤ ᠯᠢᠶᠠᠩ ᠪᠡᠭᠡᠵᠢᠩ ᠳᠤ ᠬᠤᠶᠠᠷ ᠲᠠᠯ᠎ᠡ ᠶᠢᠨ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠬᠦᠨᠵᠡᠭᠡᠶᠢᠷᠠᠬᠦᠯᠬᠦ ᠲᠤᠬᠠᠢ ᠬᠡᠯᠡᠯᠴᠡᠭᠡ ᠬᠢᠭᠰᠡᠨ ᠪᠦᠬᠡᠳ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠬᠦ ᠪᠦᠳᠦᠬᠦᠪᠴᠢ ᠵᠦᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃      ᠪᠦ᠋ ᠰᠢᠶᠤᠤ ᠯᠢᠨ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠎ ᠤᠨ ᠬᠢᠨ ᠤ ᠦᠪᠤᠷ ᠮᠤᠩᠭᠤᠯ ᠤᠨ ᠬᠦᠭᠵᠢᠯᠳᠠ ᠶᠢ ᠬᠠᠯᠠᠮᠵᠢᠯᠠᠵᠤ ᠲᠠᠮᠵᠢᠭᠰᠡᠨ ᠳᠤ ᠲᠠᠯᠠᠷᠬᠠᠪᠠ᠃ ᠲᠡᠷᠨ᠂ ᠦᠪᠤᠷ ᠮᠤᠩᠭᠤᠯ ᠪᠤᠯ ᠤᠯᠤᠰ ᠤᠨ ᠭᠤᠤᠯᠳᠠᠯᠭ᠎ᠠ ᠲᠠᠢ ᠡᠨᠧᠷᠬᠢ ᠶᠢᠨ ᠰᠠᠭᠤᠷᠢᠨ ᠮᠦᠨ᠂ ᠤᠳᠤᠬᠠᠨ ᠳᠤ ᠤᠷᠤᠨ ᠲᠠᠶᠠᠭᠠᠷ ᠶᠡᠷᠤᠩᠭᠡᠢ ᠱᠦᠵᠢ ᠰᠢ ᠶᠢᠨ ᠫᠢᠩ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠬᠦᠭᠵᠢᠬᠦᠯᠬᠦ ᠲᠤᠬᠠᠢ ᠴᠢᠬᠤᠯᠠ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠦᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠢᠳᠡᠪᠬᠢᠳᠠᠢ ᠬᠠᠶᠢᠨ ᠰᠦᠪᠡᠭᠴᠢᠯᠡᠵᠤ ᠪᠠᠶᠢᠨ᠎ᠡ᠃ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠬᠢᠨ ᠴᠢᠳᠠᠪᠤᠷᠢᠳᠠᠨ᠂ ᠮᠡᠷᠭᠡᠵᠢᠯ ᠤᠨ ᠲᠠᠪᠠᠭᠤᠯᠢᠭ ᠢᠶᠠᠨ ᠪᠠᠳᠠᠷᠠᠭᠤᠯᠵᠤ᠂ ᠦᠪᠤᠷ ᠮᠤᠩᠭᠤᠯ ᠤᠨ ᠡᠨᠧᠷᠬᠢ ᠶᠢᠨ ᠮᠠᠷᠭᠡᠵᠢᠯ ᠤᠨ ᠰᠢᠨ᠎ᠡ ᠡᠬᠦᠳᠦᠯᠳᠠ ᠪᠤᠯᠤᠨ ᠡᠨᠧᠷᠬᠢ ᠶᠢᠨ ᠪᠤᠬᠢᠷᠳᠦᠯ ᠦᠭᠡᠢ ᠬᠦᠭᠵᠢᠯᠳᠠ ᠳᠤ ᠦᠷᠬᠦᠯᠵᠢᠯᠡᠨ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠳᠤ ᠬᠦᠴᠦ ᠨᠠᠮᠠᠷᠢᠯᠡᠬᠦ ᠶᠢ ᠬᠦᠰᠡᠵᠤ ᠪᠠᠶᠢᠨ᠎ᠡ ᠭᠡᠪᠡ᠃      ᠳ᠋ᠠᠢ ᠾᠸᠤ ᠯᠢᠶᠠᠩ᠂ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠦᠪᠤᠷ ᠮᠤᠩᠭᠤᠯ ᠳᠤ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ ᠬᠠᠶᠢᠨ ᠰᠢᠨᠵᠢᠯᠡᠵᠤ ᠨᠡᠭᠡᠭᠡᠨ ᠠᠰᠢᠬᠯᠠᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠡᠨᠧᠷᠬᠢ ᠶᠢᠨ ᠬᠠᠳᠠᠭᠠᠯᠠᠬᠳᠠᠴᠠ ᠶᠢ ᠨᠡᠮᠡᠭᠳᠡᠬᠦᠯᠵᠤ ᠭᠠᠷᠤᠯᠳᠠ ᠶᠢ ᠲᠡᠭᠡᠭᠰᠢᠯᠡᠬᠦᠯᠬᠦ ᠶᠢ ᠠᠬᠢᠭᠤᠯᠵᠤ᠂ ᠰᠦᠯᠵᠢᠶᠠᠨ ᠤ ᠲᠦᠬᠦᠭᠡᠷᠤᠮᠵᠢ ᠪᠠᠨ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠨᠠᠬᠦᠷᠡᠰᠤ ᠶᠢ ᠴᠡᠪᠡᠷᠰᠢᠬᠦᠯᠦᠨ ᠦᠨᠳᠦᠷ ᠪᠦᠳᠦᠮᠵᠢᠳᠠᠢ ᠠᠰᠢᠬᠯᠠᠬᠤ ᠪᠠᠨ ᠴᠢᠩᠭᠠᠳᠬᠠᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠪᠦᠬᠦ ᠲᠠᠯ᠎ᠡ ᠪᠠᠷ ᠠᠬᠢᠭᠤᠯᠵᠤ᠂ ᠦᠪᠤᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠬᠦᠴᠦ ᠨᠠᠮᠠᠷᠢᠯᠠᠨ᠎ᠡ ᠭᠡᠵᠤ ᠢᠯᠡᠳᠭᠡᠪᠡ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸ᠋ᠨ᠂ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠶᠡᠷᠤᠩᠭᠡᠢ ᠲᠠᠭᠠᠭᠠᠮᠠᠯ ᠮᠠ ᠶᠦᠩ ᠱᠧᠩ ᠬᠤᠶᠠᠷ ᠲᠠᠯ᠎ᠡ ᠎ ᠶᠢ ᠲᠦᠯᠦᠭᠡᠯᠡᠵᠤ ᠭᠠᠷ ᠤᠨ ᠦᠰᠦᠭ ᠵᠢᠷᠤᠪᠠ᠃ ᠵᠦᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠡ ᠪᠠᠷ ᠢᠶᠠᠨ ᠪᠤᠬᠢᠷᠳᠦᠯ ᠦᠭᠡᠢ ᠲᠤᠤᠷ᠎ᠡ ᠨᠡᠬᠦᠷᠡᠰᠦᠳᠦ᠋ᠷᠦᠭᠴᠢᠳᠤ ᠤᠢᠢᠯᠠᠭᠠᠬᠳᠠᠬᠤᠨ ᠢ ᠪᠠᠷᠢᠮᠳᠠᠯᠠᠵᠤ᠂ ᠰᠤᠳᠤᠯᠤᠨ ᠨᠡᠭᠡᠭᠡᠬᠦ ᠴᠢᠳᠠᠪᠤᠷᠢ ᠶᠢᠨ ᠪᠠᠶᠢᠭᠤᠯᠤᠯᠳᠠ ᠪᠠᠨ ᠲᠦᠷᠭᠡᠳᠭᠡᠵᠤ᠂ ᠤᠷᠳᠤ ᠬᠤᠭᠤᠴᠠᠭᠠᠨ ᠤ ᠬᠦᠨᠵᠡᠭᠡᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠬᠦᠯᠬᠦ ᠪᠤᠯᠤᠨ᠎ᠡ᠃      ᠠᠬᠤᠢ ᠲᠠᠯᠠᠪᠠᠢ ᠳᠤ ᠪᠠᠰᠠ ᠤᠷᠳᠤᠰ ᠬᠤᠳᠠ ᠶᠢᠨ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠴᠠᠩ ᠴᠧᠩ ᠡᠨᠧᠷᠬᠢ ᠬᠢᠮᠢ ᠶᠢᠨ ᠠᠵᠤ ᠦᠢᠯᠡᠳᠪᠤᠷᠢ ᠶᠢᠨ ᠬᠢᠵᠠᠭᠠᠷᠳᠤ ᠺᠤᠮᠫᠠᠨᠢ ᠶᠢᠨ ᠨᠡᠬᠦᠷᠡᠰᠤ ᠪᠠᠷ ᠠᠯᠺᠧᠨ ᠦᠢᠯᠡᠳᠬᠦ ᠲᠦᠷᠦᠯ ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠲᠤ ᠭᠠᠷ ᠤᠨ ᠦᠰᠦᠭ ᠵᠢᠷᠤᠬᠤ ᠶᠤᠰᠤᠯᠠᠯ ᠶᠠᠪᠤᠬᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号