7 ᠰᠠᠷ᠎ᠠ ᠶᠢᠨ 23 — 24 ᠤ ᠡᠳᠤᠷ ᠪᠤᠯᠳᠠᠯ᠎ᠠ᠂ ︽ᠲᠤᠮᠳᠠᠳᠤ ᠮᠤᠩᠭᠤᠯ ᠤᠷᠤᠰ ᠤᠨ ᠤᠶᠤᠨ ᠤ | ᠬᠥᠮᠥᠷᠭᠡ ᠶᠢᠨ ᠤᠯᠠᠨ ᠤᠯᠤᠰ ᠤᠨ ᠶᠡᠷᠢᠶᠡᠨ ᠤ ᠲᠠᠪᠴᠠᠩ 2019︾ ᠬᠦᠬᠡᠬᠤᠳᠠ ᠳᠤ ᠶᠠᠪᠤᠬᠳᠠᠵᠠᠢ᠃ ᠲᠤᠰ | ᠤᠳᠠᠭ᠎ᠠ ᠶᠢᠨ ᠶᠡᠷᠢᠶᠠᠨ ᠤ ᠲᠠᠪᠴᠠᠩ ᠢ ︽ᠨᠢᠬᠡ ᠪᠥᠰᠡ ᠨᠢᠬᠡ ᠵᠠᠮ︾ ᠤᠨ ᠤᠶᠤᠨ ᠤ ᠬᠥᠮᠥᠷᠭᠡ ᠶᠢᠨ | ᠬᠠᠮᠳᠤᠷᠠᠯᠴᠠᠭᠠᠨ ᠤ ᠬᠤᠯᠪᠤᠭ᠎ᠠ᠂ ᠲᠤᠮᠳᠠᠳᠤ ᠮᠤᠩᠭᠤᠯ ᠤᠷᠤᠰ ᠤᠨ ᠬᠠᠮᠳᠤᠷᠠᠯᠴᠠᠭᠠᠨ ᠤ ᠲᠥᠪ ︵ᠬᠤᠯᠪᠤᠭ᠎ᠠ︶ | ᠭᠤᠤᠯᠯᠠᠨ ᠡᠷᠬᠢᠯᠡᠵᠤ᠂ ᠥᠪᠡᠷᠳᠡᠭᠡᠨ ᠵᠠᠰᠠᠬᠤ ᠤᠷᠤᠨ ᠤ ᠬᠥᠭᠵᠢᠬᠦᠯᠥᠯᠲᠡ ᠶᠢᠨ ᠰᠤᠳᠤᠯᠭᠠᠨ ᠤ ᠲᠥᠪ ᠵᠢᠵᠢᠬᠦᠷ | ᠲᠡᠷᠢᠬᠦᠯᠡᠭᠴᠢ ᠶᠢᠨ ᠲᠠᠯ᠎ᠠ ᠶᠢᠨ ᠬᠠᠷᠢᠭᠤᠴᠠᠯᠭ᠎ᠠ ᠶᠢ ᠡᠬᠦᠷᠭᠡᠯᠡᠪᠡ᠃ ᠲᠤᠰ ᠤᠳᠠᠭ᠎ᠠ ᠶᠢᠨ ᠶᠡᠷᠢᠶᠡᠨ ᠤ ᠲᠠᠪᠴᠠᠩ ᠤᠨ | ᠭᠤᠤᠯ ᠰᠡᠳᠤᠪ ᠪᠤᠯ ︽ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠭᠢᠯ᠄ ᠬᠥᠭᠵᠢᠯ ᠴᠡᠴᠡᠭᠯᠠᠯ ᠢᠶᠠᠨ | ᠰᠢᠯᠤᠭᠤᠳᠬᠠᠵᠥ᠂ ᠬᠠᠮᠳᠤᠷᠠᠯᠴᠠᠨ ᠬᠠᠮᠳᠤ ᠪᠠᠷ ᠠᠰᠢᠬ ᠬᠥᠷᠳᠡᠬᠦ︾ ᠶᠠᠪᠤᠳᠠᠯ ᠪᠤᠯᠤᠨ᠎ᠠ᠃ | ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠥᠪᠡᠷᠳᠡᠭᠡᠨ ᠵᠠᠰᠠᠬᠤ | ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠡᠬᠢᠯᠡᠯᠲᠡ ᠶᠢᠨ ᠶᠤᠰᠤᠯᠠᠯ ᠳᠤ ᠤᠷᠤᠯᠴᠠᠨ | ᠪᠡᠶᠡᠷ ᠤᠨ ᠥᠬᠡ ᠬᠡᠯᠡᠪᠡ᠃ ᠳᠤᠮᠳᠠᠳᠦ ᠤᠯᠤᠰ ᠤᠨ ᠠᠷᠠᠳ ᠳᠦᠮᠡᠨ ᠤ ᠡᠩᠭᠡ ᠳᠠᠶᠢᠪᠤᠩ ᠢ ᠳᠠᠮᠠᠴᠡᠨ ᠤᠯᠬᠤ | ᠪᠤᠯᠤᠨ ᠴᠡᠷᠢᠭ ᠢ ᠬᠠᠰᠤᠬᠤ ᠨᠡᠶᠢᠭᠡᠮᠯᠢᠭ ᠤᠨ ᠳᠠᠳ᠋ ᠳᠠᠷᠤᠭ᠎ᠠ᠂ ᠨᠠᠮ ᠤᠨ ᠳᠦᠪ ᠬᠤᠷᠢᠶᠠᠨ ᠤ ᠭᠠᠳᠠᠭᠠᠳᠦ ᠲᠠᠢ | ᠬᠠᠷᠢᠯᠴᠠᠬᠤ ᠭᠡᠯᠳᠡᠰ ᠤᠨ ᠤᠤᠯ ᠤᠨ ᠳᠡᠳ᠋ ᠳᠠᠷᠤᠭ᠎ᠠ ᠢᠤᠢ ᠬᠤᠩ ᠵᠢᠶᠦ᠋ᠨ ᠡᠬᠢᠯᠡᠯᠳᠡ ᠶᠢᠨ ᠶᠤᠰᠤᠯᠠᠯ ᠳᠤ | ᠤᠷᠤᠯᠴᠠᠪᠠ᠃ | ᠮᠠ ᠰᠢᠤᠸᠠᠢ ᠵᠢᠶᠦ᠋ᠨ᠂ ᠲᠤᠮᠳᠠᠳᠤ ᠮᠤᠩᠭᠤᠯ ᠤᠷᠤᠰ ᠤᠨ ᠤᠶᠤᠨ ᠤ ᠬᠥᠮᠥᠷᠭᠡ ᠶᠢᠨ ᠬᠠᠮᠳᠤᠷᠠᠯᠴᠠᠭᠠᠨ ᠤ | ᠬᠤᠯᠪᠤᠭ᠎ᠠ ᠶᠢ ᠡᠬᠦᠳᠤᠨ ᠪᠠᠶᠢᠭᠤᠯᠤᠬᠰᠠᠨ ᠨᠢ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠭᠢᠯ ᠤᠨ | ᠪᠥᠳᠥᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ ᠢᠶᠠᠷ ᠥᠯᠥ ᠪᠠᠷᠠᠮ ᠰᠢᠨ᠎ᠠ ᠴᠠᠬ ᠥᠶ᠎ᠠ ᠶᠢᠨ | ᠲᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠳᠠ ᠶᠢᠨ ᠱᠠᠭᠠᠷᠳᠠᠯᠭ᠎ᠠ ᠲᠠᠢ ᠲᠤᠬᠢᠷᠠᠯᠴᠠᠵᠥ᠂ ᠥᠪᠥᠷ | ᠮᠤᠩᠭᠤᠯ ᠤᠨ ᠴᠢᠨᠠᠷ ᠰᠠᠶᠢᠳᠠᠢ ᠬᠥᠭᠵᠢᠯᠳᠠ ᠶᠢ ᠪᠡᠶᠡᠯᠡᠬᠦᠯᠬᠦ ᠳᠤ ᠴᠢᠬᠤᠯᠠ ᠠᠴᠢ ᠬᠤᠯᠪᠤᠬᠳᠠᠯ ᠲᠠᠢ᠃ ᠥᠪᠥᠷ | ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠥᠬᠦᠢ ᠰᠠᠯᠠᠭ᠎ᠠ ᠮᠥᠴᠢᠷ ᠤᠷᠤᠰ ᠮᠤᠩᠭᠤᠯ ᠤᠨ | ᠵᠠᠰᠠᠬ ᠤᠨ ᠤᠷᠳᠤᠨ ᠲᠠᠢ ᠬᠠᠮᠳᠤ ᠪᠠᠷ ᠴᠢᠷᠮᠠᠶᠢᠵᠥ᠂ ᠬᠢᠯᠢ ᠶᠢᠨ ᠪᠤᠭᠤᠮᠳᠠ ᠪᠠ ᠤᠯᠠᠨ ᠤᠯᠤᠰ ᠤᠨ ᠵᠠᠮ | ᠨᠡᠪᠳᠡᠷᠡᠯᠭᠡ ᠶᠢᠨ ᠲᠠᠶᠢᠴᠢᠯᠠᠯᠳᠠ ᠶᠢᠨ ᠥᠢᠯᠡᠳᠥᠯ ᠢ ᠬᠥᠢᠴᠡᠳ ᠪᠠᠳᠠᠷᠡᠭᠤᠯᠵᠥ᠂ ᠵᠢᠭᠤᠯᠴᠢᠯᠠᠯ᠂ ᠠᠷᠠᠯᠵᠢᠶ᠎ᠠ᠂ | ᠮᠥᠡᠭᠭᠦᠨ ᠬᠥᠢᠯᠭᠡᠭᠡ᠂ ᠰᠠᠭᠤᠷᠢ ᠲᠥᠬᠦᠬᠡᠷᠥᠮᠵᠢ᠂ ᠤᠶᠤᠨ ᠤ ᠬᠥᠮᠥᠷᠭᠡ ᠵᠡᠷᠭᠡ ᠬᠥᠷᠢᠶ᠎ᠠ ᠴᠠᠷᠠᠭ᠎ᠠ ᠳᠠᠬᠢ | ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠤᠯᠠᠮ ᠨᠢᠬᠡ ᠠᠯᠬᠤᠮ ᠬᠥᠨᠵᠡᠬᠡᠶᠢᠷᠡᠬᠦᠯᠬᠦ ᠭᠡᠷᠡᠭᠳᠠᠢ ᠬᠡᠵᠦ ᠵᠢᠭᠠᠵᠤ | ᠭᠠᠷᠭᠠᠵᠡᠢ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠬᠤᠭᠤᠴᠠᠭᠠᠨ ᠳᠤ ᠭᠤᠷᠪᠠᠨ ᠤᠯᠤᠰ ᠤᠨ | ᠲᠤᠰᠬᠠᠢ ᠮᠡᠷᠭᠡᠵᠢᠯᠳᠠᠳ ᠠᠴᠠ ᠭᠤᠤᠯ ᠰᠡᠳᠤᠪ ᠤᠨ ᠲᠤᠭᠤᠷᠢᠨ ᠳᠤ ︽ᠲᠤᠷᠭᠠᠨ ᠵᠠᠮ ᠤᠨ ᠠᠵᠤ ᠠᠬᠤᠢ ᠶᠢᠨ | ᠪᠥᠰᠠ ᠶᠢᠨ ᠰᠢᠨ᠎ᠠ ᠲᠠᠪᠴᠠᠩ ᠢ ᠬᠠᠮᠳᠤ ᠪᠠᠷ ᠪᠠᠶᠢᠭᠤᠯᠬᠤ︾᠂ ︽ᠲᠤᠮᠳᠠᠳᠤ ᠮᠤᠩᠭᠤᠯ ᠤᠷᠤᠰ ᠤᠨ ᠠᠵᠤ | ᠠᠬᠤᠢ ᠶᠢᠨ ᠬᠤᠨᠭ᠍ᠭᠢᠯ ᠤᠨ ᠰᠢᠨ᠎ᠠ ᠰᠡᠳᠬᠢᠴᠡ ᠶᠢ ᠬᠠᠮᠳᠤ ᠪᠠᠷ ᠡᠷᠢᠯᠬᠢᠯᠡᠬᠦ︾᠂ ︽ᠠᠷᠠᠯᠵᠢᠶ᠎ᠠ ᠪᠠᠨ ᠰᠢᠯᠤᠭᠤᠳᠬᠠᠨ | ᠰᠢᠨ᠎ᠠ ᠬᠥᠭᠵᠢᠯᠳᠠ ᠶᠢ ᠬᠠᠮᠳᠤ ᠪᠠᠷ ᠠᠬᠢᠭᠤᠯᠬᠤ︾᠂ ︽ᠡᠸᠦ᠋ᠷᠥᠫᠠ ᠠᠽᠢᠶ᠎ᠠ ᠲᠢᠪ ᠤᠨ ᠭᠥᠢᠯᠭᠡᠭᠡᠨ ᠤ ᠭᠤᠤᠯ | ᠬᠥᠢᠰᠤ ᠵᠠᠮ ᠨᠡᠪᠳᠡᠷᠡᠯᠭᠡ ᠶᠢ ᠬᠠᠮᠳᠤ ᠪᠠᠷ ᠨᠡᠭᠡᠭᠡᠬᠦ︾᠂ ︽ᠪᠤᠬᠢᠷᠳᠤᠯ ᠥᠬᠡᠢ ᠮᠥᠡᠭᠭᠦᠨ ᠬᠥᠢᠯᠭᠡᠭᠡ ᠶᠢᠨ ᠰᠢᠨ᠎ᠠ | ᠨᠡᠮᠡᠭᠳᠠᠯ ᠤᠨ ᠴᠡᠭ ᠢ ᠬᠠᠮᠳᠤ ᠪᠠᠷ ᠡᠬᠦᠳᠬᠦ︾᠂ ︽ᠠᠷᠠᠳ ᠤᠨ ᠰᠡᠳᠬᠢᠯ ᠤᠨ ᠨᠡᠪᠳᠡᠷᠡᠯᠴᠡᠭᠡ ᠶᠢᠨ ᠰᠢᠨ᠎ᠠ ᠰᠠᠭᠤᠷᠢ | ᠴᠢᠯᠠᠭᠤ ᠶᠢ ᠬᠠᠮᠳᠤ ᠪᠠᠷ ᠴᠤᠬᠴᠠᠯᠠᠬᠤ︾ ᠵᠡᠷᠭᠡ 6 ᠲᠠᠯᠠᠪᠤᠷ ᠲᠤᠰᠬᠠᠢ ᠰᠡᠳᠤᠪᠳᠤ ᠰᠤᠳᠤᠯᠤᠨ ᠶᠠᠷᠢᠯᠴᠠᠭ᠎ᠠ | ᠦᠷᠨᠢᠭᠦᠯᠵᠦ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠭᠢᠯ ᠤᠨ ᠴᠢᠨᠠᠷ ᠰᠠᠶᠢᠳᠠᠢ | ᠬᠥᠭᠵᠢᠯᠳᠠ ᠳᠤ ᠬᠠᠮᠳᠤ ᠪᠠᠷ ᠡᠷᠢᠯᠬᠢᠯᠡᠯ ᠬᠢᠵᠠᠢ᠃ | ᠥᠢᠯᠠᠭᠠᠬᠰᠠᠨ ᠢᠶᠠᠷ᠂ ᠲᠤᠰ ᠶᠠᠷᠢᠶᠠᠨ ᠤ ᠲᠠᠪᠴᠠᠩ ᠳᠤ ᠲᠤᠮᠳᠠᠳᠤ ᠮᠤᠩᠭᠤᠯ ᠤᠷᠤᠰ ᠤᠨ ᠭᠤᠷᠪᠠᠨ | ᠤᠯᠤᠰ ᠤᠨ ᠤᠶᠤᠨ ᠤ ᠬᠥᠮᠥᠷᠭᠡ᠂ ᠵᠠᠰᠠᠬ ᠤᠨ ᠤᠷᠳᠤᠨ ᠵᠢᠴᠢ ᠠᠵᠤ ᠠᠬᠤᠢᠢᠯᠠᠯ ᠤᠨ ᠡᠳᠡᠭᠡᠳ ᠤᠨ 200 | ᠭᠠᠷᠤᠢ ᠬᠥᠮᠥᠨ ᠤᠷᠤᠯᠴᠠᠬᠤ ᠶᠢᠨ ᠬᠠᠮᠳᠤ 100 ᠭᠠᠷᠤᠢ ᠥᠬᠦᠯᠠᠯ ᠬᠠᠨᠭ᠍ᠭᠠᠵᠠᠢ᠃ ᠶᠡᠷᠢᠶᠡᠨ ᠤ ᠲᠠᠪᠴᠠᠩ ᠤᠨ | ᠬᠤᠭᠤᠴᠠᠭᠠᠨ ᠳᠤ ᠪᠠᠰᠠ ︽ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠭᠡ ᠶᠢᠨ ᠬᠠᠮᠲᠤᠷᠠᠯᠴᠠᠭᠠᠨ ᠤ | ᠲᠦᠪ ︵ᠬᠤᠯᠪᠤᠭ᠎ᠠ︶ ᠤᠨ 2019 ᠬᠦ᠋ᠬᠡᠬᠤᠳᠠ ᠶᠢᠨ ᠬᠠᠮᠳᠤ ᠶᠢᠨ ᠠᠵᠢᠯᠯᠠᠭᠠᠨ ᠤ ᠲᠤᠩᠬᠠᠬ︾ ᠢ ᠪᠠᠳᠤᠯᠠᠵᠥ᠂ ︽ | ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠭᠡ ᠶᠢᠨ ᠬᠠᠮᠲᠤᠷᠠᠯᠴᠠᠭᠠᠨ ᠤ ᠲᠦᠪ ︵ᠬᠤᠯᠪᠤᠭ᠎ᠠ︶ ᠤᠨ | ᠬᠤᠶᠠᠳᠤᠭᠠᠷ ᠬᠤᠭᠤᠴᠠᠭᠠᠨ ᠤ ᠬᠠᠮᠲᠤ ᠶᠢᠨ ᠬᠡᠷᠡᠭ ᠡᠷᠬᠢᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯ ᠤᠨ | ᠰᠠᠨᠠᠭᠤᠯᠤᠮᠵᠢ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ | ᠲᠤᠮᠳᠠᠳᠤ ᠮᠤᠩᠭᠤᠯ ᠤᠷᠤᠰ ᠤᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠢ 2015 ᠤᠨ ᠠᠴᠠ ᠡᠬᠢᠯᠡᠨ | ᠶᠠᠪᠤᠬᠳᠠᠭᠤᠯᠵᠥ᠂ ᠤᠳᠤᠬᠠᠨ ᠪᠤᠯᠳᠠᠯ᠎ᠠ ᠲᠤᠮᠳᠠᠳᠤ ᠮᠤᠩᠭᠤᠯ ᠤᠷᠤᠰ ᠭᠤᠷᠪᠠᠨ ᠤᠯᠤᠰ ᠲᠤ ᠲᠠᠷᠠᠭᠠᠯᠠᠨ ᠲᠠᠪᠤᠨ | ᠬᠤᠭᠤᠴᠠᠭ᠎ᠠ ᠡᠷᠬᠢᠯᠡᠨ ᠶᠠᠪᠤᠬᠳᠠᠭᠤᠯᠵᠤ ᠪᠤᠢ᠃ ᠶᠠᠷᠢᠶᠠᠨ ᠤ ᠲᠠᠪᠴᠠᠩ ᠳᠤ ᠤᠷᠢᠳ ᠬᠤᠵᠢᠳ ᠲᠤᠮᠳᠠᠳᠤ ᠮᠤᠩᠭᠤᠯ | ᠤᠷᠤᠰ ᠤᠨ ᠲᠤᠰᠬᠠᠢ ᠮᠡᠷᠭᠡᠵᠢᠯᠳᠠᠳ ᠨᠠᠶᠢᠳᠠ 800 ᠭᠠᠷᠤᠢ ᠬᠥᠮᠥᠨ ᠤᠳᠠᠭ᠎ᠠ ᠤᠷᠤᠯᠴᠠᠨ᠂ ᠤᠷ᠎ᠠ ᠤᠬᠠᠭᠠᠨ | ᠠᠷᠭ᠎ᠠ ᠪᠤᠳᠤᠯᠭ᠎ᠠ ᠪᠠᠨ ᠡᠷᠬᠦᠨ ᠤᠶᠤᠨ ᠤ ᠬᠥᠮᠥᠷᠭᠡ ᠶᠢᠨ ᠬᠤᠭᠤᠷᠤᠨᠳᠤᠬᠢ ᠰᠤᠯᠢᠯᠴᠠᠭ᠎ᠠ ᠳᠤ ᠢᠳᠡᠪᠬᠢᠳᠠᠢ ᠬᠤᠪᠢ | ᠨᠡᠮᠡᠷᠢ ᠥᠵᠡᠬᠦᠯᠵᠥ ᠪᠤᠢ᠃ | |