ᠯᠢ ᠵᠢᠢ ᠾᠧᠩ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠳ᠋ᠦᠩ ᠹᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2019/7/26
     7 ᠰᠠᠷ᠎ᠠ ᠶᠢᠨ 25᠎ ᠤ ᠦᠳᠡ ᠶᠢᠨ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠳ᠋ᠦᠩ ᠹᠧᠩ ᠨᠠᠷ ᠲᠠᠢ ᠠᠭᠤᠯᠵᠠᠪᠠ᠃      ᠯᠢ ᠵᠢᠢ ᠾᠧᠩ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠳᠤ ᠺᠤᠮᠫᠠᠨᠢ ᠵᠡᠷᠬᠡ ᠬᠠᠮᠢᠶ᠎ᠠ ᠪᠦᠬᠦᠢ ᠳᠠᠯ᠎ᠠ ᠶᠢᠨ ᠬᠦᠴᠦᠳᠡᠢ ᠳᠡᠮᠵᠢᠯᠬᠡ ᠳᠤᠤᠷ᠎ᠠ᠂ ᠦᠪᠦᠷ ᠮᠤᠩᠭᠤᠯ ᠤᠨ ᠠᠭᠠᠷ ᠤᠨ ᠠᠶᠠᠯᠠᠯ ᠤᠨ ᠦᠢᠯᠡᠰ ᠤᠨ ᠬᠦᠭᠵᠢᠯᠳᠡ ᠢᠯᠡᠳᠳᠡ ᠦᠷ᠎ᠡ ᠪᠦᠳᠦᠮᠵᠢ ᠤᠯᠵᠥ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠳᠤᠰᠠᠭᠠᠷ ᠪᠡᠯᠡ ᠤᠷᠤᠭᠤᠯᠤᠨ ᠪᠠᠶᠢᠭᠤᠯᠤᠬᠰᠠᠨ ᠠᠩᠬᠠᠳᠠᠬᠴᠢ ᠵᠦᠬᠡᠬᠡᠪᠦᠷᠢ ᠶᠢᠨ ᠠᠭᠠᠷ ᠤᠨ ᠠᠶᠠᠯᠠᠯ ᠤᠨ ᠺᠤᠮᠫᠠᠨᠢ ᠪᠤᠯᠬᠤ ᠳᠢᠶᠠᠨ ᠵᠢᠶᠤᠤ ᠠᠭᠠᠷ ᠤᠨ ᠠᠶᠠᠯᠠᠯ ᠤᠳᠠᠯ ᠦᠬᠡᠢ ᠠᠩᠬᠠᠨ ᠤ ᠨᠢᠰᠤᠯᠳᠠ ᠬᠢᠬᠦ ᠪᠤᠯᠤᠨ᠎ᠡ᠃ ᠦᠪᠦᠷ ᠮᠤᠩᠭᠤᠯ ᠳᠤᠷᠠᠳᠠᠶ᠎ᠠ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠺᠤᠮᠫᠠᠨᠢ ᠯᠤᠭ᠎ᠠ ᠬᠠᠮᠳᠤᠷᠠᠯᠴᠠᠭ᠎ᠠ ᠰᠤᠯᠢᠯᠴᠠᠭ᠎ᠠ ᠪᠠᠨ ᠳᠠᠰᠤᠷᠠᠯᠳᠠ ᠦᠬᠡᠢ ᠬᠦᠨᠵᠡᠬᠡᠶᠢᠷᠡᠬᠦᠯᠵᠥ᠂ ᠮᠠᠨ ᠤ ᠤᠯᠤᠰ ᠤᠨ ᠳᠤᠮᠤ ᠨᠢᠰᠬᠡᠯ ᠤᠨ ᠦᠢᠯᠡᠰ ᠤᠨ ᠬᠦᠭᠵᠢᠯᠳᠡ ᠶᠢ ᠬᠠᠮᠳᠤ ᠪᠠᠷ ᠠᠬᠢᠭᠤᠯᠤᠨ᠎ᠡ ᠬᠡᠪᠡ᠃      ᠾᠧ ᠳ᠋ᠦᠩ ᠹᠧᠩ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠳᠤ ᠺᠤᠮᠫᠠᠨᠢ ᠠᠴᠠ ᠳᠢᠶᠠᠨ ᠵᠢᠶᠤᠤ ᠠᠭᠠᠷ ᠤᠨ ᠠᠶᠠᠯᠠᠯ ᠤᠨ ᠺᠤᠮᠫᠠᠨᠢ ᠶᠢᠨ ᠤᠯᠤᠰ ᠲᠠᠭᠠᠨ ᠦᠢᠯᠡᠳᠪᠦᠷᠢᠯᠡᠭᠰᠡᠨ ᠨᠢᠰᠬᠡᠯ ᠤᠨ ᠡᠵᠡᠩᠨᠡᠯᠳᠡ ᠦᠢᠯᠡᠴᠢᠯᠡᠭᠡ ᠶᠢ ᠦᠨᠡᠨ ᠬᠦ ᠳᠡᠮᠵᠢᠵᠥ᠂ ᠦᠪᠦᠷ ᠮᠤᠩᠭᠤᠯ ᠯᠤᠭ᠎ᠠ ᠶᠢᠨ ᠠᠭᠠᠷ ᠤᠨ ᠠᠶᠠᠯᠠᠯ ᠤᠨ ᠠᠵᠥ ᠦᠢᠯᠡᠰ  ᠤᠨ ᠬᠠᠮᠳᠤᠷᠠᠯᠴᠠᠭᠠᠨ ᠤ ᠳᠦᠷᠦᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠢᠳᠡᠪᠬᠢᠳᠠᠢ ᠠᠬᠢᠭᠤᠯᠵᠥ᠂ ᠦᠢᠯᠡᠴᠢᠯᠡᠬᠡᠨ ᠤ ᠬᠦᠷᠢᠶ᠎ᠡ ᠬᠡᠪᠴᠢᠶ᠎ᠡ ᠪᠠᠨ ᠦᠷᠬᠡᠳᠬᠡᠵᠥ᠂ ᠦᠪᠦᠷ ᠮᠤᠩᠭᠤᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤ ᠬᠤᠪᠢ ᠨᠡᠮᠡᠷᠢ ᠦᠵᠡᠬᠦᠯᠦᠨ᠎ᠡ ᠬᠡᠵᠥ ᠢᠯᠡᠳᠬᠡᠪᠡ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号