ᠥᠪᠥᠷ ᠵᠠᠰᠠᠭ ᠠᠯᠪᠠᠨ ᠲᠠᠷᠬᠠᠭᠠᠭᠰᠠᠨ ﹇2019﹈ 11 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢᠨ ᠬᠡᠷᠡᠭᠵᠢᠭᠦᠯᠬᠦ ᠲᠦᠰᠦᠯ ︵ | 2018 — 2020 ᠣᠨ︶︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢᠨ | ᠬᠡᠷᠡᠭᠵᠢᠭᠦᠯᠬᠦ ᠲᠦᠰᠦᠯ ︵2018 — 2020 ᠣᠨ︶ | | ︽ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ ︵2018 — 2020 ᠣᠨ︶ ᠶᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠭᠢᠮ ᠤᠨ ᠮᠡᠳᠡᠭᠳᠡᠯ︾ ︵ᠲᠥᠷᠦ ᠠᠯᠪᠠᠨ ᠲᠠᠷᠬᠠᠭᠠᠭᠰᠠᠨ ﹇2018﹈ 91 ᠳ᠋ᠤᠭᠡᠷ | ᠲᠣᠭᠠᠲᠤ︶ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠣᠷᠣᠨ ᠤ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠶᠡᠷᠦᠩᠬᠡᠶᠢᠯᠡᠭᠰᠡᠨ | ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ | ᠪᠣᠲᠠᠲᠠᠢ ᠲᠠᠢ ᠤᠶᠠᠯᠳᠤᠭᠤᠯᠤᠨ᠂ ᠲᠤᠰ ᠲᠦᠰᠦᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠦᠪᠦᠷ ᠮᠣᠩᠭᠤᠯ ᠤᠨ ᠲᠦᠯᠦᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠳᠤ ᠣᠷᠤᠯᠴᠠᠬᠤ ᠦᠶ᠎ᠡ ᠳᠤ ᠬᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠨ᠂ ᠦᠪᠦᠷ ᠮᠣᠩᠭᠤᠯ ᠢ ᠪᠡᠭᠡᠵᠢᠩ ᠲᠢᠶᠠᠨᠵᠢᠨ ᠾᠧᠪᠧᠢ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ | ᠭᠤᠣᠯᠳᠠᠯᠭ᠎ᠠ ᠲᠠᠢ ᠣᠷᠣᠨ ᠪᠦᠰᠡ ᠪᠣᠯᠭᠠᠬᠤ ᠪᠠᠷ ᠪᠠᠶᠢᠷᠢ ᠲᠣᠭᠲᠠᠭᠠᠯᠲᠠ ᠬᠢᠵᠦ᠂ ᠵᠠᠰᠠᠭ ᠤᠨ ᠣᠷᠳᠣᠨ ᠭᠤᠣᠯᠯᠠᠬᠤ᠂ | ᠰᠠᠯᠠᠭ᠎ᠠ ᠮᠦᠴᠢᠷ ᠬᠠᠮᠵᠢᠯᠴᠠᠬᠤ᠂ ᠭᠤᠣᠯᠳᠠᠯᠭ᠎ᠠ ᠲᠠᠢ ᠪᠠᠷ ᠰᠢᠪᠲᠤᠯᠬᠤ᠂ ᠰᠢᠰᠲ᠋ᠧᠮ ᠲᠠᠢ ᠪᠠᠷ ᠠᠬᠢᠭᠤᠯᠬᠤ | ᠵᠠᠷᠴᠢᠮ ᠢ ᠪᠠᠷᠢᠮᠲᠠᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠪᠠᠶᠢᠭᠤᠯᠤᠯ ᠤᠨ ᠦᠭᠡᠷᠡᠴᠢᠯᠡᠯᠲᠡ | ᠪᠣᠯᠣᠨ ᠪᠦᠲᠦᠴᠡ ᠶᠢᠨ ᠲᠣᠬᠢᠷᠠᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠲᠡᠮᠦᠷ ᠵᠠᠮ ᠤᠨ | ᠲᠡᠭᠡᠭᠡᠪᠦᠷᠢᠯᠡᠬᠦ ᠴᠢᠳᠠᠯ ᠢ ᠳᠡᠭᠡᠭᠰᠢᠯᠡᠭᠦᠯᠬᠦ ᠠᠵᠢᠯᠯᠠᠭ᠎ᠠ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠳᠤ ᠵᠠᠰᠠᠯᠲᠠ ᠬᠢᠬᠦ | ᠠᠵᠢᠯᠯᠠᠭ᠎ᠠ᠂ ᠣᠯᠠᠨ ᠬᠡᠯᠪᠡᠷᠢ ᠪᠠᠷ ᠬᠠᠮᠲᠤᠷᠠᠨ ᠲᠡᠭᠡᠭᠡᠪᠦᠷᠢᠯᠡᠵᠦ ᠬᠤᠷᠳᠤᠴᠠ ᠶᠢ ᠨᠡᠮᠡᠭᠳᠡᠭᠦᠯᠬᠦ ᠠᠵᠢᠯᠯᠠᠭ᠎ᠠ᠂ | ᠬᠤᠲᠠ ᠶᠢᠨ ᠪᠣᠬᠢᠷᠳᠤᠯ ᠦᠭᠡᠢ ᠪᠠᠷ ᠲᠣᠬᠢᠷᠠᠭᠤᠯᠤᠨ ᠬᠦᠷᠭᠡᠬᠦ ᠠᠵᠢᠯᠯᠠᠭ᠎ᠠ᠂ ᠮᠡᠳᠡᠭᠡ ᠵᠠᠩᠭᠢ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ ᠠᠵᠢᠯᠯᠠᠭ᠎ᠠ ᠨᠤᠭᠤᠳ ᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠤᠨ ᠬᠢᠨ ᠤ ᠵᠠᠬ᠎ᠠ | ᠳᠡᠯᠭᠡᠭᠦᠷ ᠤᠨ ᠭᠤᠣᠯ ᠴᠤᠭᠴᠠ ᠪᠣᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠪᠦᠭᠡᠮ ᠢᠶᠠᠷ ᠪᠠᠷᠠᠭ᠎ᠠ | ᠲᠡᠭᠡᠭᠡᠪᠦᠷᠢᠯᠡᠬᠦ ᠳᠤ ︽ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠣᠯᠭᠠᠨ ᠬᠤᠪᠢᠷᠠᠭᠤᠯᠬᠤ︾ | ᠶᠢ ᠬᠦᠴᠦᠲᠡᠢ ᠠᠬᠢᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ ᠶᠢ ᠨᠡᠮᠡᠭᠳᠡᠭᠦᠯᠦᠨ᠂ ᠵᠠᠰᠠᠮᠠᠯ ᠵᠠᠮ ᠤᠨ | ᠲᠡᠭᠡᠭᠡᠪᠦᠷᠢ ᠶᠢᠨ ᠬᠡᠮᠵᠢᠶ᠎ᠡ ᠶᠢ ᠪᠠᠭᠠᠰᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠵᠢᠭᠤᠯᠤᠨ᠂ | ᠨᠢᠭᠡ ᠴᠤᠭᠴᠠᠵᠢᠭᠤᠯᠤᠨ᠂ ᠤᠶᠤᠨᠴᠢᠯᠠᠨ ᠬᠥᠭᠵᠢᠭᠦᠯᠬᠦ ᠬᠢᠷᠢ ᠲᠥᠪᠰᠢᠨ ᠢ ᠳᠡᠭᠡᠭᠰᠢᠯᠡᠭᠦᠯᠵᠦ᠂ ᠦᠪᠡᠷᠲᠡᠭᠡᠨ ᠵᠠᠰᠠᠬᠤ | ᠣᠷᠣᠨ ᠤ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ | ᠠᠭᠤᠰᠤᠯᠴᠠᠭᠰᠠᠨ ᠪᠠ ᠦᠨᠳᠦᠷ ᠪᠦᠲᠦᠮᠵᠢᠲᠡᠢ ᠰᠢᠨ᠎ᠡ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠬᠦᠯᠢ ᠴᠤᠭᠴᠠ ᠶᠢᠨ ᠦᠢᠯᠡᠳᠦᠯ ᠪᠦᠲᠦᠮᠵᠢ ᠶᠢ | ᠳᠡᠭᠡᠭᠰᠢᠯᠡᠭᠦᠯᠦᠨ᠂ ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠠᠬᠢ ᠪᠦᠬᠦ | ᠤᠯᠤᠰ ᠤᠨ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠳᠤ ᠦᠢᠯᠡᠴᠢᠯᠡᠵᠦ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠠ ᠦᠵᠡᠰᠭᠦᠯᠡᠩᠲᠦ | ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | 2020 ᠣᠨ ᠪᠣᠯᠬᠤ ᠳᠤ᠂ ᠪᠦᠬᠦ ᠣᠷᠣᠨ ᠤ ᠲᠡᠮᠦᠷ ᠵᠠᠮ ᠤᠨ ᠡᠭᠦᠷᠭᠡᠯᠡᠵᠦ ᠪᠠᠶᠢᠭ᠎ᠠ ᠪᠦᠭᠡᠮ ᠢᠶᠠᠷ ᠪᠠᠷᠠᠭ᠎ᠠ | ᠲᠡᠭᠡᠭᠡᠪᠦᠷᠢᠯᠡᠬᠦ ᠬᠤᠪᠢ ᠶᠢᠨ ᠵᠢᠩ ᠢ ᠢᠯᠡᠷᠬᠡᠢ ᠳᠡᠭᠡᠭᠰᠢᠯᠡᠭᠦᠯᠵᠦ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ | ᠠᠷᠭ᠎ᠠ ᠬᠡᠯᠪᠡᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠵᠦ ᠢᠯᠡᠳᠲᠡ ᠦᠷ᠎ᠡ ᠪᠦᠲᠦᠮᠵᠢ ᠲᠠᠢ ᠪᠣᠯᠭᠠᠨ᠂ ᠲᠡᠮᠦᠷ | ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠠᠳᠠᠯᠢ ᠪᠤᠰᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ | ᠠᠷᠭ᠎ᠠ ᠬᠡᠯᠪᠡᠷᠢ ᠶᠢᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ | ᠬᠦᠷᠲᠡᠵᠦ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠣᠢ | ᠪᠣᠯᠭᠠᠵᠤ᠂ ᠵᠠᠰᠠᠮᠠᠯ ᠵᠠᠮ ᠤᠨ ᠬᠤᠯᠠ ᠵᠠᠶᠢᠲᠣ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢ ᠢᠯᠡᠳᠲᠡ ᠪᠠᠭᠤᠷᠠᠭᠤᠯᠵᠤ᠂ | ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠦᠰᠬᠡ ᠶᠢᠨ ᠬᠤᠯᠠ ᠵᠠᠶᠢᠲᠣ ᠲᠡᠭᠡᠭᠡᠪᠦᠷᠢ ᠠᠴᠠ ᠡᠭᠦᠰᠦᠭᠰᠡᠨ | ᠪᠣᠬᠢᠷᠳᠤᠯ ᠢ ᠤᠯᠠᠮ ᠨᠢᠭᠡ ᠠᠯᠬᠤᠮ ᠳᠤᠷᠤᠭᠰᠢᠯᠠᠭᠤᠯᠤᠨ᠎ᠠ᠃ 2017 ᠣᠨ ᠤ ᠬᠢ ᠲᠠᠢ ᠬᠠᠷᠢᠴᠠᠭᠤᠯᠪᠠᠯ᠂ ᠪᠦᠬᠦ | ᠣᠷᠣᠨ ᠤ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢ 2 ᠳ᠋ᠦᠩᠰᠢᠭᠤᠷ ᠲᠤᠨ ᠨᠡᠮᠡᠭᠳᠡᠭᠦᠯᠵᠦ᠂ ᠣᠯᠠᠨ | ᠬᠡᠯᠪᠡᠷᠢ ᠪᠠᠷ ᠬᠠᠮᠲᠤᠷᠠᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 20% ᠪᠠᠷ | ᠨᠡᠮᠡᠭᠳᠡᠭᠦᠯᠦᠨ᠎ᠡ᠃ | ᠭᠤᠷᠪᠠ᠂ ᠭᠤᠣᠯ ᠪᠣᠯᠬᠤ ᠡᠭᠦᠷᠭᠡ | ︵ᠨᠢᠭᠡ︶ ᠲᠡᠮᠦᠷ ᠵᠠᠮ ᠤᠨ ᠲᠡᠭᠡᠭᠡᠪᠦᠷᠢᠯᠡᠬᠦ ᠴᠢᠳᠠᠯ ᠢ ᠳᠡᠭᠡᠭᠰᠢᠯᠡᠭᠦᠯᠬᠦ ᠠᠵᠢᠯᠯᠠᠭ᠎ᠠ | 1. ᠭᠤᠣᠯ ᠱᠤᠭᠤᠮ ᠤᠨ ᠲᠡᠮᠦᠷ ᠵᠠᠮ ᠢ ᠪᠦᠲᠦᠭᠡᠨ ᠪᠠᠶᠢᠭᠤᠯᠬᠤ ᠢᠨᠵᠧᠨᠧᠷᠢᠩ᠃ ᠦᠪᠦᠷ ᠮᠣᠩᠭᠤᠯ ᠠᠴᠠ | ᠵᠢᠶᠠᠩᠰᠢ ᠬᠦᠷᠬᠦ ᠵᠡᠷᠭᠡ ᠭᠤᠣᠯᠳᠠᠯᠭ᠎ᠠ ᠲᠠᠢ ᠭᠤᠣᠯ ᠱᠤᠭᠤᠮ ᠤᠨ ᠲᠡᠮᠦᠷ ᠵᠠᠮ ᠢ ᠪᠦᠲᠦᠭᠡᠨ ᠪᠠᠶᠢᠭᠤᠯᠬᠤ ᠠᠬᠢᠴᠠ ᠶᠢ | ᠲᠦᠷᠭᠡᠳᠭᠡᠵᠦ᠂ ᠪᠠᠶᠢᠴᠤᠩ ᠬᠤᠲᠠ ᠠᠴᠠ ᠷᠠᠰᠢᠶᠠᠨ᠂ ᠵᠢᠨᠢᠩ ᠠᠴᠠ ᠡᠷᠢᠶᠡᠨ ᠬᠦᠷᠬᠦ ᠵᠡᠷᠭᠡ ᠭᠤᠣᠯᠳᠠᠯᠭ᠎ᠠ ᠲᠠᠢ | ᠭᠤᠣᠯ ᠱᠤᠭᠤᠮ ᠤᠨ ᠲᠡᠮᠦᠷ ᠵᠠᠮ ᠤᠨ ᠲᠡᠭᠡᠭᠡᠪᠦᠷᠢᠯᠡᠬᠦ ᠴᠢᠳᠠᠯ ᠢ ᠨᠡᠮᠡᠭᠳᠡᠭᠦᠯᠦᠨ ᠦᠭᠡᠷᠡᠴᠢᠯᠡᠬᠦ ᠲᠦᠷᠦᠯ ᠵᠦᠢᠯ ᠢ | ᠲᠦᠷᠭᠡᠳᠭᠡᠨ᠂ ᠳ᠋ᠠᠲ᠋ᠦ᠋ᠩ ᠠᠴᠠ ᠪᠤᠭᠤᠳᠤ ᠬᠦᠷᠬᠦ᠂ ᠲᠦᠩᠯᠢᠶᠣᠣ ᠠᠴᠠ ᠬᠤᠤᠯᠢᠨ ᠭᠤᠣᠯ ᠬᠦᠷᠬᠦ ᠵᠡᠷᠭᠡ ᠣᠳᠣ ᠶᠢᠨ | ᠪᠠᠶᠢᠭ᠎ᠠ ᠲᠡᠮᠦᠷ ᠵᠠᠮ ᠤᠨ ᠶᠡᠷᠦᠩᠬᠡᠢ ᠠᠰᠢᠭᠯᠠᠮᠵᠢ ᠶᠢ ᠳᠡᠭᠡᠭᠰᠢᠯᠡᠭᠦᠯᠵᠦ᠂ ᠲᠡᠮᠦᠷ ᠵᠠᠮ ᠤᠨ ᠭᠤᠣᠯ ᠱᠤᠭᠤᠮ ᠤᠨ | ᠭᠤᠣᠯᠳᠠᠯᠭ᠎ᠠ ᠲᠠᠢ ᠠᠩᠬᠢᠯᠠᠬᠤ ᠥᠷᠲᠡᠭᠡᠨ ᠤ ᠲᠥᠭᠦᠭᠡᠷᠦᠮᠵᠢ ᠪᠡᠯᠡᠳᠭᠡᠮᠵᠢ ᠶᠢ ᠦᠭᠡᠷᠡᠴᠢᠯᠡᠵᠦ ᠲᠡᠭᠡᠭᠡᠪᠦᠷᠢᠯᠡᠬᠦ | ᠴᠢᠳᠠᠯ ᠢ ᠨᠢ ᠨᠡᠮᠡᠭᠳᠡᠭᠦᠯᠬᠦ ᠠᠵᠢᠯ ᠢ ᠬᠡᠷᠡᠭᠵᠢᠭᠦᠯᠵᠦ᠂ ᠵᠠᠷᠢᠮ ᠣᠷᠣᠨ ᠬᠡᠰᠡᠭ ᠤᠨ ᠪᠠᠷᠠᠭ᠎ᠠ ᠲᠡᠭᠡᠭᠡᠪᠦᠷᠢᠯᠡᠬᠦ | ᠴᠢᠳᠠᠪᠤᠷᠢ ᠬᠦᠷᠦᠯᠴᠡᠬᠦ ᠦᠭᠡᠢ ᠪᠠᠶᠢᠬᠤ ᠪᠠᠴᠢᠮ ᠪᠠᠶᠢᠳᠠᠯ ᠢ ᠨᠠᠮᠳᠠᠭᠤᠯᠵᠤ᠂ ᠵᠠᠮ ᠤᠨ ᠲᠣᠣᠷ ᠤᠨ ᠲᠡᠭᠡᠭᠡᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ ᠵᠠᠮ ᠤᠨ | ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ ᠦᠪᠦᠷ ᠮᠣᠩᠭᠤᠯ ᠤᠨ ᠪᠠᠷᠠᠭᠤᠨ ᠬᠡᠰᠡᠭ ᠠᠴᠠ ᠳᠤᠮᠳᠠᠳᠤ | ᠣᠷᠣᠨ ᠬᠦᠷᠬᠦ ᠲᠡᠮᠦᠷ ᠵᠠᠮ ᠤᠨ ᠺᠤᠮᠫᠠᠨᠢ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ ᠣᠷᠤᠯᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠮᠵᠢᠯᠴᠠᠨ᠎ᠠ︶ | 2. ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠪᠦᠲᠦᠭᠡᠨ ᠪᠠᠶᠢᠭᠤᠯᠬᠤ ᠢᠨᠵᠧᠨᠧᠷᠢᠩ᠃ | ᠨᠡᠭᠦᠷᠡᠰᠦ᠂ ᠪᠤᠯᠣᠳ ᠲᠡᠮᠦᠷ᠂ ᠴᠠᠬᠢᠯᠭᠠᠨ ᠵᠠᠳᠠᠯᠤᠯᠲᠤ ᠬᠦᠩᠭᠡᠨᠴᠠᠭᠠᠨ᠂ ᠴᠠᠬᠢᠯᠭᠠᠨ ᠬᠦᠴᠦᠨ᠂ ᠬᠡᠦᠷᠰᠢᠭᠦᠯᠬᠦ ᠵᠡᠷᠭᠡ | ᠲᠤᠮᠤ ᠬᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠵᠢᠴᠢ ᠲᠤᠮᠤ ᠬᠡᠯᠪᠡᠷᠢ ᠶᠢᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠶᠢᠨ ᠬᠢᠨ ᠤ ᠪᠦᠭᠡᠮ ᠢᠶᠠᠷ ᠪᠠᠷᠠᠭ᠎ᠠ ᠲᠡᠭᠡᠭᠡᠪᠦᠷᠢᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ︽ᠵᠠᠰᠠᠮᠠᠯ ᠵᠠᠮ ᠤᠨ | ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠣᠯᠭᠠᠨ ᠬᠤᠪᠢᠷᠠᠭᠤᠯᠬᠤ︾ ᠶᠢᠨ ᠬᠡᠷᠡᠭᠵᠢᠭᠦᠯᠬᠦ ᠲᠦᠰᠦᠯ ᠢ ᠲᠦᠷᠭᠡᠬᠡᠨ | ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠪᠦᠭᠡᠮ ᠪᠠᠷᠠᠭᠠᠨ ᠤ ᠵᠢᠯ ᠤᠨ ᠪᠠᠷᠠᠭ᠎ᠠ | ᠲᠡᠭᠡᠭᠡᠪᠦᠷᠢ ᠶᠢᠨ ᠬᠡᠮᠵᠢᠶ᠎ᠡ ᠨᠢ 150 ᠲᠦᠮᠡᠨ ᠲᠤᠨ ᠠᠴᠠ ᠳᠡᠭᠡᠭᠰᠢᠬᠢ ᠲᠤᠮᠤ ᠬᠡᠯᠪᠡᠷᠢ ᠶᠢᠨ ᠦᠢᠯᠡᠳᠪᠦᠷᠢ | ᠠᠭᠤᠷᠬᠠᠢ ᠶᠢᠨ ᠠᠵᠤ ᠠᠬᠤᠶᠢᠯᠠᠯ ᠪᠣᠯᠣᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠤᠭᠤᠷᠢᠭ ᠤᠨ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠲᠦᠯᠦᠪᠵᠢᠭᠦᠯᠦᠨ ᠪᠠᠶᠢᠷᠢᠯᠠᠭᠤᠯᠵᠤ᠂ ᠲᠡᠮᠦᠷ | ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠲᠡᠮᠦᠷ | ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠨᠡᠪᠲᠡᠷᠡᠭᠦᠯᠬᠦ ᠶᠢᠨ ᠬᠢᠨᠠᠨ ᠬᠠᠷᠭᠤᠭᠤᠯᠬᠤ ᠳᠡᠰ ᠳᠠᠷᠠᠭᠠᠯᠠᠯ ᠢ | ᠳᠦᠭᠦᠮᠴᠢᠯᠡᠵᠦ᠂ ᠵᠠᠯᠭᠠᠵᠤ ᠨᠡᠪᠲᠡᠷᠡᠭᠦᠯᠬᠦ ᠬᠡᠯᠡᠯᠴᠡᠭᠡᠷ ᠢ ᠭᠦᠢᠴᠡᠳᠭᠡᠬᠦ ᠴᠠᠭ ᠢ ᠪᠣᠭᠤᠨᠢᠰᠬᠠᠵᠤ᠂ ᠲᠡᠮᠦᠷ ᠵᠠᠮ ᠤᠨ | ᠲᠤᠰᠬᠠᠢ ᠬᠡᠷᠡᠭᠯᠡᠭᠡᠨ ᠤ ᠱᠤᠭᠤᠮ ᠢ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ᠂ ᠠᠮᠢ ᠠᠬᠤᠢ ᠣᠷᠴᠢᠨ | ᠲᠣᠭᠤᠷᠢᠨ ᠤ ᠲᠢᠩᠭᠢᠮ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ ᠵᠠᠮ ᠤᠨ ᠲᠣᠪᠴᠢᠶ᠎ᠠ᠂ | ᠬᠠᠷᠪᠢᠨ ᠲᠡᠮᠦᠷ ᠵᠠᠮ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 3. ᠲᠡᠮᠦᠷ ᠵᠠᠮ ᠤᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠬᠦ ᠢᠨᠵᠧᠨᠧᠷᠢᠩ᠃ | ᠨᠡᠭᠦᠷᠡᠰᠦ᠂ ᠬᠡᠦᠷᠰᠦ᠂ ᠬᠦᠳᠡᠷ᠂ ᠠᠮᠤ ᠪᠤᠳᠠᠭ᠎ᠠ ᠵᠡᠷᠭᠡ ᠳᠤ ᠪᠦᠭᠡᠮ ᠢᠶᠠᠷ ᠪᠠᠷᠠᠭ᠎ᠠ ᠲᠡᠭᠡᠭᠡᠪᠦᠷᠢᠯᠡᠬᠦ ᠬᠦᠴᠦᠨ | ᠬᠠᠩᠭᠠᠬᠤ ᠶᠢ ᠤᠷᠢᠳ ᠢᠶᠠᠷ ᠪᠠᠲᠤᠯᠠᠨ᠎ᠠ᠃ ᠭᠠᠯᠲᠤ ᠲᠡᠷᠭᠡᠨ ᠤ ᠠᠶᠠᠯᠠᠯ ᠤᠨ ᠵᠢᠷᠤᠭ ᠢ ᠰᠢᠯᠢᠳᠡᠭᠵᠢᠭᠦᠯᠵᠦ᠂ ᠭᠠᠯᠲᠤ | ᠲᠡᠷᠭᠡ ᠠᠩᠬᠢᠯᠠᠬᠤ ᠬᠡᠯᠪᠡᠷᠢ ᠶᠢ ᠪᠠᠶᠠᠯᠢᠬᠵᠢᠭᠤᠯᠵᠤ᠂ ᠲᠡᠮᠦᠷ ᠵᠠᠮ ᠤᠨ ᠰᠢᠰᠲ᠋ᠧᠮ ᠲᠤᠳᠤᠷ᠎ᠠ ᠪᠠᠨ ᠲᠣᠪᠴᠢᠶ᠎ᠠ | ᠠᠯᠤᠰᠯᠠᠨ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠨ᠂ ᠲᠣᠬᠠᠢ ᠶᠢᠨ ᠡᠳᠦᠷ ᠲᠤ ᠬᠦᠷᠬᠦ᠂ ᠳᠠᠷᠠᠭ᠎ᠠ | ᠡᠳᠦᠷ ᠲᠤ ᠬᠦᠷᠬᠦ ᠵᠡᠷᠭᠡ ᠣᠯᠠᠨ ᠵᠦᠢᠯ ᠤᠨ ᠲᠡᠭᠡᠭᠡᠪᠦᠷᠢ ᠶᠢᠨ ᠪᠦᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠭᠠᠯᠲᠤ | ᠲᠡᠷᠭᠡ ᠶᠢᠨ ᠡᠭᠡᠯᠵᠢ ᠬᠤᠭᠤᠴᠠᠭᠠᠨ ᠤ ᠲᠣᠭᠲᠠᠭᠤᠨ ᠢᠶᠠᠷ ᠵᠠᠯᠭᠠᠯᠳᠤᠬᠤ ᠶᠢ ᠪᠡᠶᠡᠯᠡᠭᠦᠯᠦᠨ᠎ᠡ᠃ ᠲᠡᠭᠡᠭᠡᠪᠦᠷᠢ ᠶᠢᠨ | ᠶᠡᠷᠦᠩᠬᠡᠢ ᠬᠡᠮᠵᠢᠶ᠎ᠡ ᠨᠢ ᠵᠣᠬᠢᠬᠤ ᠬᠡᠪᠴᠢᠶᠡᠨ ᠳᠤ ᠬᠦᠷᠦᠭᠰᠡᠨ ᠨᠡᠪᠲᠡᠷᠡᠯ ᠵᠠᠮ ᠳᠤ ᠲᠡᠮᠦᠷ ᠵᠠᠮ ᠤᠨ ᠪᠠᠷᠠᠭ᠎ᠠ | ᠲᠡᠭᠡᠭᠡᠪᠦᠷᠢ ᠶᠢᠨ ᠡᠭᠡᠯᠵᠢ᠂ ᠴᠡᠭ ᠠᠴᠠ ᠴᠡᠭ ᠬᠦᠷᠴᠦ ᠪᠠᠷᠠᠭ᠎ᠠ ᠲᠡᠭᠡᠭᠡᠪᠦᠷᠢᠯᠡᠬᠦ ᠭᠠᠯᠲᠤ ᠲᠡᠷᠭᠡ᠂ ᠪᠦᠭᠡᠮ | ᠪᠠᠷᠠᠭ᠎ᠠ ᠶᠢ ᠰᠢᠭᠤᠳ ᠬᠦᠷᠭᠡᠬᠦ ᠭᠠᠯᠲᠤ ᠲᠡᠷᠭᠡ ᠵᠡᠷᠭᠡ ᠣᠯᠠᠨ ᠤᠳᠠᠭ᠎ᠠ ᠣᠯᠠᠨ ᠶᠠᠩᠵᠤ ᠶᠢᠨ ᠡᠭᠡᠯᠵᠢᠨ ᠤ | ᠪᠦᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠪᠤᠰᠢᠭᠤ ᠲᠥᠷᠭᠡᠨ ᠢᠶᠠᠷ ᠪᠠᠷᠠᠭ᠎ᠠ ᠲᠡᠭᠡᠭᠡᠪᠦᠷᠢᠯᠡᠬᠦ ᠡᠭᠡᠯᠵᠢ ᠶᠢᠨ ᠭᠠᠯᠲᠤ | ᠲᠡᠷᠭᠡᠨ ᠤ ᠲᠣᠣᠷ ᠢ ᠴᠤᠭᠴᠠᠯᠠᠨ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ ᠵᠠᠮ ᠤᠨ | ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠳᠠᠬᠢ ᠲᠡᠮᠦᠷ ᠵᠠᠮ ᠤᠨ | ᠲᠡᠭᠡᠭᠡᠪᠦᠷᠢ ᠶᠢᠨ ᠡᠯ᠎ᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 4. ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠢᠨᠵᠧᠨᠧᠷᠢᠩ᠃ ᠲᠡᠮᠦᠷ | ᠵᠠᠮ ᠤᠨ ᠲᠡᠭᠡᠭᠡᠪᠦᠷᠢ ᠶᠢᠨ ᠦᠨ᠎ᠡ ᠬᠠᠩᠰᠢ ᠶᠢᠨ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠡᠭᠡᠭᠡᠪᠦᠷᠢ ᠶᠢᠨ ᠦᠨ᠎ᠡ ᠬᠠᠩᠰᠢ ᠶᠢ ᠠᠮᠢᠳᠤᠯᠢᠭ ᠢᠶᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ | ᠪᠠᠳᠠᠷᠠᠭᠤᠯᠤᠨ᠎ᠠ᠃ ᠣᠶᠢᠷ᠎ᠠ ᠵᠠᠢ ᠳᠤ ᠪᠦᠭᠡᠮ ᠢᠶᠠᠷ ᠪᠠᠷᠠᠭ᠎ᠠ ᠲᠡᠭᠡᠭᠡᠪᠦᠷᠢᠯᠡᠬᠦ ᠦᠨ᠎ᠡ ᠬᠠᠩᠰᠢ ᠶᠢ ᠬᠦᠪᠦᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠣᠷᠣᠯᠠᠨ | ᠭᠦᠢᠴᠡᠳᠭᠡᠭᠰᠡᠨ ᠵᠠᠷᠤᠳᠠᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠲᠤᠰᠬᠠᠢ ᠭᠡᠷᠡᠭᠯᠡᠭᠡᠨ ᠤ ᠱᠤᠭᠤᠮ ᠤᠨ | ᠬᠠᠮᠲᠤ ᠪᠠᠷ ᠬᠡᠷᠡᠭᠯᠡᠬᠦ ᠵᠠᠷᠤᠳᠠᠯ ᠬᠤᠷᠢᠶᠠᠬᠤ ᠬᠢᠷᠢ ᠬᠡᠮᠵᠢᠶ᠎ᠡ ᠶᠢ ᠪᠠᠭᠤᠷᠠᠭᠤᠯᠬᠤ ᠶᠢ ᠠᠬᠢᠭᠤᠯᠤᠨ᠎ᠠ᠃ ᠲᠡᠮᠦᠷ ᠵᠠᠮ ᠤᠨ | ᠬᠤᠶᠠᠷ ᠦᠵᠦᠭᠦᠷ ᠤᠨ ᠴᠢᠷᠭᠡᠦᠯ ᠲᠡᠭᠡᠭᠡᠪᠦᠷᠢ ᠶᠢᠨ ᠭᠤᠭᠴᠤᠭ᠎ᠠ ᠶᠢ ᠪᠠᠭᠠᠰᠬᠠᠬᠤ ᠪᠠ ᠦᠭᠡᠶᠢᠰᠬᠡᠵᠦ᠂ ᠴᠢᠷᠭᠡᠦᠯ | ᠲᠡᠭᠡᠭᠡᠪᠦᠷᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠂ ᠴᠢᠷᠭᠡᠦᠯ | ᠲᠡᠭᠡᠭᠡᠪᠦᠷᠢ ᠶᠢᠨ ᠦᠪᠡᠷ ᠤᠨ ᠥᠷᠲᠡᠭ ᠢ ᠨᠢ ᠪᠠᠭᠠᠰᠬᠠᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠠᠵᠤ | ᠠᠬᠤᠶᠢᠯᠠᠯ ᠤᠨ ᠬᠢᠨ ᠤ ᠨᠡᠭᠦᠷᠡᠰᠦ᠂ ᠬᠦᠳᠡᠷ᠂ ᠪᠣᠯᠤᠳ ᠲᠡᠮᠦᠷ ᠵᠡᠷᠭᠡ ᠶᠢᠨ ᠲᠤᠮᠤ ᠬᠠᠷᠢᠴᠠᠭᠠᠨ ᠡᠷᠦᠬᠡ ᠲᠠᠢ | ᠲᠡᠭᠡᠭᠡᠪᠦᠷᠢ ᠶᠢᠨ ᠬᠡᠮᠵᠢᠶ᠎ᠡ ᠪᠣᠯᠣᠨ ᠲᠡᠭᠡᠭᠡᠪᠦᠷᠢᠯᠡᠬᠦ ᠴᠢᠳᠠᠯ ᠤᠨ ᠲᠠᠯ᠎ᠠ ᠪᠠᠷ ᠬᠠᠷᠢᠯᠴᠠᠨ ᠪᠠᠲᠤᠯᠠᠬᠤ ᠵᠦᠪᠯᠡᠯᠴᠡᠭᠡᠷ | ᠲᠣᠭᠲᠠᠬᠤ ᠶᠢ ᠠᠬᠢᠭᠤᠯᠵᠤ᠂ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃ ᠲᠡᠮᠦᠷ | ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠬᠢᠭᠡᠳ ᠭᠠᠷᠠᠮ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ | ᠲᠤᠮᠤ ᠬᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠵᠡᠷᠭᠡ ᠶᠢᠨ ᠬᠠᠮᠲᠤᠷᠠᠨ ᠠᠵᠢᠯᠯᠠᠬᠤ ᠶᠢ ᠠᠬᠢᠭᠤᠯᠵᠤ᠂ ᠡᠭᠦᠳᠡᠨ ᠠᠴᠠ ᠨᠢ ᠲᠣᠰᠴᠤ ᠡᠭᠦᠳᠡᠨ ᠳᠤ ᠨᠢ | ᠬᠦᠷᠭᠡᠬᠦ ᠲᠣᠣᠷ ᠢ ᠪᠠᠶᠢᠭᠤᠯᠵᠤ᠂ ᠪᠦᠬᠦ ᠶᠠᠪᠤᠴᠠ ᠳᠤ ᠨᠢ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ | ᠣᠳᠣ ᠶᠢᠨ ᠪᠠᠶᠢᠭ᠎ᠠ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠲᠡᠮᠦᠷ ᠵᠠᠮ ᠤᠨ | ᠲᠤᠰᠬᠠᠢ ᠬᠡᠷᠡᠭᠯᠡᠭᠡᠨ ᠤ ᠱᠤᠭᠤᠮ ᠤᠨ ᠳᠠᠯᠳᠠ ᠬᠦᠴᠦᠨ ᠢ ᠭᠦᠢᠴᠡᠳ ᠠᠭᠤᠳᠠᠯᠯᠠᠵᠤ᠂ ᠢᠯᠡᠭᠦᠴᠡ ᠲᠡᠭᠡᠭᠡᠪᠦᠷᠢᠯᠡᠬᠦ | ᠬᠦᠴᠦᠨ ᠲᠠᠢ ᠪᠡᠯᠡᠳᠭᠡᠮᠵᠢ ᠶᠢ ᠠᠰᠢᠭᠯᠠᠨ᠂ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ | ᠪᠠ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠦᠭᠡᠳ ᠵᠦᠢ ᠵᠣᠬᠢᠰᠲᠠᠢ ᠪᠠᠷ ᠨᠡᠮᠡᠭᠳᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠬᠦᠬᠡᠬᠤᠲᠠ | ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ ᠵᠠᠮ ᠤᠨ ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ | ᠦᠪᠡᠷᠲᠡᠭᠡᠨ ᠵᠠᠰᠠᠬᠤ ᠣᠷᠣᠨ ᠤ ᠲᠠᠮᠦᠷ ᠵᠠᠮ ᠤᠨ ᠲᠡᠭᠡᠭᠡᠪᠦᠷᠢ ᠶᠢᠨ ᠡᠯ᠎ᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ᠃︶ | 5. ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠠᠵᠢᠯᠯᠠᠬᠤ ᠲᠠᠯᠠᠪᠤᠷ ᠢ ᠰᠢᠯᠢᠳᠡᠭᠵᠢᠭᠦᠯᠬᠦ ᠢᠨᠵᠧᠨᠧᠷᠢᠩ᠃ | ᠲᠡᠮᠦᠷ ᠵᠠᠮ ᠤᠨ ᠬᠢᠯᠢ ᠶᠢᠨ ᠪᠤᠭᠤᠮᠲᠠ ᠶᠢᠨ ᠠᠵᠢᠯᠯᠠᠬᠤ ᠲᠠᠯᠠᠪᠤᠷ ᠢ ᠰᠢᠯᠢᠳᠡᠭᠵᠢᠭᠦᠯᠬᠦ ᠪᠦᠲᠦᠭᠡᠨ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ᠂ ᠮᠠᠨᠵᠤᠤᠷ᠂ ᠡᠷᠢᠶᠡᠨ᠂ ᠵᠢᠨᠢᠩ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡᠨ ᠤ ᠪᠠᠷᠠᠭᠠᠨ ᠤ ᠭᠦᠢᠯᠭᠡᠭᠡᠨ ᠤ ᠭᠦᠢᠰᠦ ᠵᠠᠩᠬᠢᠶᠠᠰᠤ ᠪᠣᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ | ᠲᠡᠮᠦᠷ ᠵᠠᠮ ᠤᠨ ᠬᠢᠯᠢ ᠶᠢᠨ ᠪᠤᠭᠤᠮᠲᠠ ᠶᠢᠨ ᠡᠷᠴᠢᠮᠵᠢᠭᠦᠯᠦᠭᠰᠡᠨ ᠪᠢᠲᠡᠭᠦᠮᠵᠢᠲᠦ ᠴᠢᠩᠭᠡᠯᠢᠭ ᠢ ᠪᠠᠶᠢᠴᠠᠭᠠᠨ ᠰᠢᠯᠭᠠᠬᠤ | ᠲᠠᠯᠠᠪᠤᠷ᠂ ᠰᠤᠯᠠ ᠠᠴᠢᠶᠠᠯᠠᠭᠰᠠᠨ ᠪᠦᠭᠡᠮ ᠪᠠᠷᠠᠭᠠᠨ ᠤ ᠨᠡᠶᠢᠳᠡᠮ ᠬᠡᠷᠡᠭᠯᠡᠭᠡᠨ ᠤ ᠪᠠᠶᠢᠴᠠᠭᠠᠨ ᠰᠢᠯᠭᠠᠬᠤ ᠲᠠᠯᠠᠪᠤᠷ | ᠵᠢᠴᠢ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠲᠤᠰᠬᠠᠢ ᠬᠢᠨᠠᠨ ᠬᠠᠮᠢᠶᠠᠷᠬᠤ ᠠᠵᠢᠯ ᠤᠨ | ᠲᠠᠯᠠᠪᠤᠷ ᠢ ᠪᠠᠶᠢᠭᠤᠯᠤᠨ᠎ᠠ᠃ ᠳᠤᠮᠳᠠᠳᠤ ᠮᠤᠩᠭᠤᠯ ᠡᠸᠦ᠋ᠷᠦᠫᠡ ᠶᠢᠨ ᠬᠢᠯᠢ ᠠᠯᠤᠰᠯᠠᠭᠰᠠᠨ ᠲᠡᠮᠦᠷ ᠵᠠᠮ ᠤᠨ | ᠲᠡᠭᠡᠭᠡᠪᠦᠷᠢ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠬᠢᠯᠢ ᠠᠯᠤᠰᠯᠠᠭᠰᠠᠨ | ᠠᠷᠠᠯᠵᠢᠶ᠎ᠠ ᠳᠤ ᠳᠦᠭᠦᠮ ᠦᠵᠡᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ︵ᠦᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠠᠷᠪᠢᠨ ᠲᠡᠮᠦᠷ ᠵᠠᠮ ᠤᠨ ᠲᠣᠪᠴᠢᠶ᠎ᠠ᠂ ᠮᠠᠨᠵᠣᠣᠷ ᠪᠤᠭᠤᠮᠲᠠ᠂ | ᠮᠠᠨᠵᠣᠣᠷ ᠬᠤᠲᠠ᠂ ᠡᠷᠢᠶᠡᠨ ᠬᠤᠲᠠ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶ | ︵ᠬᠤᠶᠠᠷ︶ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠵᠠᠰᠠᠯᠲᠠ ᠶᠢᠨ ᠠᠵᠢᠯᠯᠠᠭ᠎ᠠ | 1. ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠦᠰᠬᠡ ᠶᠢᠨ ᠬᠡᠮᠵᠢᠶ᠎ᠠ ᠳᠠᠭᠠᠭᠠᠴᠠ ᠠᠴᠠ ᠪᠠᠨ | ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠢᠨᠵᠧᠨᠧᠷᠢᠩ᠃ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ | ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ | ᠠᠬᠤᠢ᠂ ᠮᠡᠷᠭᠡᠵᠢᠯ ᠵᠡᠷᠭᠡ ᠠᠷᠭ᠎ᠠ ᠠᠪᠴᠠᠯ ᠢ ᠶᠡᠷᠦᠩᠬᠡᠶᠢᠯᠡᠨ ᠬᠡᠷᠡᠭᠯᠡᠵᠦ᠂ ᠣᠷᠣᠨ ᠪᠦᠰᠡ ᠪᠠᠷ ᠬᠤᠯᠪᠤᠭᠠᠯᠠᠨ | ᠬᠦᠳᠡᠯᠦᠯᠴᠡᠬᠦ᠂ ᠡᠬᠢ ᠢᠷᠡᠯᠲᠡ ᠠᠴᠠ ᠨᠢ ᠬᠢᠨᠠᠨ ᠬᠠᠮᠢᠶᠠᠷᠬᠤ᠂ ᠲᠣᠭᠲᠠᠮᠠᠯ ᠥᠷᠲᠡᠭᠡ ᠴᠡᠭ ᠢ ᠪᠠᠶᠢᠴᠠᠭᠠᠨ ᠬᠡᠮᠵᠢᠬᠦ᠂ | ᠬᠦᠳᠡᠯᠦᠩᠭᠦᠢ ᠪᠠᠷ ᠪᠠᠶᠢᠴᠠᠭᠠᠨ ᠬᠡᠮᠵᠢᠬᠦ᠂ ᠬᠦᠨᠳᠦ ᠶᠢ ᠪᠤᠳᠤᠵᠤ ᠰᠦᠢᠳᠭᠡᠯ ᠬᠤᠷᠢᠶᠠᠬᠤ ᠥᠷᠲᠡᠭᠡ ᠶᠢ ᠬᠠᠮᠢᠶᠠᠷᠤᠨ | ᠡᠵᠡᠮᠳᠡᠬᠦ᠂ ᠰᠢᠶᠠᠨ ᠰᠢᠶᠠᠩ ᠤᠨ ᠵᠠᠮ ᠢᠶᠠᠷ ᠦᠩᠭᠡᠷᠡᠬᠦ ᠲᠡᠷᠭᠡᠨ ᠤ ᠦᠨᠳᠦᠷ ᠪᠣᠯᠣᠨ ᠥᠷᠭᠡᠨ ᠤ ᠬᠡᠮᠵᠢᠶ᠎ᠡ ᠶᠢ | ᠬᠢᠵᠠᠭᠠᠷᠯᠠᠬᠤ᠂ ᠮᠡᠷᠭᠡᠵᠢᠯ ᠢᠶᠠᠷ ᠬᠢᠨᠠᠨ ᠡᠵᠡᠮᠳᠡᠬᠦ᠂ ᠡᠯᠧᠺᠲᠷᠣᠨ ᠢᠶᠠᠷ ᠲᠥᠷᠭᠡᠨ ᠵᠢᠷᠤᠭ ᠠᠪᠬᠤ᠂ ᠳᠠᠭᠠᠭᠠᠴᠠ ᠠᠴᠠ | ᠬᠡᠲᠦᠷᠡᠪᠡᠯ ᠳᠥᠷᠪᠡᠨ ᠵᠦᠢᠯ ᠤᠨ ᠲᠣᠷᠭᠠᠭᠤᠯᠢ ᠥᠭᠬᠦ᠂ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ | ᠠᠴᠢᠶᠠᠯᠠᠬᠤ ᠶᠢ ᠢᠲᠡᠭᠡᠮᠵᠢ ᠶᠢᠨ ᠠᠷᠭ᠎ᠠ ᠪᠠᠷ ᠵᠠᠰᠠᠬᠤ ᠵᠡᠷᠭᠡ ᠵᠠᠰᠠᠯᠲᠠ ᠶᠢᠨ ᠬᠡᠯᠬᠢᠶ᠎ᠡ ᠶᠢᠨ ᠲᠤᠰᠠᠭᠠᠷ ᠡᠷᠬᠢᠯᠳᠦᠯ ᠢ | ᠲᠦᠷᠭᠡᠬᠡᠨ ᠪᠣᠢ ᠪᠣᠯᠭᠠᠨ᠎ᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠣᠬᠤ ᠡᠭᠦᠳᠡᠨ ᠳᠤ ᠬᠦᠨᠳᠦ ᠶᠢ ᠬᠡᠮᠵᠢᠨ | ᠪᠠᠶᠢᠴᠠᠭᠠᠬᠤ ᠲᠥᠭᠦᠭᠡᠷᠦᠮᠵᠢ ᠨᠡᠮᠡᠨ ᠤᠭᠰᠠᠷᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠦᠨᠳᠦ ᠶᠢ ᠬᠡᠮᠵᠢᠬᠦ | ᠲᠥᠭᠦᠭᠡᠷᠦᠮᠵᠢ ᠶᠢᠨ ᠣᠨᠣᠪᠴᠢ ᠶᠢᠨ ᠵᠡᠷᠭᠡ ᠳᠡᠰ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠬᠠᠮᠲᠤ᠂ | ᠬᠤᠯᠪᠣᠭᠳᠠᠯ ᠪᠦᠬᠦᠢ ᠲᠣᠭᠲᠠᠭᠠᠯ ᠢᠶᠠᠷ ᠬᠠᠤᠯᠢ ᠶᠤᠰᠤᠭᠠᠷ ᠰᠢᠯᠭᠠᠨ ᠲᠣᠭᠲᠠᠭᠠᠬᠤ ᠬᠡᠷᠡᠭᠲᠡᠢ᠃ ᠲᠡᠷᠭᠡ ᠬᠦᠰᠬᠡ | ᠪᠣᠯᠣᠨ ᠪᠠᠷᠠᠭᠠᠨ ᠤ ᠡᠬᠢ ᠢᠷᠡᠯᠲᠡ ᠠᠴᠠ ᠨᠢ ᠬᠠᠮᠢᠶᠠᠷᠬᠤ ᠶᠢ ᠴᠢᠩᠭᠠᠳᠬᠠᠵᠤ᠂ ᠪᠠᠷᠠᠭ᠎ᠠ ᠲᠡᠭᠡᠭᠡᠪᠦᠷᠢᠯᠡᠭᠰᠡᠨ ᠲᠡᠷᠭᠡ | ᠬᠥᠰᠬᠡ ᠶᠢᠨ ᠲᠠᠯᠠᠪᠤᠷ ︵ᠥᠷᠲᠡᠭᠡ︶ ᠠᠴᠠ ᠭᠠᠷᠬᠤ ᠳᠤ ᠠᠴᠢᠶᠠᠯᠠᠭᠰᠠᠨ ᠪᠠᠶᠢᠳᠠᠯ ᠢ ᠨᠢ ᠪᠠᠶᠢᠴᠠᠭᠠᠬᠤ ᠶᠢ | ᠴᠢᠩᠭᠠᠳᠬᠠᠬᠤ ᠪᠠᠷ ᠳᠠᠮᠵᠢᠭᠤᠯᠤᠨ᠂ ᠡᠩ ᠤᠨ ᠭᠤᠣᠯ ᠱᠤᠭᠤᠮ ᠤᠨ ᠬᠡᠮᠵᠢᠶ᠎ᠡ ᠠᠴᠠ ᠪᠠᠨ ᠬᠡᠲᠦᠷᠡᠲᠡᠯ᠎ᠡ | ᠠᠴᠢᠶᠠᠯᠠᠬᠤ ᠶᠢ ᠪᠠᠶᠢᠴᠠᠭᠠᠨ ᠬᠡᠮᠵᠢᠬᠦ ᠥᠷᠲᠡᠭᠡᠨ ︵ᠴᠡᠭ︶ ᠤ ᠪᠠᠶᠢᠷᠢᠰᠢᠭᠤᠯᠤᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ ᠰᠢᠯᠢᠳᠡᠭᠵᠢᠭᠦᠯᠵᠦ᠂ ᠵᠠᠰᠠᠮᠠᠯ ᠵᠠᠮ ᠤᠨ ᠬᠡᠮᠵᠢᠶ᠎ᠡ ᠠᠴᠠ ᠪᠠᠨ ᠬᠡᠲᠦᠷᠡᠲᠡᠯ᠎ᠡ ᠠᠴᠢᠶᠠᠯᠠᠬᠤ ᠶᠢ | ᠪᠠᠶᠢᠴᠠᠭᠠᠨ ᠬᠡᠮᠵᠢᠬᠦ ᠥᠷᠲᠡᠭᠡ ᠳᠤ ᠲᠦᠰᠢᠭᠯᠡᠨ ᠲᠡᠮᠦᠷ ᠵᠠᠮ ᠤᠨ ᠴᠠᠭᠳᠠᠭ᠎ᠠ ᠶᠢᠨ ᠲᠣᠭᠲᠠᠭᠰᠠᠨ ᠴᠡᠭ ᠲᠤ | ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠦᠳᠡᠯᠦᠩᠭᠦᠢ ᠪᠠᠷ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠦᠷᠨᠢᠭᠦᠯᠦᠨ᠂ | ᠬᠦᠳᠡᠭᠡ ᠲᠤᠰᠬᠤᠨ ᠤ ᠵᠠᠰᠠᠮᠠᠯ ᠵᠠᠮ ᠢᠶᠠᠷ ᠦᠩᠭᠡᠷᠡᠬᠦ ᠲᠡᠷᠭᠡᠨ ᠤ ᠥᠨᠳᠦᠷ ᠪᠣᠯᠣᠨ ᠥᠷᠭᠡᠨ ᠤ ᠬᠡᠮᠵᠢᠶ᠎ᠡ ᠶᠢ ᠨᠢ | ᠬᠢᠵᠠᠭᠠᠷᠯᠠᠬᠤ ᠲᠥᠭᠦᠭᠡᠷᠦᠮᠵᠢ ᠶᠢ ᠲᠣᠭᠲᠠᠭᠠᠯ ᠶᠤᠰᠤᠭᠠᠷ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ | ᠬᠡᠮᠵᠢᠶ᠎ᠡ ᠠᠴᠠ ᠪᠠᠨ ᠬᠡᠲᠦᠷᠡᠲᠡᠯ᠎ᠡ ᠠᠴᠢᠶᠠᠯᠠᠭᠰᠠᠨ ᠬᠠᠤᠯᠢ ᠪᠤᠰᠤ ᠲᠡᠷᠭᠡ ᠬᠥᠰᠬᠡ ᠶᠢ ᠡᠬᠢ ᠢᠷᠡᠯᠲᠡ ᠠᠴᠠ ᠨᠢ | ᠵᠠᠮ ᠳᠤ ᠭᠠᠷᠬᠤ ᠪᠣᠯᠲᠠᠯ᠎ᠠ ᠪᠦᠲᠦᠮᠵᠢᠲᠡᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ 2020 ᠣᠨ ᠤ ᠰᠡᠭᠦᠯᠴᠢ | ᠪᠣᠯᠲᠠᠯ᠎ᠠ᠂ ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡᠨ ᠤ | ᠣᠷᠤᠬᠤ ᠡᠭᠦᠳᠡᠨ ᠳᠤ ᠬᠦᠨᠳᠦ ᠶᠢ ᠬᠡᠮᠵᠢᠨ ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠳᠡᠭᠡᠳᠦ | ᠬᠤᠷᠳᠤ ᠶᠢᠨ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠠᠤᠯᠢ ᠶᠢ ᠵᠦᠷᠢᠴᠡᠨ ᠬᠡᠮᠵᠢᠶ᠎ᠡ | ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠬᠤ ᠳᠤᠮᠳᠠᠴᠢ ᠨᠤᠷᠮ᠎ᠠ ᠶᠢ 0.5% ᠠᠴᠠ ᠬᠡᠲᠦᠷᠡᠭᠦᠯᠬᠦ ᠦᠭᠡᠢ | ᠪᠠᠶᠢᠵᠤ᠂ ᠵᠠᠰᠠᠮᠠᠯ ᠵᠠᠮ ᠤᠨ ᠡᠩ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠪᠠᠨ | ᠬᠡᠲᠦᠷᠡᠲᠡᠯ᠎ᠡ ᠠᠴᠢᠶᠠᠯᠠᠬᠤ ᠶᠢ ᠪᠦᠲᠦᠮᠵᠢᠲᠡᠢ ᠬᠤᠷᠢᠭᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠭᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠭᠢᠮ᠂ ᠠᠵᠤ ᠦᠢᠯᠡᠳᠪᠦᠷᠢ | ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠮᠵᠢᠯᠴᠠᠨ᠎ᠠ︶ | 2. ᠵᠠᠮ ᠪᠠᠷᠠᠭ᠎ᠠ ᠲᠡᠭᠡᠭᠡᠪᠦᠷᠢ ᠶᠢᠨ ᠠᠵᠢᠯ ᠲᠦᠷᠦᠯ ᠳᠤ ᠰᠢᠨ᠎ᠡ ᠶᠢ ᠡᠭᠦᠳᠦᠨ ᠬᠥᠭᠵᠢᠭᠦᠯᠬᠦ ᠢᠨᠵᠧᠨᠧᠷᠢᠩ᠃ | ︽ᠢᠨᠲ᠋ᠧᠷ ᠰᠦᠯᠵᠢᠶ᠎ᠡ + ᠪᠠᠷᠠᠭ᠎ᠠ ᠲᠡᠭᠡᠭᠡᠪᠦᠷᠢ ᠶᠢᠨ ᠭᠦᠢᠯᠭᠡᠭᠡ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠪᠣᠯᠣᠨ ᠰᠢᠨ᠎ᠡ ᠵᠠᠭᠪᠤᠷ ᠤᠨ ᠬᠥᠭᠵᠢᠯᠲᠡ ᠶᠢ ᠠᠬᠢᠭᠤᠯᠵᠤ᠂ ᠬᠤᠪᠢᠨ ᠤ ᠲᠡᠷᠭᠡ ᠦᠭᠡᠢ ᠪᠠᠷ ᠳᠠᠭᠠᠭᠠᠨ | ᠲᠡᠭᠡᠭᠡᠪᠦᠷᠢᠯᠡᠭᠴᠢ ᠶᠢᠨ ᠲᠣᠷᠰᠢᠯᠲᠠ ᠶᠢᠨ ᠠᠵᠢᠯ ᠢ ᠠᠬᠢᠭᠤᠯᠵᠤ᠂ ᠠᠵᠢᠯ ᠲᠦᠷᠦᠯ ᠢ ᠬᠡᠪᠴᠢᠶᠡᠵᠢᠭᠦᠯᠬᠦ᠂ | ᠡᠷᠴᠢᠮᠵᠢᠭᠦᠯᠬᠦ ᠪᠠ ᠵᠢᠷᠤᠮᠵᠢᠭᠤᠯᠤᠨ ᠬᠥᠭᠵᠢᠭᠦᠯᠬᠦ ᠪᠠᠷ ᠬᠦᠲᠦᠯᠦᠨ ᠵᠢᠯᠤᠭᠤᠳᠤᠨ᠎ᠠ᠃ ᠲᠣᠷᠰᠢᠯᠲᠠ ᠶᠢᠨ ᠠᠵᠤ | ᠠᠬᠤᠶᠢᠯᠠᠯ ᠤᠨ ᠡᠳ᠋ ᠬᠦᠷᠦᠩᠭᠡ ᠪᠠᠷ ᠢᠶᠠᠨ ᠬᠤᠯᠪᠣᠭᠠᠰᠤ ᠪᠣᠯᠭᠠᠵᠤ᠂ ᠨᠡᠭᠡᠭᠡᠯᠲᠡ ᠬᠢᠵᠦ ᠬᠠᠮᠲᠤᠷᠠᠯᠴᠠᠬᠤ᠂ | ᠬᠠᠷᠢᠯᠴᠠᠨ ᠬᠤᠯᠪᠣᠭᠠᠯᠠᠵᠤ ᠬᠠᠮᠲᠤ ᠪᠠᠷ ᠠᠰᠢᠭ ᠬᠦᠷᠲᠡᠬᠦ ᠪᠠᠷ ᠵᠠᠷᠴᠢᠮ ᠪᠣᠯᠭᠠᠨ᠂ ᠪᠠᠷᠠᠭᠠᠨ ᠤ ᠢᠷᠡᠯᠲᠡ ᠠᠴᠠ ᠨᠢ | ᠵᠣᠬᠢᠶᠠᠨ ᠪᠠᠶᠢᠭᠤᠯᠬᠤ᠂ ᠵᠠᠮ ᠱᠤᠭᠤᠮ ᠢ ᠡᠮᠬᠢᠯᠡᠨ ᠨᠡᠶᠢᠯᠡᠭᠦᠯᠬᠦ᠂ ᠰᠦᠯᠵᠢᠶ᠎ᠡ ᠪᠠᠷ ᠪᠦᠷᠬᠦᠬᠦ᠂ ᠲᠡᠭᠡᠭᠡᠪᠦᠷᠢᠯᠡᠬᠦ | ᠬᠦᠴᠦᠨ ᠢ ᠲᠣᠬᠢᠷᠠᠭᠤᠯᠤᠨ ᠳᠦᠬᠦᠷᠵᠢᠭᠦᠯᠬᠦ᠂ ᠲᠥᠭᠦᠭᠡᠷᠦᠮᠵᠢ ᠪᠡᠯᠡᠳᠭᠡᠮᠵᠢ᠂ ᠪᠠᠷᠢᠮᠵᠢᠶ᠎ᠠ ᠵᠢᠷᠤᠮᠵᠢᠯ ᠵᠡᠷᠭᠡ | ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠨ᠎ᠡ᠃ ᠲᠣᠷᠰᠢᠯᠲᠠ ᠶᠢᠨ ᠠᠵᠤ ᠠᠬᠤᠶᠢᠯᠠᠯ ᠤᠨ | ᠬᠤᠲᠠ ᠳᠤ ᠲᠣᠬᠢᠷᠠᠭᠤᠯᠤᠨ ᠬᠦᠷᠭᠡᠬᠦ᠂ ᠬᠦᠳᠡᠭᠡ ᠲᠤᠰᠬᠤᠨ ᠤ ᠪᠠᠷᠠᠭᠠᠨ ᠤ ᠭᠦᠢᠯᠭᠡᠭᠡ᠂ ᠭᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠤᠪᠢᠨ ᠤ | ᠲᠡᠷᠭᠡ ᠦᠭᠡᠢ ᠪᠠᠷ ᠳᠠᠭᠠᠭᠠᠨ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ ᠵᠠᠭᠪᠤᠷ ᠢ ᠳᠡᠯᠭᠡᠷᠡᠭᠦᠯᠬᠦ ᠶᠢ ᠳᠡᠮᠵᠢᠵᠦ᠂ | ᠲᠣᠷᠰᠢᠯᠲᠠ ᠶᠢᠨ ᠠᠵᠤ ᠠᠬᠤᠶᠢᠯᠠᠯ ᠤᠨ ᠬᠢᠨ ᠤ ᠬᠤᠪᠢᠨ ᠤ ᠲᠡᠷᠭᠡ ᠦᠭᠡᠢ ᠪᠠᠷ ᠳᠠᠭᠠᠭᠠᠨ ᠲᠡᠭᠡᠭᠡᠪᠦᠷᠢᠯᠡᠬᠦ ᠵᠠᠭᠪᠤᠷ | ᠬᠢᠭᠡᠳ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ ᠴᠢᠷᠦᠭᠦᠯ ᠲᠡᠷᠭᠡᠨ ᠤ ᠲᠡᠭᠡᠭᠡᠪᠦᠷᠢ᠂ ᠬᠠᠮᠲᠤ ᠪᠠᠷ | ᠲᠣᠬᠢᠷᠠᠭᠤᠯᠤᠨ ᠬᠦᠷᠭᠡᠬᠦ ᠵᠡᠷᠭᠡ ᠲᠡᠭᠡᠭᠡᠪᠦᠷᠢ ᠶᠢᠨ ᠲᠡᠷᠢᠭᠦᠨ ᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ | ᠠᠭᠤᠰᠤᠯᠴᠠᠭᠤᠯᠤᠨ ᠬᠡᠷᠡᠭᠯᠡᠭᠰᠡᠨ ᠬᠥᠭᠵᠢᠯᠲᠡ ᠶᠢᠨ ᠵᠠᠮ ᠮᠥᠷ ᠢ ᠰᠦᠪᠡᠭᠴᠢᠯᠡᠬᠦ ᠶᠢ ᠨᠢ ᠵᠣᠷᠢᠬᠵᠢᠭᠤᠯᠤᠨ᠎ᠠ᠃ | ᠲᠣᠷᠰᠢᠯᠲᠠ ᠶᠢᠨ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ | ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠬᠦ᠂ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ | ᠪᠠᠷᠠᠭᠠᠨ ᠤ ᠲᠡᠷᠭᠡ ᠶᠢᠨ ᠵᠢᠯᠤᠭᠤᠴᠢ ᠳᠤ ᠦᠢᠯᠡᠴᠢᠯᠡᠬᠦ ᠵᠡᠷᠭᠡ ᠲᠠᠯ᠎ᠠ ᠪᠠᠷ ᠵᠢᠷᠤᠮᠯᠡᠨ ᠳᠠᠭᠤᠷᠢᠶᠠᠵᠤ ᠳᠡᠯᠭᠡᠷᠡᠭᠦᠯᠵᠦ | ᠪᠣᠯᠬᠤᠶᠢᠴᠠ ᠨᠡᠶᠢᠲᠡᠯᠢᠭ ᠲᠣᠷᠰᠢᠯᠭ᠎ᠠ ᠶᠢ ᠰᠦᠪᠡᠭᠴᠢᠯᠡᠨ ᠪᠣᠢ ᠪᠣᠯᠭᠠᠬᠤ ᠶᠢ ᠳᠡᠮᠵᠢᠨ᠎ᠡ᠃ 2020 ᠣᠨ ᠪᠣᠯᠬᠤ ᠳᠤ᠂ | ᠪᠦᠬᠦ ᠣᠷᠣᠨ ᠳᠤ ᠰᠢᠨ᠎ᠡ ᠶᠢ ᠡᠭᠦᠳᠬᠦ ᠣᠨᠣᠯᠵᠢᠬᠤᠨ ᠲᠠᠢ᠂ ᠦᠨᠳᠦᠷ ᠪᠦᠲᠦᠮᠵᠢᠲᠡᠢ ᠪᠠᠷ ᠠᠵᠢᠯᠯᠠᠨ᠂ | ᠦᠢᠯᠡᠴᠢᠯᠡᠭᠡ ᠨᠢ ᠵᠢᠷᠤᠮᠵᠢᠭᠤᠨ᠂ ᠦᠷᠢᠰᠦᠯᠳᠦᠬᠦ ᠬᠦᠴᠦᠨ ᠢᠶᠠᠷ ᠴᠢᠩᠭ᠎ᠠ ᠪᠠᠶᠢᠬᠤ ᠲᠣᠷᠰᠢᠯᠲᠠ ᠶᠢᠨ ᠠᠵᠤ | ᠠᠬᠤᠶᠢᠯᠠᠯ ᠢ 20 ᠬᠦᠮᠦᠵᠢᠭᠦᠯᠦᠨ ᠭᠠᠷᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠭᠢᠮ ᠲᠦᠷᠦᠭᠦᠯᠡᠵᠦ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠬᠠᠮᠵᠢᠯᠴᠠᠨ᠎ᠠ︶ | ︵ᠭᠤᠷᠪᠠ︶ ᠣᠯᠠᠨ ᠬᠡᠯᠪᠡᠷᠢ ᠪᠠᠷ ᠬᠠᠮᠲᠤᠷᠠᠨ ᠲᠡᠭᠡᠭᠡᠪᠦᠷᠢᠯᠡᠵᠦ ᠬᠤᠷᠳᠤᠴᠠ ᠶᠢ ᠲᠦᠷᠭᠡᠳᠭᠡᠬᠦ ᠠᠵᠢᠯᠯᠠᠭ᠎ᠠ | 1. ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ | ᠢᠨᠵᠧᠨᠧᠷᠢᠩ᠃ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠣᠯᠣᠨ ᠲᠡᠮᠦᠷ ᠵᠠᠮ ᠤᠨ ᠴᠢᠩᠭᠡᠯᠢᠭ | ᠭᠦᠢᠴᠡᠳᠭᠡᠬᠦ ᠥᠷᠲᠡᠭᠡ ᠶᠢ ᠲᠦᠯᠦᠪᠵᠢᠭᠦᠯᠦᠨ ᠪᠦᠲᠦᠭᠡᠨ ᠪᠠᠶᠢᠭᠤᠯᠬᠤ ᠪᠠ ᠳᠡᠰ ᠳᠡᠪᠰᠢᠭᠦᠯᠦᠨ ᠦᠭᠡᠷᠡᠴᠢᠯᠡᠬᠦ ᠶᠢ | ᠲᠦᠷᠭᠡᠳᠭᠡᠵᠦ᠂ ᠲᠡᠮᠦᠷ ᠵᠠᠮ ᠳᠤ ᠵᠠᠰᠠᠮᠠᠯ ᠵᠠᠮ ᠤᠨ ᠪᠠᠷᠠᠭᠠᠨ ᠤ ᠥᠷᠲᠡᠭᠡ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠤᠭᠤᠷᠢᠭ᠂ ᠠᠭᠠᠷ ᠤᠨ ᠪᠠᠷᠠᠭ᠎ᠠ ᠲᠡᠭᠡᠭᠡᠪᠦᠷᠢ ᠶᠢᠨ ᠲᠥᠪ᠂ ᠳᠤᠲᠤᠭᠠᠳᠤ ᠬᠠᠭᠤᠷᠠᠢ ᠶᠢᠨ ᠭᠠᠷᠠᠮ᠂ ᠭᠠᠶᠢᠯᠢ | ᠪᠠᠲᠤᠯᠠᠬᠤ ᠲᠤᠭᠤᠷᠢᠭ ᠢ ᠲᠠᠲᠠᠨ ᠣᠷᠤᠭᠤᠯᠬᠤ ᠶᠢ ᠵᠣᠷᠢᠬᠵᠢᠭᠤᠯᠵᠤ᠂ ᠠᠳᠠᠯᠢ ᠪᠤᠰᠤ ᠲᠡᠭᠡᠭᠡᠪᠦᠷᠢ ᠶᠢᠨ ᠠᠷᠭ᠎ᠠ | ᠮᠠᠶ᠋ᠢᠭ ᠢ ᠬᠤᠭᠤᠷᠤᠨᠳᠤ ᠨᠢ ᠪᠦᠲᠦᠮᠵᠢᠲᠡᠢ ᠵᠤᠯᠭᠠᠭᠤᠯᠬᠤ ᠶᠢ ᠴᠢᠩᠭᠠᠳᠬᠠᠨ᠎ᠠ᠃ ᠨᠢᠭᠡᠨᠲᠡ ᠪᠠᠶᠢᠭ᠎ᠠ ᠣᠷᠣᠨ | ᠪᠦᠰᠡ ᠶᠢᠨ ᠪᠠᠷᠠᠭ᠎ᠠ ᠲᠡᠭᠡᠭᠡᠪᠦᠷᠢ ᠶᠢᠨ ᠪᠡᠯᠡᠳᠭᠡᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠡᠷᠢᠭᠦᠨ ᠤ | ᠪᠡᠯᠡᠳᠭᠡᠮᠵᠢ ᠲᠦᠭᠦᠭᠡᠷᠦᠮᠵᠢ ᠲᠠᠢ᠂ ᠦᠢᠯᠡᠴᠢᠯᠡᠭᠡᠨ ᠤ ᠴᠢᠳᠠᠮᠵᠢ ᠨᠢ ᠪᠦᠷᠢᠨ ᠳᠦᠬᠦᠷ ᠨᠢᠭᠡ ᠪᠦᠯᠦᠭ ᠣᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠢ ᠦᠭᠡᠷᠡᠴᠢᠯᠡᠬᠦ | ᠪᠠ ᠰᠢᠨ᠎ᠡ ᠪᠠᠷ ᠪᠠᠶᠢᠭᠤᠯᠤᠨ᠎ᠠ᠃ ᠣᠯᠠᠨ ᠬᠡᠯᠪᠡᠷᠢ ᠪᠠᠷ ᠬᠠᠮᠲᠤᠷᠠᠨ ᠲᠡᠭᠡᠭᠡᠪᠦᠷᠢᠯᠡᠬᠦ ᠪᠠᠷᠠᠭ᠎ᠠ ᠲᠡᠭᠡᠭᠡᠪᠦᠷᠢ ᠶᠢᠨ | ᠵᠠᠩᠬᠢᠯᠠᠭ᠎ᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠬᠤ ᠶᠢ ᠲᠦᠷᠭᠡᠳᠭᠡᠵᠦ᠂ ᠤᠯᠠᠭᠠᠨᠬᠤᠲᠠ ᠶᠢᠨ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠦᠩᠯᠢᠶᠣᠣ ᠶᠢᠨ ᠮᠡᠯᠡᠬᠡᠶᠢᠲᠦ ᠶᠢᠨ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠤᠯᠠᠭᠠᠬᠠᠨᠳᠠ ᠶᠢᠨ ᠬᠤᠩᠱᠠᠨ ᠤ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠣᠷᠳᠤᠰ ᠤᠨ ᠲᠦᠴᠢᠦᠸᠠᠨ ᠤ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠠᠶᠠᠨᠨᠠᠭᠤᠷ ᠬᠤᠲᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ | ᠲᠥᠪ ︵B ᠬᠡᠯᠪᠡᠷᠢ︶᠂ ᠦᠬᠠᠢ ᠶᠢᠨ ᠬᠤᠩ ᠳ᠋ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ | ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠦᠷᠦᠯ ᠵᠦᠢᠯ ᠤᠳ ᠤᠨ ᠨᠦᠯᠦᠭᠡᠯᠡᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠦᠪᠦᠷ | ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ | ᠲᠡᠮᠦᠷ ᠵᠠᠮ ᠤᠨ ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ ᠦᠪᠦᠷ ᠮᠣᠩᠭᠤᠯ ᠤᠨ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠤᠨ ᠪᠦᠯᠦᠭᠯᠡᠯᠲᠦ ᠺᠤᠮᠫᠠᠨᠢ ᠬᠠᠮᠵᠢᠯᠴᠠᠨ᠎ᠠ︶ | 2. ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠳᠤ ᠦᠢᠯᠡᠴᠢᠯᠡᠬᠦ ᠢᠨᠵᠧᠨᠧᠷᠢᠩ᠃ ᠣᠯᠠᠨ | ᠬᠡᠯᠪᠡᠷᠢ ᠪᠠᠷ ᠬᠠᠮᠲᠤᠷᠠᠨ ᠲᠡᠭᠡᠭᠡᠪᠦᠷᠢᠯᠡᠬᠦ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠠᠵᠢᠯ ᠢ | ᠦᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠠᠴᠢ ᠬᠤᠯᠪᠣᠭᠳᠠᠯ ᠲᠠᠢ ᠪᠠ ᠳᠠᠶᠢᠴᠢᠯᠠᠬᠤ ᠦᠢᠯᠡᠳᠦᠯ ᠲᠠᠢ ᠣᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠠᠩᠬᠢᠯᠠᠭ᠎ᠠ ᠶᠢᠨ ᠲᠠᠯᠠᠪᠤᠷ ᠥᠷᠲᠡᠭᠡ᠂ ᠵᠣᠬᠢᠶᠠᠨ ᠪᠠᠶᠢᠭᠤᠯᠤᠯᠲᠠ ᠶᠢᠨ | ᠵᠠᠭᠪᠤᠷ ᠪᠠ ᠮᠡᠳᠡᠭᠡ ᠵᠠᠩᠭᠢ ᠶᠢᠨ ᠰᠢᠰᠲ᠋ᠧᠮ ᠢ ᠪᠣᠢ ᠪᠣᠯᠭᠠᠨ᠎ᠠ᠃ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠪᠠᠷᠠᠭ᠎ᠠ | ᠲᠡᠭᠡᠭᠡᠪᠦᠷᠢ ᠵᠢᠴᠢ ᠬᠤᠪᠢᠨ ᠤ ᠲᠡᠷᠭᠡ ᠦᠭᠡᠢ ᠪᠠᠷ ᠳᠠᠭᠠᠭᠠᠨ ᠲᠡᠭᠡᠭᠡᠪᠦᠷᠢᠯᠡᠬᠦ᠂ ᠰᠢᠦᠳᠠᠨ ᠤ ᠲᠥᠷᠭᠡᠨ ᠬᠦᠷᠭᠡᠬᠦ | ᠲᠣᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠬᠢᠷᠢ ᠭᠡᠮ ᠢ ᠣᠯᠣᠭᠰᠠᠨ ᠠᠵᠤ ᠠᠬᠤᠶᠢᠯᠠᠯ ᠤᠳ ᠤᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠨ ᠠᠵᠢᠯᠯᠠᠬᠤ ᠬᠠᠷᠢᠴᠠᠭ᠎ᠠ ᠪᠠᠶᠢᠭᠤᠯᠬᠤ ᠶᠢ ᠵᠣᠷᠢᠬᠵᠢᠭᠤᠯᠵᠤ᠂ ᠣᠯᠠᠨ ᠬᠡᠯᠪᠡᠷᠢ ᠪᠠᠷ | ᠬᠠᠮᠲᠤᠷᠠᠨ ᠲᠡᠭᠡᠭᠡᠪᠦᠷᠢᠯᠡᠵᠦ ᠡᠵᠡᠩᠨᠡᠬᠦ ᠠᠵᠢᠯᠯᠠᠭ᠎ᠠ ᠶᠢ ᠦᠷᠨᠢᠭᠦᠯᠦᠨ᠂ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ᠬᠠᠮᠵᠢᠯᠴᠠᠬᠤ ᠬᠢᠭᠡᠳ ᠪᠦᠯᠦᠭᠵᠢᠨ ᠬᠥᠭᠵᠢᠬᠦ ᠶᠢ ᠠᠬᠢᠭᠤᠯᠤᠨ᠎ᠠ᠃ ᠨᠡᠭᠦᠷᠡᠰᠦ᠂ ᠠᠮᠤ ᠪᠤᠳᠠᠭ᠎ᠠ | ᠵᠡᠷᠭᠡ ᠪᠦᠭᠡᠮ ᠡᠳ᠋ ᠪᠤᠳᠠᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠦᠷᠨᠢᠭᠦᠯᠵᠦ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠰᠦ ᠴᠠᠭᠠᠨ ᠢᠲᠡᠭᠡᠨ ᠤ ᠭᠦᠢᠲᠡᠨ ᠬᠡᠯᠬᠢᠶᠡᠲᠦ ᠬᠦᠯᠳᠡᠭᠡᠨ | ᠬᠠᠳᠠᠭᠠᠯᠠᠬᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠥᠷᠭᠡᠳᠭᠡᠨ᠎ᠡ᠃ ᠪᠤᠳᠠᠳᠤ | ᠬᠦᠴᠦᠨ ᠲᠠᠢ ᠲᠡᠭᠡᠭᠡᠪᠦᠷᠢ ᠶᠢᠨ ᠠᠵᠤ ᠠᠬᠤᠶᠢᠯᠠᠯ ᠨᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ | ᠡᠵᠡᠩᠨᠡᠭᠴᠢ ᠪᠣᠯᠣᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠤᠳᠠᠯᠳᠤᠭᠠᠴᠢᠨ ᠲᠡᠶᠢᠰᠢ | ᠬᠤᠪᠢᠷᠠᠬᠤ ᠶᠢ ᠳᠡᠮᠵᠢᠵᠦ᠂ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠩᠭᠠᠯᠭ᠎ᠠ ᠶᠢᠨ ᠳᠡᠭᠡᠷ᠎ᠡ | ᠳᠣᠣᠷ᠎ᠠ ᠬᠡᠯᠬᠢᠶ᠎ᠡ ᠲᠡᠶᠢᠰᠢ ᠤᠷᠲᠤᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠦᠪᠦᠷ | ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ | ᠲᠡᠮᠦᠷ ᠵᠠᠮ ᠤᠨ ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ ᠦᠪᠦᠷ ᠮᠣᠩᠭᠤᠯ ᠤᠨ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠤᠮᠫᠠᠨᠢ ᠬᠠᠮᠵᠢᠯᠴᠠᠨ᠎ᠠ︶ | ︵ᠳᠥᠷᠪᠡ︶ ᠬᠤᠲᠠ ᠶᠢᠨ ᠪᠣᠬᠢᠷᠳᠤᠯ ᠦᠭᠡᠢ ᠪᠠᠷ ᠲᠣᠬᠢᠷᠠᠭᠤᠯᠤᠨ ᠬᠦᠷᠭᠡᠬᠦ ᠠᠵᠢᠯᠯᠠᠭ᠎ᠠ | 1. ᠬᠤᠲᠠ ᠶᠢᠨ ᠪᠣᠬᠢᠷᠳᠤᠯ ᠦᠭᠡᠢ ᠪᠠᠷ ᠲᠣᠬᠢᠷᠠᠭᠤᠯᠤᠨ ᠬᠦᠷᠭᠡᠬᠦ ᠶᠢᠨ ᠵᠢᠱᠢᠶ᠎ᠡ ᠦᠵᠡᠭᠦᠯᠬᠦ ᠢᠨᠵᠧᠨᠧᠷᠢᠩ᠃ | ᠬᠤᠲᠠ ᠶᠢᠨ ᠪᠣᠬᠢᠷᠳᠤᠯ ᠦᠭᠡᠢ ᠪᠠᠷᠠᠭ᠎ᠠ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠲᠣᠷᠰᠢᠯᠲᠠ ᠶᠢᠨ ᠠᠵᠢᠯ ᠢ | ᠠᠬᠢᠭᠤᠯᠵᠤ᠂ ᠬᠤᠲᠠ ᠶᠢᠨ ᠪᠠᠷᠠᠭ᠎ᠠ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠢᠭᠡᠲᠦᠯᠲᠡᠢ | ᠲᠣᠬᠢᠷᠠᠭᠤᠯᠤᠨ ᠬᠦᠷᠭᠡᠬᠦ᠂ ᠲᠦᠪᠯᠡᠷᠡᠭᠦᠯᠦᠨ ᠲᠣᠬᠢᠷᠠᠭᠤᠯᠤᠨ ᠬᠦᠷᠭᠡᠬᠦ᠂ ᠬᠠᠮᠲᠤ ᠪᠠᠷ ᠲᠣᠬᠢᠷᠠᠭᠤᠯᠤᠨ ᠬᠦᠷᠭᠡᠬᠦ᠂ | ᠰᠦᠨᠢ ᠪᠠᠷ ᠲᠣᠬᠢᠷᠠᠭᠤᠯᠤᠨ ᠬᠦᠷᠭᠡᠬᠦ ᠵᠡᠷᠭᠡ ᠡᠷᠴᠢᠮᠵᠢᠭᠦᠯᠦᠭᠰᠡᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ | ᠵᠠᠭᠪᠤᠷ ᠲᠤ ᠰᠢᠨ᠎ᠡ ᠶᠢ ᠡᠭᠦᠳᠬᠦ ᠶᠢ ᠬᠦᠲᠦᠯᠦᠨ ᠵᠢᠯᠤᠭᠤᠳᠬᠤ ᠪᠠ ᠵᠣᠷᠢᠬᠵᠢᠭᠤᠯᠵᠤ᠂ ᠬᠤᠲᠠ ᠶᠢᠨ ᠪᠠᠷᠠᠭ᠎ᠠ | ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠵᠠᠩᠬᠢᠶᠠᠰᠤ ᠶᠢᠨ ᠲᠣᠣᠷ ᠢ ᠨᠢᠭᠡᠲᠦᠯᠲᠡᠢ ᠲᠦᠯᠦᠪᠯᠡᠵᠦ ᠲᠦᠯᠦᠪᠵᠢᠭᠦᠯᠦᠨ | ᠪᠠᠶᠢᠭᠤᠯᠵᠤ᠂ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠦᠰᠬᠡ ᠶᠢᠨ ᠨᠡᠪᠲᠡᠷᠡᠬᠦ ᠳᠤ ᠳᠦᠭᠦᠮ ᠦᠵᠡᠭᠦᠯᠬᠦ | ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠳ ᠲᠡᠭᠡᠭᠡᠪᠦᠷᠢᠯᠡᠬᠦ ᠬᠦᠴᠦᠨ ᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠵᠤ᠂ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠣᠬᠢᠷᠠᠭᠤᠯᠤᠨ | ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢ ᠬᠦᠲᠦᠯᠦᠨ ᠵᠢᠯᠤᠭᠤᠳᠬᠤ ᠶᠢ ᠬᠠᠷᠢᠭᠤᠴᠠᠵᠤ᠂ ᠲᠤᠳᠤᠭᠠᠲᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠨᠡᠪᠲᠡᠷᠡᠵᠦ ᠵᠣᠷᠴᠢᠬᠤ ᠶᠢᠨ ᠬᠠᠮᠢᠶᠠᠷᠤᠯᠲᠠ ᠶᠢ | ᠬᠠᠷᠢᠭᠤᠴᠠᠬᠤ︾ ᠰᠠᠯᠠᠭ᠎ᠠ ᠮᠦᠴᠢᠷ ᠤᠨ ᠬᠠᠮᠵᠢᠯᠴᠠᠭᠰᠠᠨ ᠠᠵᠢᠯ ᠤᠨ ᠲᠣᠭᠲᠠᠴᠠ ᠢ ᠪᠠᠶᠢᠭᠤᠯᠵᠤ᠂ ᠬᠤᠲᠠ ᠶᠢᠨ | ᠪᠠᠷᠢᠮᠵᠢᠶᠠᠵᠢᠭᠰᠠᠨ ᠰᠢᠨ᠎ᠡ ᠡᠨᠧᠷᠬᠢ ᠶᠢᠨ ᠪᠠᠷᠠᠭ᠎ᠠ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠲᠡᠷᠭᠡ ᠬᠦᠰᠬᠡ ᠶᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠬᠤᠲᠠ ᠶᠢᠨ ᠪᠠᠷᠠᠭ᠎ᠠ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ | ᠪᠦᠬᠦ ᠬᠡᠯᠬᠢᠶᠡᠰᠦᠨ ᠳᠤ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠵᠤ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | ᠪᠤᠬᠢᠷᠳᠤᠯ ᠦᠭᠡᠢ ᠪᠠᠷ ᠲᠣᠬᠢᠷᠠᠭᠤᠯᠤᠨ ᠬᠦᠷᠭᠡᠬᠦ ᠵᠢᠱᠢᠶ᠎ᠡ ᠦᠵᠡᠭᠦᠯᠬᠦ ᠬᠤᠲᠠ ᠨᠢ ᠬᠤᠲᠠ ᠶᠢᠨ ᠪᠠᠷᠠᠭ᠎ᠠ | ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠠᠭᠤᠷᠢ ᠦᠢᠯᠡᠴᠢᠯᠡᠭᠡᠨ ᠤ | ᠲᠠᠪᠴᠠᠩ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ | ᠲᠥᠪᠰᠢᠨ ᠢ ᠳᠡᠭᠡᠭᠰᠢᠯᠡᠭᠦᠯᠦᠨ᠎ᠡ᠃ 2020 ᠣᠨ ᠪᠣᠯᠬᠤ ᠳᠤ᠂ ᠣᠷᠳᠣᠰ ᠬᠤᠲᠠ ᠶᠢᠨ ᠬᠤᠲᠠ ᠶᠢᠨ ᠪᠣᠬᠢᠷᠳᠤᠯ | ᠦᠭᠡᠢ ᠪᠠᠷ ᠲᠣᠬᠢᠷᠠᠭᠤᠯᠤᠨ ᠬᠦᠷᠭᠡᠬᠦ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠪᠡᠶᠡᠯᠡᠭᠦᠯᠵᠦ᠂ ᠡᠯ᠎ᠡ ᠠᠶᠢᠮᠠᠭ | ᠬᠤᠲᠠ ᠶᠢᠨ ᠬᠤᠲᠠ ᠶᠢᠨ ᠪᠣᠬᠢᠷᠳᠤᠯ ᠦᠭᠡᠢ ᠪᠠᠷᠠᠭ᠎ᠠ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠪᠦᠲᠦᠭᠡᠨ | ᠪᠠᠶᠢᠭᠤᠯᠤᠯᠲᠠ ᠶᠢᠨ ᠠᠵᠢᠯ ᠢ ᠠᠩᠬ᠎ᠠ ᠠᠯᠬᠤᠮ ᠦᠷ᠎ᠡ ᠪᠦᠲᠦᠮᠵᠢ ᠲᠠᠢ ᠪᠣᠯᠭᠠᠨ᠎ᠠ᠃ ︵ᠦᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ | ᠳᠤᠲᠤᠭᠠᠲᠤ ᠶᠢ ᠬᠠᠮᠠᠭᠠᠯᠠᠬᠤ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠦᠪᠦᠷ ᠮᠣᠩᠭᠤᠯ ᠤᠨ | ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ︶ | 2. ᠬᠤᠲᠠ ᠶᠢᠨ ᠰᠢᠨ᠎ᠡ ᠡᠨᠧᠷᠬᠢᠲᠦ ᠲᠣᠬᠢᠷᠠᠭᠤᠯᠤᠨ ᠬᠦᠷᠭᠡᠬᠦ ᠲᠡᠷᠭᠡ ᠬᠦᠰᠬᠡ ᠶᠢ ᠳᠡᠯᠭᠡᠷᠡᠭᠦᠯᠦᠨ ᠬᠡᠷᠡᠭᠯᠡᠬᠦ | ᠢᠨᠵᠧᠨᠧᠷᠢᠩ᠃ ᠰᠢᠨ᠎ᠡ ᠡᠨᠧᠷᠬᠢ ᠶᠢᠨ ᠪᠣᠯᠣᠨ ᠴᠡᠪᠡᠷ ᠡᠨᠧᠷᠬᠢ ᠶᠢᠨ ᠲᠡᠷᠭᠡ ᠬᠦᠰᠬᠡ ᠶᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠭᠡᠵᠦ᠂ 2020 ᠣᠨ ᠪᠣᠯᠬᠤ ᠳᠤ᠂ ᠬᠤᠲᠠ ᠶᠢᠨ ᠪᠠᠶᠢᠭᠤᠯᠤᠭᠰᠠᠨ ᠲᠣᠭᠤᠷᠢᠭ ᠲᠤ ᠪᠠᠷᠠᠭ᠎ᠠ | ᠭᠦᠢᠯᠭᠡᠭᠡᠨ ᠲᠣᠬᠢᠷᠠᠭᠤᠯᠤᠨ ᠬᠦᠷᠭᠡᠬᠦ ᠬᠦᠩᠭᠡᠨ ᠲᠡᠷᠭᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠭᠡᠵᠦ᠂ ᠰᠢᠨ᠎ᠡ | ᠡᠨᠧᠷᠬᠢ ᠶᠢᠨ ᠲᠡᠷᠭᠡ ᠪᠣᠯᠣᠨ ᠤᠯᠤᠰ ᠤᠨ ᠵᠢᠷᠭᠤᠳᠤᠭᠠᠷ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠰᠡᠨ | ᠴᠡᠪᠡᠷ ᠡᠨᠧᠷᠬᠢ ᠶᠢᠨ ᠲᠡᠷᠭᠡ ᠶᠢᠨ ᠡᠵᠡᠯᠡᠬᠦ ᠬᠠᠷᠢᠴᠠᠯ ᠢ 80% ᠳᠤ ᠬᠦᠷᠦᠭᠦᠯᠦᠨ᠎ᠡ᠃ ᠨᠡᠶᠢᠲᠡ ᠶᠢᠨ ᠴᠠᠬᠢᠯᠭᠠᠨ | ᠴᠡᠨᠡᠭᠯᠡᠬᠦ ᠱᠣᠩ ᠪᠦᠲᠦᠭᠡᠨ ᠪᠠᠶᠢᠭᠤᠯᠬᠤ ᠶᠢ ᠬᠤᠲᠠ ᠶᠢᠨ ᠰᠠᠭᠤᠷᠢ ᠪᠡᠯᠡᠳᠭᠡᠮᠵᠢ ᠶᠢᠨ ᠲᠦᠯᠦᠪᠵᠢᠭᠦᠯᠭᠡ ᠶᠢᠨ | ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠤᠭᠤᠯᠵᠤ᠂ ᠭᠠᠵᠠᠷ ᠰᠢᠷᠤᠢ᠂ ᠪᠡᠯᠡ ᠮᠦᠩᠭᠦ ᠵᠡᠷᠭᠡ ᠪᠠᠷ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠤᠮᠤ ᠬᠡᠯᠪᠡᠷᠢ ᠶᠢᠨ ᠬᠤᠳᠠᠯᠳᠤᠭᠠᠨ ᠤ ᠲᠥᠪ᠂ ᠲᠠᠷᠢᠶᠠᠯᠠᠩ | ᠠᠷᠠᠯᠵᠢᠶᠠᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠪᠠᠷᠠᠭᠠᠨ ᠤ ᠭᠦᠢᠯᠭᠡᠭᠡᠨ ᠨᠢᠭᠲᠠᠷᠠᠭᠰᠠᠨ ᠣᠷᠣᠨ | ᠪᠦᠰᠡ ᠳᠤ᠂ ᠲᠤᠰᠬᠠᠶᠢᠯᠠᠨ ᠴᠠᠬᠢᠯᠭᠠᠨ ᠴᠡᠨᠡᠭᠯᠡᠬᠦ ᠥᠷᠲᠡᠭᠡ ᠪᠣᠯᠣᠨ ᠦᠳᠲᠡᠷ ᠲᠥᠷᠭᠡᠨ ᠴᠠᠬᠢᠯᠭᠠᠨ ᠴᠡᠨᠡᠭᠯᠡᠬᠦ | ᠱᠤᠩ ᠢ ᠲᠦᠪᠯᠡᠷᠡᠭᠦᠯᠦᠨ ᠲᠦᠯᠦᠪᠵᠢᠭᠦᠯᠵᠦ ᠪᠠᠶᠢᠭᠤᠯᠤᠨ᠎ᠠ᠃ ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ᠂ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠲᠥᠪ᠂ ᠨᠢᠰᠭᠡᠯ ᠤᠨ ᠪᠠᠭᠤᠳᠠᠯ ᠵᠡᠷᠭᠡ | ᠭᠠᠵᠠᠷ ᠲᠤ ᠴᠠᠬᠢᠯᠭᠠᠨᠵᠢᠭᠰᠠᠨ᠂ ᠴᠡᠪᠡᠷ ᠡᠨᠧᠷᠬᠢ ᠶᠢᠨ ᠠᠵᠢᠯᠯᠠᠬᠤ ᠲᠡᠷᠭᠡ ᠬᠦᠰᠬᠡ ᠶᠢ ᠳᠡᠯᠭᠡᠷᠡᠭᠦᠯᠦᠨ ᠬᠡᠷᠡᠭᠯᠡᠨ᠎ᠡ᠃ | ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ | ᠲᠢᠩᠭᠢᠮ᠂ ᠡᠳ᠋ ᠤᠨ ᠵᠠᠰᠠᠭ ᠤᠨ ᠲᠢᠩᠭᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ᠂ ᠦᠪᠦᠷ ᠮᠣᠩᠭᠤᠯ ᠤᠨ | ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ | ᠵᠠᠮ ᠤᠨ ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ ᠦᠪᠦᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠤᠮᠫᠠᠨᠢ ᠬᠠᠮᠵᠢᠯᠴᠠᠨ᠎ᠠ︶ | ︵ᠲᠠᠪᠤ︶ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯᠯᠠᠭ᠎ᠠ | 1. ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ | ᠬᠠᠷᠢᠯᠴᠠᠨ ᠬᠤᠯᠪᠣᠵᠤ ᠨᠡᠪᠲᠡᠷᠡᠯᠴᠡᠬᠦ ᠢᠨᠵᠧᠨᠧᠷᠢᠩ᠃ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ | ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢ ᠲᠦᠷᠭᠡᠳᠭᠡᠨ ᠪᠠᠶᠢᠭᠤᠯᠵᠤ᠂ ᠲᠠᠪᠴᠠᠩ ᠳᠠᠬᠢ ᠠᠵᠤ | ᠠᠬᠤᠶᠢᠯᠠᠯ ᠤᠨ ᠬᠢᠨ ᠤ ᠨᠡᠶᠢᠭᠡᠮ ᠤᠨ ᠦᠢᠯᠡᠴᠢᠯᠡᠭᠡᠨ ᠤ ᠴᠢᠳᠠᠮᠵᠢ ᠪᠠᠨ ᠥᠷᠭᠡᠳᠭᠡᠬᠦ ᠶᠢ ᠵᠣᠷᠢᠬᠵᠢᠭᠤᠯᠵᠤ᠂ ︽ | ᠲᠠᠪᠴᠠᠩ + ᠪᠠᠷᠠᠭᠠᠨ ᠤ ᠭᠦᠢᠯᠭᠡᠭᠡᠨ ᠤ ᠠᠷᠠᠯᠵᠢᠶ᠎ᠠ︾ ︽ᠲᠠᠪᠴᠠᠩ + ᠬᠠᠩᠭᠠᠯᠭ᠎ᠠ ᠶᠢᠨ ᠬᠡᠯᠬᠢᠶ᠎ᠡ︾ ᠵᠡᠷᠭᠡ | ᠬᠠᠮᠲᠤᠷᠠᠯᠴᠠᠬᠤ ᠵᠠᠭᠪᠤᠷ ᠢ ᠠᠬᠢᠭᠤᠯᠤᠨ᠂ ᠰᠠᠯᠠᠭ᠎ᠠ ᠮᠦᠴᠢᠷ ᠤᠨ ᠬᠤᠭᠤᠷᠤᠨᠳᠤ᠂ ᠲᠡᠭᠡᠭᠡᠪᠦᠷᠢᠯᠡᠬᠦ ᠠᠷᠭ᠎ᠠ | ᠬᠡᠯᠪᠡᠷᠢ ᠶᠢᠨ ᠬᠤᠭᠤᠷᠤᠨᠳᠤ ᠮᠡᠳᠡᠭᠡ ᠵᠠᠩᠭᠢ ᠪᠠᠨ ᠰᠤᠯᠢᠯᠴᠠᠨ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ | ᠬᠥᠭᠵᠢᠭᠦᠯᠦᠯᠲᠡ ᠪᠠ ᠦᠭᠡᠷᠡᠴᠢᠯᠡᠯᠲᠡ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ᠂ ᠪᠤᠭᠤᠮᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠨ ᠬᠤᠭᠤᠷᠤᠨᠳᠤ ᠮᠡᠳᠡᠭᠡ ᠵᠠᠩᠭᠢ ᠶᠢ ᠴᠢᠯᠦᠭᠡᠲᠡᠢ | ᠪᠠᠶᠢᠯᠭᠠᠵᠤ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠨᠢᠭᠡ ᠥᠷᠲᠡᠭᠡ ᠮᠠᠶ᠋ᠢᠭ ᠤᠨ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ 2020 ᠣᠨ ᠤ ᠰᠡᠭᠦᠯᠴᠢ ᠪᠣᠯᠬᠤ ᠳᠤ᠂ | ᠪᠦᠬᠦ ᠣᠷᠣᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢ ᠦᠨᠳᠦᠰᠦᠨ ᠳᠤ ᠪᠠᠨ ᠪᠦᠲᠦᠭᠡᠨ | ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ | ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠦᠪᠦᠷ | ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠦᠬᠡᠬᠤᠲᠠ ᠪᠤᠭᠤᠮᠲᠠ᠂ ᠮᠠᠨᠵᠤᠤᠷ ᠪᠣᠭᠤᠮᠲᠠ᠂ | ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ ᠵᠠᠮ ᠤᠨ ᠲᠣᠪᠴᠢᠶ᠎ᠠ᠂ ᠬᠠᠷᠪᠢᠨ ᠲᠡᠮᠦᠷ ᠵᠠᠮ ᠤᠨ | ᠲᠣᠪᠴᠢᠶ᠎ᠠ᠂ ᠦᠪᠦᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠤᠨ | ᠪᠦᠯᠦᠭᠯᠡᠯᠲᠦ ᠺᠤᠮᠫᠠᠨᠢ ᠬᠠᠮᠵᠢᠯᠴᠠᠨ᠎ᠠ︶ | 2. ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ | ᠢᠨᠵᠧᠨᠧᠷᠢᠩ᠃ ᠨᠡᠶᠢᠭᠡᠮ ᠤᠨ ᠬᠦᠷᠦᠩᠭᠡ ᠮᠦᠩᠭᠦ ᠶᠢᠨ ᠬᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠮᠡᠳᠡᠭᠡ ᠵᠠᠩᠭᠢ᠂ | ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠤᠨ ᠠᠷᠠᠯᠵᠢᠶ᠎ᠠ᠂ ᠪᠦᠭᠡᠮ ᠲᠠᠸᠠᠷ ᠤᠨ ᠰᠤᠯᠢᠯᠴᠠᠭᠠᠨ ᠤ ᠦᠢᠯᠡᠴᠢᠯᠡᠭᠡ | ᠵᠡᠷᠭᠡ ᠲᠤᠰᠬᠠᠶᠢᠵᠢᠭᠰᠠᠨ ᠡᠵᠡᠩᠨᠡᠯᠲᠡ ᠶᠢᠨ ᠲᠠᠪᠴᠠᠩ ᠪᠠᠶᠢᠭᠤᠯᠬᠤ ᠶᠢ ᠳᠡᠮᠵᠢᠵᠦ᠂ ᠮᠡᠳᠡᠭᠡ ᠵᠠᠩᠭᠢ ᠨᠡᠶᠢᠲᠡᠯᠡᠬᠦ᠂ | ᠵᠠᠮ ᠱᠤᠭᠤᠮ ᠢ ᠰᠢᠯᠢᠳᠡᠭᠵᠢᠭᠦᠯᠬᠦ᠂ ᠬᠦᠮᠦᠷᠭᠡ ᠬᠤᠪᠢᠶᠠᠷᠢᠯᠠᠯᠲᠠ ᠶᠢ ᠬᠠᠮᠢᠶᠠᠷᠬᠤ᠂ ᠤᠭ ᠢᠷᠡᠯᠲᠡ ᠶᠢ ᠨᠢ ᠮᠦᠷᠳᠡᠨ | ᠤᠬᠤᠴᠢᠯᠠᠬᠤ᠂ ᠲᠤᠭ᠎ᠠ ᠪᠠᠷᠢᠮᠲᠠ ᠶᠢ ᠵᠠᠳᠠᠯᠬᠤ᠂ ᠢᠲᠡᠭᠡᠮᠵᠢ ᠶᠢ ᠨᠢ ᠦᠨᠡᠯᠡᠬᠦ᠂ ᠬᠠᠷᠢᠴᠠᠭᠠᠨ ᠡᠷᠦᠬᠡ ᠳᠤ ᠯᠠᠪᠯᠠᠯᠭ᠎ᠠ | ᠥᠭᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠣᠳᠣ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠬᠤ ᠶᠢ ᠵᠣᠷᠢᠬᠵᠢᠭᠤᠯᠵᠤ ᠪᠠᠶᠢᠭᠠᠳ ᠬᠠᠩᠭᠠᠯᠭ᠎ᠠ ᠶᠢᠨ ᠳᠡᠭᠡᠷ᠎ᠡ | ᠳᠣᠣᠷ᠎ᠠ ᠬᠡᠯᠬᠢᠶ᠎ᠡ ᠶᠢᠨ ᠡᠯ᠎ᠡ ᠭᠤᠭᠴᠤᠭ᠎ᠠ ᠳᠤ ᠬᠠᠨᠳᠤᠭᠤᠯᠤᠨ᠂ ᠠᠵᠢᠯ ᠤᠨ ᠴᠤᠪᠤᠷᠠᠯ ᠢ ᠳᠠᠬᠢᠨ ᠪᠠᠶᠢᠭᠤᠯᠬᠤ᠂ | ᠴᠢᠳᠠᠮᠵᠢ ᠶᠢ ᠳᠠᠬᠢᠨ ᠵᠣᠬᠢᠶᠠᠨ ᠪᠠᠶᠢᠭᠤᠯᠬᠤ᠂ ᠨᠢᠭᠡ ᠴᠤᠭᠴᠠᠵᠢᠭᠤᠯᠤᠨ ᠠᠵᠢᠯᠯᠠᠭᠤᠯᠤᠨ ᠡᠵᠡᠩᠨᠡᠬᠦ ᠶᠢ ᠦᠷᠨᠢᠭᠦᠯᠵᠦ᠂ | ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠨᠡᠩ ᠶᠡᠭᠡ ᠬᠡᠪᠴᠢᠶ᠎ᠡ ᠪᠠᠷ᠂ ᠨᠡᠩ ᠭᠦᠨ ᠳᠡᠰ ᠳᠠᠪᠬᠤᠷᠭ᠎ᠠ ᠳᠤ | ᠡᠮᠬᠢᠯᠡᠨ ᠨᠡᠶᠢᠯᠡᠭᠦᠯᠬᠦ ᠶᠢ ᠵᠣᠷᠢᠬᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠭᠢᠮ᠂ ᠦᠪᠦᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠦᠬᠡᠬᠤᠲᠠ | ᠲᠡᠮᠦᠷ ᠵᠠᠮ ᠤᠨ ᠲᠣᠪᠴᠢᠶ᠎ᠠ᠂ ᠮᠦᠭᠳᠡᠨ ᠲᠡᠮᠦᠷ ᠵᠠᠮ ᠤᠨ ᠲᠣᠪᠴᠢᠶ᠎ᠠ᠂ ᠬᠠᠷᠪᠢᠨ ᠲᠡᠮᠦᠷ ᠵᠠᠮ ᠤᠨ ᠲᠣᠪᠴᠢᠶ᠎ᠠ᠂ | ᠦᠪᠦᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠤᠮᠫᠠᠨᠢ | ᠬᠠᠮᠵᠢᠯᠴᠠᠨ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ | ︽ᠨᠢᠭᠡ ᠵᠠᠬ᠎ᠠ ᠳᠡᠯᠭᠡᠭᠦᠷ ᠲᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠨᠢᠭᠡ ᠠᠵᠤ ᠠᠬᠤᠶᠢᠯᠠᠯ ᠳᠤ ᠨᠢᠭᠡ | ᠲᠥᠷᠥ ᠶᠢᠨ ᠪᠣᠳᠣᠯᠭ᠎ᠠ ᠲᠣᠭᠲᠠᠭᠠᠬᠤ︾ ᠱᠠᠭᠠᠷᠳᠠᠯᠭ᠎ᠠ ᠶᠤᠰᠤᠭᠠᠷ᠂ ᠲᠤᠰ ᠭᠠᠵᠠᠷ ᠣᠷᠣᠨ᠂ ᠲᠤᠰ ᠰᠠᠯᠠᠭ᠎ᠠ | ᠮᠦᠴᠢᠷ ᠤᠨ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠪᠣᠲᠠᠲᠠᠢ ᠠᠵᠢᠯ ᠤᠨ ᠲᠦᠰᠦᠯ ᠢ ᠵᠣᠬᠢᠶᠠᠨ | ᠪᠠᠶᠢᠭᠤᠯᠤᠨ ᠨᠠᠶᠢᠷᠠᠭᠤᠯᠵᠤ᠂ ᠡᠭᠦᠷᠭᠡ ᠶᠢᠨ ᠬᠠᠷᠠᠯᠲᠠ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠲᠣᠭᠲᠠᠭᠠᠵᠤ᠂ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠠᠵᠢᠯ ᠤᠨ ᠠᠬᠢᠴᠠ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠳᠦᠬᠦᠷ ᠠᠷᠭ᠎ᠠ ᠬᠡᠮᠵᠢᠶ᠎ᠡ ᠶᠢ ᠨᠡᠶᠢᠲᠡᠯᠡᠨ᠂ ᠡᠯ᠎ᠡ ᠵᠦᠢᠯ ᠤᠨ | ᠠᠵᠢᠯ ᠤᠨ ᠡᠭᠦᠷᠭᠡ ᠶᠢ ᠴᠠᠭ ᠲᠤ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠨᠢ | ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠴᠢᠩᠭᠠᠳᠬᠠᠵᠤ᠂ | ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠠᠵᠢᠯ ᠤᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠶᠠᠪᠤᠴᠠ ᠳᠠᠬᠢ ᠴᠢᠬᠤᠯᠠ ᠶᠡᠭᠡ | ᠠᠰᠠᠭᠤᠳᠠᠯ ᠢ ᠴᠠᠭ ᠲᠣᠬᠠᠢ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠭᠢᠮ᠂ ᠠᠮᠢ ᠠᠬᠤᠢ ᠣᠷᠴᠢᠨ ᠲᠣᠭᠤᠷᠢᠨ ᠤ ᠲᠢᠩᠭᠢᠮ᠂ ᠲᠤᠳᠤᠭᠠᠲᠤ ᠶᠢ ᠬᠠᠮᠠᠭᠠᠯᠠᠬᠤ ᠲᠢᠩᠭᠢᠮ᠂ | ᠬᠤᠳᠠᠯᠳᠤᠭᠠᠨ ᠤ ᠶᠠᠪᠤᠳᠠᠯ ᠤᠨ ᠲᠢᠩᠭᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ | ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠬᠦᠬᠡᠬᠤᠲᠠ ᠪᠤᠭᠤᠮᠲᠠ᠂ ᠮᠠᠨᠵᠣᠣᠷ ᠪᠣᠭᠤᠮᠲᠠ᠂ ᠦᠪᠦᠷ ᠮᠣᠩᠭᠤᠯ ᠤᠨ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠤᠮᠫᠠᠨᠢ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠤᠰᠤᠭᠠᠷ ᠬᠠᠷᠢᠭᠤᠴᠠᠨ᠎ᠠ︶ | ︵ᠬᠤᠶᠠᠷ︶ ᠡᠳ᠋ ᠤᠨ ᠵᠠᠰᠠᠭ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠤᠨ᠎ᠠ᠃ ᠲᠥᠪ ᠤᠨ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠦᠩᠭᠦ ᠶᠢ ᠴᠢᠷᠮᠠᠶᠢᠨ | ᠣᠯᠵᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠵᠦᠢᠯ ᠤᠨ | ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠪᠦᠲᠦᠮᠵᠢᠲᠡᠢ ᠵᠤᠯᠭᠠᠭᠤᠯᠬᠤ ᠶᠢ ᠴᠢᠩᠭᠠᠷᠠᠭᠤᠯᠤᠨ᠂ ᠣᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠶᠢ ᠨᠢᠭᠡᠲᠦᠯᠲᠡᠢ ᠲᠦᠯᠦᠪᠯᠡᠨ ᠠᠬᠢᠭᠤᠯᠤᠨ᠎ᠠ᠃ ᠨᠡᠶᠢᠭᠡᠮ ᠤᠨ | ᠬᠦᠷᠦᠩᠭᠡ ᠮᠦᠩᠭᠦ ᠶᠢᠨ ᠬᠢᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠠᠵᠤ ᠦᠢᠯᠡᠰ ᠤᠨ ᠰᠠᠭᠤᠷᠢ | ᠮᠦᠩᠭᠦ ᠪᠠᠶᠢᠭᠤᠯᠬᠤ ᠶᠢ ᠵᠣᠷᠢᠬᠵᠢᠭᠤᠯᠵᠤ᠂ ᠪᠡᠯᠡ ᠲᠣᠬᠢᠷᠠᠭᠤᠯᠬᠤ ᠵᠠᠮ ᠮᠥᠷ ᠢ ᠥᠷᠭᠡᠳᠭᠡᠨ᠂ ᠲᠡᠭᠡᠭᠡᠪᠦᠷᠢ ᠶᠢᠨ | ᠪᠦᠲᠦᠴᠡ ᠳᠤ ᠲᠣᠬᠢᠷᠠᠭᠤᠯᠤᠯᠲᠠ ᠬᠢᠬᠦ ᠪᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠶᠢ | ᠠᠬᠢᠭᠤᠯᠤᠨ᠎ᠠ᠃ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠠᠵᠢᠯ ᠤᠨ ᠦᠷ᠎ᠡ ᠪᠦᠲᠦᠮᠵᠢ ᠪᠠᠷ | ᠢᠯᠡᠷᠬᠡᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠣᠯ᠂ ᠣᠷᠬᠢᠯ ᠦᠶ᠎ᠡ ᠠᠴᠠ ᠵᠦᠷᠢᠭᠦᠯᠦᠭᠰᠡᠨ | ᠦᠢᠯᠡᠳᠪᠦᠷᠢᠯᠡᠯ ᠤᠨ ᠡᠭᠦᠷᠭᠡ ᠶᠢ ᠬᠤᠪᠢᠶᠠᠷᠢᠯᠠᠬᠤ ᠳᠤ ᠦᠢᠯᠡᠳᠪᠦᠷᠢᠯᠡᠯ ᠢ ᠬᠢᠵᠠᠭᠠᠷᠯᠠᠬᠤ ᠬᠠᠷᠢᠴᠠᠯ ᠢ ᠵᠣᠬᠢᠰᠲᠠᠢ ᠪᠠᠷ | ᠪᠠᠭᠠᠰᠬᠠᠨ᠎ᠠ᠃ ᠬᠠᠭᠤᠴᠢᠷᠠᠭᠰᠠᠨ ᠪᠠ ᠬᠠᠭᠤᠴᠢᠨ ᠲᠡᠷᠭᠡ ᠬᠦᠰᠬᠡ ᠶᠢ ᠶᠡᠭᠡ ᠪᠠᠷ ᠰᠢᠭᠰᠢᠵᠦ᠂ ᠤᠯᠤᠰ ᠤᠨ ︽ᠰᠢᠨ᠎ᠡ | ᠡᠨᠧᠷᠬᠢ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠳᠤ ᠲᠠᠨᠢᠯᠴᠠᠭᠤᠯᠤᠭᠰᠠᠨ ᠮᠠᠰᠢᠨ ᠲᠡᠷᠭᠡᠨ ᠤ ᠬᠡᠯᠪᠡᠷᠢ ᠶᠢᠨ | ᠭᠠᠷᠴᠠᠭ︾ ᠲᠠᠬᠢ ᠰᠢᠨ᠎ᠡ ᠡᠨᠧᠷᠬᠢ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠᠷ ᠪᠠᠶᠢᠭ᠎ᠠ ᠬᠤᠯᠪᠣᠭᠳᠠᠯ ᠪᠦᠬᠦᠢ | ᠠᠵᠤ ᠠᠬᠤᠶᠢᠯᠠᠯ ᠪᠣᠯᠣᠨ ᠬᠦᠮᠦᠰ ᠲᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠤᠰᠤᠭᠠᠷ ᠴᠠᠭ | ᠲᠣᠬᠠᠢ ᠳᠤ ᠨᠢ ᠨᠡᠮᠡᠭᠦᠷᠢ ᠥᠭᠭᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ | ᠠᠮᠢ ᠠᠬᠤᠢ ᠣᠷᠴᠢᠨ ᠲᠣᠭᠤᠷᠢᠨ ᠤ ᠲᠢᠩᠭᠢᠮ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠭᠤᠷᠪᠠ︶ ᠭᠠᠵᠠᠷ ᠰᠢᠷᠤᠢ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠳᠤ ᠭᠠᠵᠠᠷ ᠬᠡᠷᠡᠭᠯᠡᠬᠦ ᠲᠠᠯ᠎ᠠ ᠪᠠᠷ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠲᠤᠰ ᠲᠦᠰᠦᠯ ᠳᠤ ᠳᠡᠮᠵᠢᠵᠦ ᠪᠠᠶᠢᠭ᠎ᠠ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ | ᠲᠦᠷᠦᠯ ᠵᠦᠢᠯ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠᠭᠲᠠᠬᠤ ᠦᠭᠡᠢ︶ ᠳᠤ᠂ ᠬᠡᠷᠡᠭᠯᠡᠬᠦ | ᠭᠠᠵᠠᠷ ᠢ ᠤᠷᠢᠳᠴᠢᠯᠠᠨ ᠬᠢᠨᠠᠬᠤ᠂ ᠲᠦᠯᠦᠪᠵᠢᠭᠦᠯᠭᠡ ᠶᠢᠨ ᠬᠠᠶ᠋ᠢᠭ ᠰᠤᠩᠭᠤᠬᠤ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠬᠢ ᠬᠠᠮᠢᠶ᠎ᠠ ᠪᠦᠬᠦᠢ ᠮᠠᠲ᠋ᠧᠷᠢᠶᠠᠯ ᠨᠢ ᠪᠦᠷᠢᠨ ᠭᠦᠢᠴᠡᠳ | ᠪᠠᠶᠢᠬᠤ ᠪᠠᠶᠢᠳᠠᠯ ᠳᠣᠣᠷ᠎ᠠ᠂ ᠰᠠᠭᠠᠳ ᠦᠭᠡᠢ ᠨᠡᠪᠲᠡᠷᠡᠬᠦ ᠵᠠᠮ ᠢ ᠨᠡᠬᠡᠬᠡᠵᠦ᠂ ᠡᠬᠡ ᠳᠠᠩᠰᠠ ᠪᠠᠶᠢᠭᠤᠯᠤᠨ᠂ ᠲᠥᠷᠭᠡᠨ | ᠭᠦᠢᠴᠡᠳᠭᠡᠵᠦ ᠥᠭᠭᠦᠨ᠎ᠡ᠃ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠦᠯᠦᠪᠵᠢᠭᠦᠯᠭᠡ ᠶᠢᠨ | ᠵᠢᠯᠤᠭᠤᠳᠤᠯᠭ᠎ᠠ ᠳᠣᠣᠷ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠣᠨ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠤᠨ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠪᠦᠲᠦᠭᠡᠨ ᠪᠠᠶᠢᠭᠤᠯᠤᠯᠲᠠ ᠶᠢᠨ | ᠲᠦᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ᠂ ᠭᠠᠵᠠᠷ ᠰᠢᠷᠤᠢ ᠬᠡᠷᠡᠭᠯᠡᠬᠦ ᠶᠢᠨ ᠭᠦᠢᠴᠡᠳᠭᠡᠯ | ᠲᠤᠭ᠎ᠠ ᠶᠢ ᠪᠠᠲᠤᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ | ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠭᠢᠮ᠂ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠲᠢᠩᠭᠢᠮ᠂ ᠬᠦᠬᠡᠬᠤᠲᠠ ᠲᠡᠮᠦᠷ ᠵᠠᠮ ᠤᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠳᠥᠷᠪᠡ︶ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠨ᠎ᠠ᠃ | ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠬᠢᠨᠠᠨ ᠬᠡᠮᠵᠢᠵᠦ ᠵᠠᠳᠠᠯᠬᠤ ᠪᠠᠨ | ᠴᠢᠩᠭᠠᠳᠬᠠᠵᠤ᠂ ᠪᠠᠷᠠᠭ᠎ᠠ ᠲᠡᠭᠡᠭᠡᠪᠦᠷᠢ ᠶᠢᠨ ︽ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ | ᠪᠣᠯᠭᠠᠨ ᠬᠤᠪᠢᠷᠠᠭᠤᠯᠬᠤ︾ ᠠᠵᠢᠯᠯᠠᠭᠠᠨ ᠤ ᠬᠦᠳᠡᠯᠦᠯ ᠪᠠᠶᠢᠳᠠᠯ᠂ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ᠂ ᠰᠢᠨ᠎ᠡ ᠡᠨᠧᠷᠬᠢ ᠶᠢᠨ ᠲᠡᠷᠭᠡ ᠬᠦᠰᠬᠡ ᠶᠢ ᠳᠡᠯᠭᠡᠷᠡᠭᠦᠯᠦᠨ ᠬᠡᠷᠡᠭᠯᠡᠬᠦ | ᠵᠡᠷᠭᠡ ᠮᠡᠳᠡᠭᠡ ᠵᠠᠩᠭᠢ ᠶᠢᠨ ᠠᠵᠢᠯᠯᠠᠭᠠᠨ ᠤ ᠬᠢᠨᠠᠨ ᠬᠡᠮᠵᠢᠬᠦ ᠪᠠ ᠮᠡᠳᠡᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ᠎ᠠ᠃ | ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠨ᠂ | ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠶᠠᠷᠢᠶ᠎ᠠ | ᠬᠡᠯᠡᠯᠴᠡᠭᠡᠨ ᠢ ᠬᠦᠲᠦᠯᠦᠨ ᠵᠢᠯᠤᠭᠤᠳᠬᠤ ᠶᠢ ᠬᠢᠨᠠᠮᠠᠭᠠᠢ ᠰᠠᠶᠢᠲᠤᠷ ᠬᠢᠵᠦ᠂ ᠲᠡᠭᠡᠭᠡᠪᠦᠷᠢ ᠶᠢᠨ ᠪᠦᠲᠦᠴᠡ ᠶᠢᠨ | ᠲᠣᠬᠢᠷᠠᠭᠤᠯᠤᠯᠲᠠ ᠶᠢᠨ ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ ︵ᠦᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠢᠩᠭᠢᠮ᠂ ᠠᠮᠢ ᠠᠬᠤᠢ ᠣᠷᠴᠢᠨ ᠲᠣᠭᠤᠷᠢᠨ ᠤ ᠲᠢᠩᠭᠢᠮ᠂ ᠬᠦᠬᠡᠬᠤᠲᠠ ᠲᠡᠮᠦᠷ ᠵᠠᠮ ᠤᠨ ᠲᠣᠪᠴᠢᠶ᠎ᠠ | ᠬᠠᠮᠵᠢᠯᠴᠠᠨ᠎ᠠ︶ | ᠳᠠᠭᠠᠯᠳᠤᠭᠤᠯᠤᠯ᠄ 2018 — 2020 ᠣᠨ ᠤ ᠦᠪᠦᠷ ᠮᠣᠩᠭᠤᠯ ᠤᠨ ᠲᠡᠮᠦᠷ ᠵᠠᠮ ᠤᠨ ᠪᠠᠷᠠᠭ᠎ᠠ | ᠲᠡᠭᠡᠭᠡᠪᠦᠷᠢ ᠶᠢᠨ ᠨᠡᠮᠡᠭᠳᠡᠯ ᠤᠨ ᠡᠭᠦᠷᠭᠡ ᠶᠢ ᠬᠤᠪᠢᠶᠠᠷᠢᠯᠠᠭᠰᠠᠨ ᠬᠦᠰᠦᠨᠦᠭᠲᠦ | ᠲᠠᠭᠠᠯᠳᠤᠭᠤᠯᠤᠯ |