| 7 ᠰᠠᠷ᠎ᠠ ᠶᠢᠨ 27 ᠤ ᠦᠳᠡ ᠶᠢᠨ ᠬᠤᠶᠢᠨ᠎ᠠ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ 15 ᠳ᠋ᠤᠭᠠᠷ ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠱᠠᠯᠠᠪᠳᠠᠭᠤᠯᠤᠨ ᠵᠢᠯᠤᠭᠤᠳᠤᠬᠰᠡᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠥᠬᠡᠬᠤᠳᠠ ᠳᠤ | ᠬᠤᠷᠠᠯᠳᠤᠪᠠ᠃ | | 7 ᠰᠠᠷ᠎ᠠ ᠶᠢᠨ 27 ᠤ ᠦᠳᠡ ᠶᠢᠨ ᠬᠤᠶᠢᠨ᠎ᠠ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ 15 ᠳ᠋ᠤᠭᠠᠷ ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠱᠠᠯᠠᠪᠳᠠᠭᠤᠯᠤᠨ ᠵᠢᠯᠤᠭᠤᠳᠤᠬᠰᠡᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠥᠬᠡᠬᠤᠳᠠ ᠳᠤ | ᠬᠤᠷᠠᠯᠳᠤᠪᠠ᠃ | ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ | ᠤᠳᠤᠷᠢᠳᠬᠤ ᠳᠤᠭᠤᠢᠢᠯᠠᠩ ᠤᠨ ᠪᠠᠶᠢᠷᠢᠯᠠᠭᠤᠯᠤᠯᠲᠠ ᠶᠢ ᠦᠨᠳᠦᠰᠦᠯᠡᠵᠤ᠂ ᠲᠥᠪ ᠤᠨ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ 15 ᠳ᠋ᠤᠭᠠᠷ ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠤᠨ ᠳᠠᠷᠤᠭ᠎ᠠ ᡁᠢ ᠱᠤ᠋ ᠫᠢᠩ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠨᠡ ᠵᠢᠯ ᠤᠨ 6 ᠳ᠋ᠤᠭᠠᠷ ᠰᠠᠷ᠎ᠠ ᠳᠤ ᠥᠪᠥᠷ | ᠮᠣᠩᠭᠤᠯ ᠳᠤ ᠢᠷᠡᠵᠤ ᠱᠠᠯᠠᠪᠳᠠᠭᠤᠯᠤᠨ ᠵᠢᠯᠣᠭᠤᠳᠤᠬᠰᠡᠨ ᠠᠵᠢᠯ ᠤᠨ ᠪᠠᠶᠢᠳᠠᠯ ᠢᠶᠠᠨ ᠬᠠᠷᠢᠭᠤ ᠲᠤᠰᠬᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠱᠠᠯᠠᠪᠳᠠᠭᠤᠯᠤᠨ ᠵᠢᠯᠣᠭᠤᠳᠴᠤ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠤᠪᠤᠷ ᠢᠶᠠᠨ ᠢᠯᠡᠳᠭᠡᠬᠦ ᠦᠭᠡ ᠬᠡᠯᠡᠵᠤ᠂ ᠱᠠᠯᠠᠪᠳᠠᠭᠤᠯᠤᠨ | ᠵᠢᠯᠣᠭᠤᠳᠬᠤ ᠳᠤᠭᠤᠢᠢᠯᠠᠩ ᠤᠨ ᠲᠡᠳ᠋ ᠲᠠᠷᠤᠭ᠎ᠠ ᠰᠢᠤᠢ ᠬᠠᠢ ᠪᠢᠨ ᠬᠤᠷᠠᠯ ᠳᠤ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ | ᠰᠢᠶᠣᠤ ᠯᠢᠨ ᠬᠤᠷᠠᠯ ᠢ ᠡᠷᠬᠢᠯᠡᠪᠡ᠃ | ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠵᠤ᠂ 2019 ᠣᠨ ᠤ 6 | ᠰᠠᠷ᠎ᠠ ᠶᠢᠨ 1 ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ 15 ᠳ᠋ᠤᠭᠠᠷ ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠳᠤ ᠨᠢᠭᠡ ᠰᠠᠷ᠎ᠠ ᠶᠢᠨ | ᠬᠤᠭᠤᠴᠠᠭ᠎ᠠ ᠲᠠᠢ ᠱᠠᠯᠠᠪᠳᠠᠭᠤᠯᠤᠨ ᠵᠢᠯᠣᠭᠤᠳᠤᠯᠭ᠎ᠠ ᠬᠢᠪᠡ᠃ 7 ᠰᠠᠷ᠎ᠠ ᠶᠢᠨ 25 ᠤ ᠡᠳᠦᠷ᠂ ᠪᠥᠬᠦ ᠤᠯᠤᠰ ᠤᠨ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠱᠠᠯᠠᠪᠳᠠᠭᠤᠯᠤᠨ ᠵᠢᠯᠣᠭᠤᠳᠤᠭᠰᠠᠨ ᠪᠠᠶᠢᠳᠠᠯ ᠤᠨ ᠲᠤᠬᠠᠶ 15 | ᠳ᠋ᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠴᠤ᠂ | ᠱᠠᠯᠠᠪᠳᠠᠭᠤᠯᠤᠨ ᠵᠢᠯᠣᠭᠤᠳᠤᠭᠰᠠᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ | ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ | ᡁᠢ ᠱᠤ᠋ ᠫᠢᠩ ᠲᠥᠪ ᠤᠨ ᠤᠳᠤᠷᠢᠳᠬᠤ ᠨᠥᠬᠦᠳ ᠤᠨ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ | ᠤᠯᠤᠰ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ | ᠳᠤᠭᠤᠢᠢᠯᠠᠩ ᠤᠨ 7 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠱᠠᠯᠠᠪᠳᠠᠭᠤᠯᠤᠨ | ᠵᠢᠯᠣᠭᠤᠳᠬᠤ ᠮᠡᠳᠡᠭᠦᠯᠦᠯᠲᠡ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠨᠠᠷᠢᠨ ᠳᠠᠩᠰᠠ᠂ ᠬᠠᠷᠢᠭᠤᠴᠠᠯᠭ᠎ᠠ | ᠲᠤᠯᠭᠠᠬᠤ ᠰᠠᠨᠠᠭᠤᠯᠭ᠎ᠠ ᠶᠢᠨ ᠨᠠᠷᠢᠨ ᠳᠠᠩᠰᠠ ᠶᠢ ᠰᠢᠯᠵᠢᠭᠦᠯᠦᠨ ᠲᠤᠰᠢᠶᠠᠪᠠ᠃ | ᡁᠢ ᠱᠤ᠋ ᠫᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠠᠨ ᠤ ᠤᠯᠤᠰ ᠤᠨ ᠤᠮᠠᠷᠠᠲᠤ | ᠬᠢᠯᠢ ᠳᠤ ᠪᠠᠶᠢᠷᠢᠯᠠᠵᠤ᠂ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠪᠠᠶᠢᠵᠤ᠂ ︽ᠡᠬᠡ ᠤᠯᠤᠰ | ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ︾ ᠪᠣᠯᠤᠨ ︽ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ︾ ᠶᠢ ᠪᠠᠳᠤ ᠴᠤᠬᠴᠠᠯᠠᠬᠤ ᠴᠢᠬᠤᠯᠠ | ᠶᠡᠭᠡ ᠬᠠᠷᠢᠭᠤᠴᠠᠯᠭ᠎ᠠ ᠶᠢ ᠡᠭᠦᠷᠬᠡᠯᠡᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠥᠷᠨᠢᠭᠦᠯᠬᠦ ᠳᠤ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠤ ᠬᠡᠮᠵᠢᠶ᠎ᠡ ᠪᠠᠷ | ᠴᠢᠬᠤᠯᠠᠴᠢᠯᠠᠵᠤ᠂ ᠥᠨᠳᠥᠷ ᠲᠦᠪᠰᠢᠨ ᠢᠶᠠᠷ ᠠᠬᠢᠭᠤᠯᠵᠤ᠂ ᠣᠪᠣᠷ ᠡᠷᠡᠰ ᠰᠢᠭᠤᠷᠬᠠᠶ᠂ ᠠᠷᠭ᠎ᠠ ᠬᠡᠮᠵᠢᠶ᠎ᠡ | ᠬᠦᠴᠦᠲᠡᠶ ᠪᠠᠶᠢᠵᠤ᠂ ᠱᠠᠲᠤᠴᠢ ᠴᠢᠨᠠᠷᠲᠠᠶ ᠴᠢᠬᠤᠯᠠ ᠦᠷ᠎ᠡ ᠪᠦᠲᠦᠭᠡᠯ ᠣᠯᠵᠠᠶ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ | ᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠣᠯᠠᠨ ᠤᠳᠠᠭ᠎ᠠ ᠵᠣᠬᠢᠶᠠᠨ ᠪᠠᠶᠢᠭᠤᠯᠤᠨ ᠰᠤᠳᠤᠯᠤᠨ | ᠪᠠᠶᠢᠷᠢᠯᠠᠭᠤᠯᠵᠤ᠂ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠢᠳᠡᠪᠬᠢᠲᠡᠢ | ᠣᠷᠣᠯᠴᠠᠵᠤ᠂ ᠳᠡᠮᠵᠢᠯᠭᠡ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠢᠢᠯᠠᠩ ᠵᠢᠴᠢ ᠠᠯᠪᠠᠨ ᠭᠡᠷ ᠤᠨ ᠬᠢᠨ ᠲᠦᠷᠦᠭᠦᠯᠡᠨ | ᠠᠳᠬᠤᠬᠤ ᠶᠡᠷᠦᠩᠬᠡᠶ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ | ᠰᠠᠯᠠᠭ᠎ᠠ ᠮᠥᠴᠢᠷ ᠤᠨ ᠬᠢᠨ ᠭᠠᠪᠰᠢᠭᠠᠢ ᠴᠠᠭᠳᠠᠭ᠎ᠠ ᠶᠢ ᠲᠠᠳᠠᠵᠤ ᠲᠤᠰᠬᠠᠢ ᠲᠤᠷᠰᠢᠨ ᠪᠠᠶᠢᠴᠠᠭᠠᠬᠤ᠂ ᠵᠠᠭᠠᠯᠳᠤᠬᠤ᠂ | ᠰᠢᠭᠦᠨ ᠲᠠᠰᠤᠯᠬᠤ ᠪᠦᠯᠬᠦᠮ ᠢ ᠵᠣᠬᠢᠶᠠᠨ ᠪᠠᠶᠢᠭᠤᠯᠵᠤ᠂ ᠶᠡᠭᠡ ᠬᠡᠷᠡᠭ ᠤᠨ ᠪᠣᠭᠤᠮᠲᠠ ᠰᠢᠪᠲᠤᠯᠬᠤ ᠪᠠ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠪᠦᠬᠦ ᠣᠷᠣᠨ ᠳᠤ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠭᠳᠠᠭᠰᠠᠨ ᠶᠠᠯᠠᠲᠤ ᠪᠦᠯᠦᠭᠯᠡᠯ ᠪᠣᠯᠤᠨ ᠶᠠᠯᠠᠲᠤ ᠡᠲᠡᠭᠡᠳ ᠢ ᠪᠣᠳᠠ ᠨᠢᠷᠭᠡᠵᠦ᠂ ᠨᠢᠭᠡ ᠪᠦᠯᠦᠭ | ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠡᠷᠡᠯ ᠪᠣᠯᠤᠨ ︽ᠬᠠᠮᠠᠭᠠᠯᠠᠭᠴᠢ︾ ᠶᠢᠨ | ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠰᠤᠯᠠ ᠲᠤᠷᠤᠢ ᠰᠠᠯᠠᠩ | ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠴᠠᠭᠠᠨ ᠴᠡᠭᠴᠡᠯᠡᠵᠠᠢ ᠭᠡᠵᠤ ᠵᠢᠭᠠᠵᠤ ᠭᠠᠷᠭᠠᠪᠠ᠃ | ᡁᠢ ᠱᠤ᠋ ᠫᠢᠩ᠂ ᠱᠠᠯᠠᠪᠳᠠᠭᠤᠯᠤᠨ ᠵᠢᠯᠣᠭᠤᠳᠤᠯᠭ᠎ᠠ ᠳᠤ ᠢᠯᠡᠷᠡᠭᠦᠯᠦᠭᠰᠡᠨ ᠢᠶᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ | ᠬᠥᠭᠵᠢᠯᠲᠡ ᠪᠠᠰᠠ ᠲᠡᠩᠴᠡᠭᠦᠷᠢ ᠦᠭᠡᠢ ᠪᠠᠶᠢᠨ᠎ᠠ᠂ ᠴᠢᠬᠤᠯᠠᠴᠢᠯᠠᠭᠤᠰᠢᠲᠠᠶ ᠠᠰᠠᠭᠤᠳᠠᠯ ᠡᠳᠦᠢ ᠲᠡᠳᠦᠢ ᠣᠷᠣᠰᠢᠵᠤ | ᠪᠠᠶᠢᠨ᠎ᠠ᠃ ᠤᠯᠤᠰ ᠲᠥᠷᠦ ᠶᠢᠨ ᠲᠠᠯ᠎ᠠ ᠪᠠᠷ᠂ ᠵᠠᠷᠢᠮ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ | ᠴᠢᠨᠠᠭᠰᠢᠯᠠᠪᠠᠯ ᠲᠥᠪ ᠤᠨ ᠱᠠᠯᠠᠪᠳᠠᠭᠤᠯᠤᠨ ᠵᠢᠯᠣᠭᠤᠳᠬᠤ ᠠᠵᠢᠯ ᠢ ᠴᠢᠬᠤᠯᠠᠴᠢᠯᠠᠭᠰᠠᠨ ᠢᠶᠠᠷ ᠪᠠᠰᠠ ᠬᠦᠷᠦᠯᠴᠡᠬᠦ | ᠦᠭᠡᠢ ᠪᠠᠶᠢᠨ᠎ᠠ᠃ ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠠᠯᠪᠠ ᠬᠠᠰᠢᠨ ᠠᠮᠠ ᠪᠦᠭᠯᠡᠬᠦ ᠲᠡᠳᠦᠢ ᠬᠢᠵᠤ᠂ ᠭᠦᠨᠵᠡᠭᠡᠶ | ᠦᠷᠨᠢᠬᠦᠯᠦᠭᠰᠡᠨ ᠦᠭᠡᠢ᠃ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠠᠵᠢᠯ ᠬᠢᠬᠦ ᠦᠭᠡᠢ᠂ ᠤᠳᠠᠭᠠᠨ | ᠬᠢᠬᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠳᠤᠲᠠᠮᠠᠭ ᠪᠠᠶᠢᠨ᠎ᠠ᠃ ᠬᠠᠤᠯᠢ | ᠶᠣᠰᠣᠭᠠᠷ ᠴᠢᠩᠭ᠎ᠠ ᠰᠢᠢᠳᠬᠡᠬᠦ ᠲᠠᠯ᠎ᠠ ᠪᠠᠷ᠂ ᠰᠦᠪᠡᠭᠴᠢ ᠶᠢ ᠵᠢᠭᠰᠠᠭᠠᠨ ᠪᠠᠶᠢᠴᠠᠭᠠᠭᠰᠠᠨ ᠨᠢ ᠭᠦᠢᠴᠡᠳ ᠪᠤᠰᠤ᠂ | ᠬᠠᠷᠭᠤᠭᠤᠯᠤᠨ ᠪᠠᠶᠢᠴᠠᠭᠠᠭᠰᠠᠨ ᠶᠠᠰᠤ ᠴᠢᠨᠠᠷ ᠦᠷ᠎ᠡ ᠪᠦᠲᠦᠮᠵᠢ ᠨᠢ ᠥᠨᠳᠥᠷ ᠪᠢᠰᠢ᠃ ᠰᠢᠪᠲᠤᠯᠤᠯᠲᠠ ᠭᠠᠷᠭᠠᠬᠤ | ᠡᠷᠴᠢᠮ ᠪᠠᠰᠠ ᠲᠡᠶᠢᠮᠦ ᠶᠡᠭᠡ ᠪᠢᠰᠢ᠂ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠲᠠᠯ᠎ᠠ ᠪᠠᠷ ᠲᠡᠶᠢᠮᠦ ᠴᠢᠩᠭ᠎ᠠ ᠪᠢᠰᠢ᠂ | ᠴᠥᠭᠡᠨ ᠪᠤᠰᠤ ᠬᠡᠷᠡᠭ ᠤᠨ ᠶᠠᠰᠤ ᠴᠢᠨᠠᠷ ᠪᠠ ᠦᠷ᠎ᠡ ᠪᠦᠲᠦᠮᠵᠢ ᠨᠢ ᠥᠨᠳᠥᠷ ᠪᠢᠰᠢ ᠪᠠᠶᠢᠨ᠎ᠠ᠃ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠰᠢᠭᠦᠬᠦ ᠪᠠᠶᠢᠭᠤᠯᠭ᠎ᠠ ᠶᠢᠨ ᠵᠥᠪᠳᠡᠯᠴᠡᠭᠡ ᠰᠤᠳᠤᠯᠤᠨ ᠮᠠᠭᠠᠳᠯᠠᠯᠳᠠ ᠳᠤᠲᠠᠮᠠᠭ ᠪᠠᠶᠢᠵᠤ᠂ | ᠬᠡᠷᠡᠭ ᠰᠢᠢᠳᠪᠦᠷᠢᠯᠡᠬᠦ ᠦᠶᠡᠯᠡᠯ ᠨᠡᠶᠢᠳᠡᠮ ᠳᠡᠭᠡᠨ ᠨᠡᠯᠢᠶᠡᠳ ᠤᠷᠳᠤ ᠪᠣᠯᠵᠠᠶ᠃ ︽ᠡᠳ᠋ ᠬᠦᠷᠦᠩᠭᠡ ᠶᠢ ᠨᠢ | ᠬᠤᠷᠢᠶᠠᠵᠤ ᠡᠳ᠋ ᠤᠨ ᠬᠦᠴᠦᠨ ᠤ ᠢᠷᠠᠯᠳᠠ ᠶᠢ ᠨᠢ ᠲᠠᠰᠤᠯᠬᠤ︾ ᠲᠠᠯ᠎ᠠ ᠪᠠᠷ ᠭᠦᠢᠴᠡᠳ ᠦᠭᠡᠢ᠂ ᠲᠡᠩᠴᠡᠭᠦᠷᠢ | ᠥᠬᠡᠶ᠂ ᠪᠣᠳᠠᠲᠠᠶ ᠬᠡᠷᠡᠭᠵᠢᠭᠦᠯᠦᠭᠰᠡᠨ ᠨᠢ ᠴᠥᠭᠡᠨ᠃ ᠶᠡᠷᠦᠩᠬᠡᠶᠢᠯᠡᠨ ᠵᠠᠰᠠᠬᠤ ᠲᠠᠯ᠎ᠠ ᠪᠠᠷ᠂ ᠭᠤᠤᠯᠳᠠᠯᠭ᠎ᠠ ᠲᠠᠢ | ᠠᠵᠢᠯ ᠲᠥᠷᠥᠯ ᠤᠨ ᠬᠦᠷᠢᠶᠡᠨ ᠳᠠᠬᠢ ᠣᠯᠠᠩᠬᠢ ᠨᠢ ᠬᠢᠨᠠᠯᠲᠠ ᠬᠠᠮᠢᠶᠠᠷᠤᠯᠲᠠ ᠳᠤᠲᠠᠭᠳᠠᠵᠤ ᠪᠠᠶᠢᠬᠤ ᠦᠵᠡᠭᠳᠡᠯ | ᠣᠷᠣᠰᠢᠵᠤ᠂ ᠣᠯᠠᠩᠬᠢ ᠠᠵᠢᠯ ᠲᠥᠷᠥᠯ ᠤᠨ ᠬᠦᠷᠢᠶᠡᠨ ᠳᠤ ᠡᠮᠬᠢ ᠵᠠᠮᠪᠠᠷᠠᠭ᠎ᠠ ᠥᠬᠡᠶ ᠦᠵᠡᠭᠳᠡᠯ ᠢ ᠴᠡᠭᠴᠡᠯᠡᠨ | ᠵᠠᠰᠠᠬᠤ ᠠᠵᠢᠯᠯᠠᠭ᠎ᠠ ᠶᠢ ᠪᠦᠲᠦᠮᠵᠢᠲᠡᠶ ᠥᠷᠨᠢᠭᠦᠯᠵᠦ ᠴᠢᠳᠠᠭᠰᠠᠨ ᠥᠬᠡᠶ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠪᠣᠯᠤᠨ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠶᠢᠨ ᠵᠣᠯᠭᠠᠯᠴᠠᠭ᠎ᠠ ᠶᠢ | ᠪᠣᠳᠠᠲᠠᠶᠢᠵᠢᠭᠤᠯᠤᠭᠰᠠᠨ ᠦᠭᠡᠢ᠂ ᠵᠠᠷᠢᠮ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠ ᠢᠯᠡᠷᠡᠭᠦᠯᠵᠤ ᠮᠡᠳᠡᠭᠰᠡᠨ ᠬᠠᠤᠯᠢ ᠠᠴᠠ ᠵᠥᠷᠢᠴᠡᠭᠰᠡᠨ ᠰᠦᠪᠡᠭᠴᠢ ᠶᠢ | ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠦᠭᠭᠦᠭᠰᠡᠨ ᠦᠭᠡᠢ᠃ ᠭᠦᠨᠵᠡᠭᠡᠶ | ᠠᠭᠤᠳᠠᠯᠵᠤ ᠲᠦᠢᠯᠪᠤᠷᠢᠲᠠᠶ ᠪᠠᠶᠢᠴᠠᠭᠠᠬᠤ ᠲᠠᠯ᠎ᠠ ᠪᠠᠷ᠂ ︽ᠬᠤᠶᠠᠷ ᠢ ᠤᠶᠠᠯᠳᠤᠭᠤᠯᠬᠤ︾ ᠲᠠᠯ᠎ᠠ ᠪᠠᠷ ᠲᠡᠶᠢᠮᠦ | ᠨᠢᠭᠲᠠ ᠪᠢᠰᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠢᠯᠵᠠᠷᠠᠯ ᠢ ᠡᠰᠡᠷᠭᠦᠴᠡᠬᠦ ᠬᠤᠶᠠᠷ ᠢ | ᠤᠶᠠᠯᠳᠤᠭᠤᠯᠬᠤ ᠲᠠᠯ᠎ᠠ ᠪᠠᠷ ᠲᠡᠶᠢᠮᠦ ᠴᠢᠩᠭ᠎ᠠ ᠪᠢᠰᠢ᠂ ᠵᠠᠷᠢᠮ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ | ᠬᠦᠴᠦᠨ ᠲᠠᠢ ᠬᠤᠯᠪᠣᠭᠳᠠᠭᠰᠠᠨ ᠢᠯᠵᠠᠷᠠᠯ ᠤᠨ ᠰᠦᠪᠡᠭᠴᠢ ᠶᠢ ᠲᠡᠶᠢᠮᠦ ᠭᠦᠨ ᠠᠭᠤᠳᠠᠯᠤᠬᠰᠠᠨ ᠦᠭᠡᠢ᠂ ᠨᠡᠶᠢᠭᠡᠮ | ᠤᠨ ᠬᠠᠷ᠎ᠠ ᠪᠦᠯᠦᠭᠳᠡᠨ ᠤ ᠠᠷᠤ ᠳᠠᠬᠢ ︽ᠬᠠᠮᠠᠭᠠᠯᠠᠭᠴᠢ︾ ᠶᠢ ᠢᠯᠡᠷᠡᠬᠦᠯᠦᠭᠰᠡᠨ ᠢᠶᠠᠷ ᠬᠦᠷᠦᠯᠴᠡᠬᠦ ᠦᠭᠡᠢ᠂ ᠵᠠᠷᠢᠮ | ᠠᠶᠢᠮᠠᠭ ᠬᠤᠲᠠ᠂ ᠣᠯᠠᠩᠬᠢ ᠬᠤᠰᠢᠭᠤ ᠰᠢᠶᠠᠨ ᠤ ︽ᠬᠠᠮᠠᠭᠠᠯᠠᠭᠴᠢ︾ ᠶᠢ ᠪᠠᠶᠢᠴᠠᠭᠠᠨ ᠰᠢᠢᠳᠪᠦᠷᠢᠯᠡᠭᠰᠡᠨ ᠲᠠᠰ | ᠲᠠᠪᠬᠤᠷᠭ᠎ᠠ ᠨᠢ ᠨᠡᠯᠢᠶᠡᠳ ᠳᠣᠤᠷ᠎ᠠ ᠪᠠᠶᠢᠨ᠎ᠠ᠃ ︽ᠬᠠᠷᠢᠴᠠᠭᠠᠨ ᠤ ᠲᠤᠤᠷ ᠢ ᠡᠪᠳᠡᠵᠤ ᠬᠠᠮᠠᠭᠠᠯᠠᠬᠴᠢ ᠳᠤ ᠴᠤᠬᠢᠯᠳᠠ | ᠦᠭᠬᠦ︾ ᠠᠵᠢᠯ ᠲᠡᠶᠢᠮᠦ ᠭᠦᠨᠵᠡᠭᠡᠢ ᠪᠢᠰᠢ᠂ ᠮᠠᠰᠢ ᠣᠯᠠᠨ ᠠᠶᠢᠮᠠᠭ ᠬᠤᠲᠠ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠭᠳᠠᠭᠰᠠᠨ ᠬᠡᠷᠡᠭ ᠢ ᠬᠡᠷᠡᠭ ᠪᠣᠯᠭᠠᠨ ᠰᠢᠢᠳᠪᠦᠷᠢᠯᠡᠵᠦ᠂ ᠬᠦᠨᠵᠡᠭᠡᠢ ᠠᠭᠤᠳᠠᠯᠤᠬᠰᠡᠨ ᠲᠠᠯ᠎ᠠ ᠪᠠᠷ | ᠬᠦᠷᠦᠯᠴᠡᠬᠦ ᠦᠭᠡᠢ ᠪᠠᠶᠢᠨ᠎ᠡ᠃ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠰᠠᠨ ᠨᠢ ᠲᠡᠶᠢᠮᠦ ᠬᠦᠴᠦᠳᠠᠢ | ᠪᠢᠰᠢ᠂ ︽ᠬᠠᠷᠢᠭᠤᠴᠠᠯᠭ᠎ᠠ ᠲᠤᠯᠭᠠᠬᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ︾ ᠦᠢᠯᠡᠳᠦᠯ | ᠦᠵᠡᠬᠦᠯᠦᠭᠰᠡᠨ ᠨᠢ ᠢᠯᠡᠷᠭᠡᠢ ᠪᠢᠰᠢ᠃ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢᠨ ᠲᠠᠯ᠎ᠠ ᠪᠠᠷ᠂ ᠵᠠᠷᠢᠮ | ᠭᠠᠵᠠᠷ ᠣᠷᠣᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠣᠭᠤᠮᠲᠠ ᠶᠢ | ᠠᠳᠬᠤᠬᠰᠡᠨ ᠨᠢ ᠴᠢᠩᠭ᠎ᠠ ᠪᠢᠰᠢ᠂ ᠵᠠᠷᠢᠮ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠂ ᠬᠡᠰᠡᠭ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠪᠠᠭᠤᠷᠠᠶ ᠪᠠᠶᠢᠨ᠎ᠠ᠂ ᠵᠠᠷᠢᠮ ᠭᠠᠵᠠᠷ ᠣᠷᠣᠨ ᠳᠤ ᠭᠠᠵᠢᠭᠤ ᠨᠣᠮᠯᠠᠯ ᠪᠠ ᠬᠠᠤᠯᠢ ᠪᠤᠰᠤ | ᠱᠠᠰᠢᠨ ᠰᠤᠷᠲᠠᠬᠤᠨ ᠤ ᠨᠡᠪᠴᠢᠯᠲᠡ ᠶᠢᠨ ᠦᠵᠡᠭᠳᠡᠯ ᠣᠷᠣᠰᠢᠵᠤ ᠪᠠᠶᠢᠨ᠎ᠠ᠃ ᠵᠣᠬᠢᠶᠠᠨ ᠪᠠᠶᠢᠭᠤᠯᠵᠤ ᠤᠳᠤᠷᠢᠳᠬᠤ | ᠲᠠᠯ᠎ᠠ ᠪᠠᠷ᠂ ᠵᠠᠷᠢᠮ ᠭᠠᠵᠠᠷ ᠣᠷᠣᠨ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠯᠪᠠᠨ ᠭᠡᠷ ᠤᠨ | ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ | ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠠᠰᠠᠭᠤᠳᠠᠯ ᠨᠡᠯᠢᠶᠡᠳ ᠲᠤᠪᠤᠶᠢᠮ᠎ᠠ | ᠪᠠᠶᠢᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠦᠲᠦᠮᠵᠢᠲᠡᠶ ᠥᠷᠨᠢᠬᠦ ᠶᠢ | ᠨᠥᠯᠥᠭᠡᠯᠡᠪᠡ ᠭᠡᠵᠤ ᠵᠢᠭᠠᠵᠤ ᠭᠠᠷᠭᠠᠵᠠᠢ᠃ | ᠱᠠᠯᠠᠪᠳᠠᠭᠤᠯᠤᠨ ᠵᠢᠯᠣᠭᠤᠳᠴᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᡁᠢ ᠱᠤ᠋ ᠫᠢᠩ ᠵᠢᠷᠭᠤᠭᠠᠨ | ᠵᠦᠢᠯ ᠤᠨ ᠰᠠᠨᠠᠯ ᠰᠠᠨᠠᠭᠤᠯᠭ᠎ᠠ ᠳᠤᠷᠠᠳᠴᠠᠶ᠄ ᠨᠢᠭᠡ ᠳᠤ᠂ ᠰᠤᠷᠤᠯᠴᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠤᠯᠤᠰ ᠲᠥᠷᠦ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠤᠨᠡ᠃ ︽ᠤᠭ ᠰᠠᠨᠠᠭ᠎ᠠ ᠪᠠᠨ | ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ | ᠤᠶᠠᠯᠳᠤᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠲᠥᠪ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠠᠬᠢᠨ | ᠡᠷᠭᠢᠴᠡᠭᠦᠯᠵᠦ ᠳᠤᠲᠠᠭᠤᠳᠠᠯ᠂ ᠰᠢᠯᠲᠠᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠡ᠃ ᠬᠤᠶᠠᠷ ᠲᠤ ᠂ ᠬᠢᠨᠠᠨ | ᠪᠠᠶᠢᠴᠠᠭᠠᠵᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ | ᠪᠦᠲᠦᠮᠵᠢ ᠶᠢ ᠤᠯᠠᠮ ᠴᠢᠨᠠᠬᠰᠢᠳᠠ ᠳᠡᠭᠡᠭᠰᠢᠯᠡᠭᠦᠯᠤᠨ᠎ᠡ᠃ ᠭᠤᠷᠪᠠ ᠳᠤ᠂ ᠰᠠᠮᠠᠭᠤᠷᠠᠯ ᠢ ᠲᠤᠰᠬᠠᠶᠢᠯᠠᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠨ ᠵᠠᠰᠠᠬᠤ ᠠᠵᠢᠯ ᠢ ᠤᠯᠠᠮ ᠴᠢᠨᠠᠬᠰᠢᠳᠠ ᠠᠬᠢᠭᠤᠯᠤᠨ᠎ᠡ᠃ | ᠳᠥᠷᠪᠡ ᠳᠤ᠂ ︽ᠬᠠᠷᠢᠴᠠᠭᠠᠨ ᠤ ᠲᠣᠤᠷ ᠢ ᠡᠪᠳᠡᠵᠦ ᠬᠠᠮᠠᠭᠠᠯᠠᠬᠴᠢ ᠳᠤ ᠴᠣᠬᠢᠯᠳᠠ ᠦᠭᠬᠦ︾ ᠪᠠ ᠬᠠᠷᠢᠭᠤᠴᠠᠯᠭ᠎ᠠ | ᠲᠤᠯᠭᠠᠬᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠢᠯᠵᠡᠷᠡᠯ ᠢ | ᠡᠰᠡᠷᠬᠦᠴᠡᠬᠦ ︽ᠢᠯᠠᠭ᠎ᠠ ᠶᠢ ᠴᠡᠪᠡᠷᠯᠡᠬᠦ︾ ᠠᠵᠢᠯ ᠢ ᠤᠯᠠᠮ ᠴᠢᠨᠠᠭᠰᠢᠳᠠ ᠠᠬᠢᠭᠤᠯᠤᠨ᠎ᠡ᠃ ᠲᠠᠪᠤ ᠳᠤ᠂ ᠵᠣᠬᠢᠶᠠᠨ | ᠪᠠᠶᠢᠭᠤᠯᠤᠯᠳᠠ ᠶᠢᠨ ᠴᠤᠬᠴᠠᠯᠠᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠰᠠᠭᠤᠷᠢ ᠶᠢ | ᠤᠯᠠᠮ ᠴᠢᠨᠠᠬᠰᠢᠳᠠ ᠪᠠᠲᠤᠳᠬᠠᠨᠡ᠃ ᠵᠢᠷᠭᠤᠭ᠎ᠠ ᠳᠤ᠂ ᠡᠩᠨᠡᠭᠡ ᠶᠢ ᠴᠡᠭᠴᠡᠯᠡᠵᠤ ᠪᠦᠲᠦᠭᠡᠨ ᠪᠠᠶᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠵᠣᠬᠢᠶᠠᠨ | ᠪᠠᠶᠢᠭᠤᠯᠵᠤ ᠤᠳᠤᠷᠢᠳᠬᠤ ᠪᠠᠨ ᠤᠯᠠᠮ ᠴᠢᠨᠠᠬᠰᠢᠳᠠ ᠴᠢᠩᠭᠠᠳᠬᠠᠨ᠎ᠡ᠃ | ᠯᠢ ᠵᠢᠶ ᠾᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠡᠮᠦᠨ᠎ᠡ ᠠᠴᠠ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ 15 ᠳ᠋ᠤᠭᠠᠷ ᠱᠠᠯᠠᠪᠳᠠᠭᠤᠯᠤᠨ | ᠵᠢᠯᠣᠭᠤᠳᠬᠤ ᠳᠤᠭᠤᠢᠢᠯᠠᠩ ᠤᠨ ᠨᠠᠷᠢᠨ ᠨᠢᠮᠪᠠᠶ ᠵᠢᠯᠣᠭᠤᠳᠤᠯᠭ᠎ᠠ ᠪᠠ ᠰᠢᠷᠭᠠᠭᠤ ᠠᠵᠢᠯᠯᠠᠬᠰᠡᠨ ᠳᠤ ᠲᠡᠯᠡᠷᠬᠠᠵᠤ | ᠪᠠᠶᠢᠬᠤ ᠪᠠᠨ ᠢᠯᠡᠳᠭᠡᠪᠡ᠃ ᠲᠡᠷᠡ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠮᠠᠨ ᠤ ᠣᠷᠣᠨ ᠳᠤ | ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠦᠭᠰᠡᠨ ᠨᠢ ᠪᠢᠳᠡᠨ ᠤ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠰᠤᠷᠤᠯᠴᠠᠨ ᠲᠤᠭᠤᠰᠢᠯᠠᠭᠤᠯᠬᠤ ᠨᠢᠭᠡ ᠤᠳᠠᠭ᠎ᠠ ᠶᠢᠨ ᠲᠥᠪᠯᠡᠷᠡᠩᠭᠦᠢ ︽ᠤᠯᠤᠰ ᠲᠥᠷᠦ ᠶᠢᠨ ᠪᠡᠶ᠎ᠡ ᠪᠠᠶᠢᠴᠠᠭᠠᠯᠲᠠ︾ | ᠪᠣᠯᠬᠤ ᠪᠥᠭᠡᠳ ᠪᠠᠰᠠ ᠪᠢᠳᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠵᠣᠬᠢᠶᠠᠨ ᠪᠠᠶᠢᠭᠤᠯᠵᠤ ᠥᠷᠨᠢᠭᠦᠯᠬᠦ ᠨᠢᠭᠡ ᠤᠳᠠᠭ᠎ᠠ ᠶᠢᠨ ᠪᠦᠬᠦ ᠲᠠᠯ᠎ᠠ ᠶᠢᠨ ︽ᠠᠵᠢᠯ ᠤᠨ ᠪᠡᠶ᠎ᠡ ᠪᠠᠶᠢᠴᠠᠭᠠᠯᠲᠠ︾ | ᠪᠣᠯᠤᠨ᠎ᠠ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠨᠢ | ᠤᠯᠤᠰ ᠲᠥᠷᠥ ᠶᠢᠨ ᠲᠠᠯ᠎ᠠ ᠪᠠᠷ ᠴᠢᠩᠭ᠎ᠠ᠂ ᠠᠵᠢᠯ ᠤᠨ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠵᠢᠭᠠᠵᠤ | ᠭᠠᠷᠭᠠᠭᠰᠠᠨ ᠠᠰᠠᠭᠤᠳᠠᠯ ᠨᠢ ᠪᠤᠰᠤᠳᠴᠢ ᠪᠥᠭᠡᠳ ᠣᠨᠣᠪᠴᠢᠲᠠᠶ᠂ ᠬᠥᠮᠦᠰ ᠢ ᠰᠡᠷᠡᠮᠵᠢᠯᠡᠭᠦᠯᠵᠦ᠂ ᠳᠤᠷᠠᠳᠤᠭᠰᠠᠨ | ᠰᠠᠨᠠᠯ ᠰᠠᠨᠠᠭᠤᠯᠭ᠎ᠠ ᠨᠢ ᠣᠨᠣᠪᠴᠢᠲᠠᠶ ᠪᠥᠭᠡᠳ ᠪᠦᠲᠦᠮᠵᠢᠲᠡᠶ᠂ ᠪᠢᠳᠡ ᠴᠢᠩ ᠦᠨᠡᠨᠴᠢ ᠪᠠᠷ ᠬᠦᠯᠢᠶᠡᠨ ᠠᠪᠴᠤ᠂ | ᠲᠡᠷᠡ ᠶᠣᠰᠣᠭᠠᠷ ᠨᠢ ᠪᠦᠬᠦᠨ ᠢ ᠬᠤᠷᠢᠶᠠᠵᠤ ᠠᠪᠤᠨ᠎ᠡ ᠭᠡᠵᠤ ᠵᠢᠭᠠᠵᠤ ᠭᠠᠷᠭᠠᠪᠠ᠃ | ᠯᠢ ᠵᠢᠶ ᠾᠧᠩ᠂ ᠪᠥᠬᠦ ᠣᠷᠣᠨ ᠤ ᠡᠯ᠎ᠡ ᠱᠠᠲᠤᠨ ᠤ ᠬᠢᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠶᠠᠪᠤᠳᠠᠯ ᠢ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠰᠢᠯᠭᠠᠨ | ᠪᠠᠶᠢᠴᠠᠭᠠᠯᠲᠠ ᠪᠣᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠣᠳᠠᠲᠠᠶ ᠠᠵᠢᠯᠯᠠᠭ᠎ᠠ ᠪᠣᠯᠭᠠᠨ ᠦᠢᠯᠡᠳᠦᠯᠭᠡᠵᠢᠬᠦᠯᠵᠤ᠂ ᠱᠠᠯᠠᠪᠳᠠᠭᠤᠯᠤᠨ ᠵᠢᠯᠣᠭᠤᠳᠬᠤ | ︽ᠰᠢᠪᠳᠤᠷᠭᠠᠨ ᠤ ᠠᠵᠢᠯ︾ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠰᠬᠠᠶ ᠲᠡᠮᠡᠴᠡᠯ ᠤᠨ ᠡᠨᠡ ᠬᠦ ᠤᠯᠤᠰ | ᠲᠥᠷᠥ ᠶᠢᠨ ᠳᠠᠶᠢᠯᠠᠯᠳᠤᠭᠠᠨ ᠠᠷᠠᠳ ᠤᠨ ᠰᠡᠳᠬᠢᠯ ᠤᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠨᠠᠮ ᠤᠨ ᠲᠥᠪ ᠬᠤᠷᠢᠶ᠎ᠠ ᠪᠣᠯᠤᠨ ᠪᠥᠬᠦ ᠣᠷᠣᠨ ᠤ ᠠᠷᠠᠳ ᠲᠦᠮᠡᠨ ᠳᠤ ᠬᠢᠷᠢ ᠲᠡᠩᠴᠡᠭᠰᠡᠨ | ᠬᠠᠷᠢᠭᠤᠯᠳᠠ ᠶᠢᠨ ᠬᠠᠭᠤᠳᠠᠰᠤ ᠲᠤᠰᠢᠶᠠᠬᠤ ᠭᠡᠷᠡᠭᠳᠠᠢ᠃ ᠲᠠᠪᠤᠨ ᠱᠠᠲᠤᠨ ᠤ ᠱᠦᠵᠢ ᠳᠠᠭᠠᠭᠤᠯᠤᠨ ᠠᠳᠬᠤᠬᠤ ᠶᠢ | ᠪᠠᠷᠢᠮᠲᠠᠯᠠᠵᠤ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠ ᠠᠵᠢᠯ ᠢ ᠪᠣᠳᠠᠲᠠᠶᠢᠵᠢᠭᠤᠯᠬᠤ ᠪᠠᠷ ᠴᠡᠭᠴᠡᠯᠡᠨ | ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠰᠠᠭᠤᠳᠠᠯ ᠤᠨ ᠲᠤᠬᠠᠢ | ᠤᠬᠠᠮᠰᠠᠷ ᠢᠶᠠᠨ ᠴᠢᠩᠭᠠᠳᠬᠠᠵᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ | ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠲᠠᠢ ᠴᠢᠩᠭ᠎ᠠ ᠬᠠᠷᠢᠴᠠᠭᠤᠯᠵᠤ᠂ | ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠤᠨ ᠳᠤᠷᠠᠳᠤᠭᠰᠠᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠡᠭᠦᠷᠭᠡ ᠶᠢᠨ ᠵᠠᠳᠠᠯᠤᠯᠲᠠ ᠪᠠ ᠬᠠᠷᠢᠭᠤᠴᠠᠯᠭ᠎ᠠ ᠶᠢᠨ ᠠᠵᠢᠯ ᠬᠤᠪᠢᠶᠠᠷᠢᠯᠠᠯ ᠢ ᠵᠦᠢᠯ ᠳᠠᠷᠠᠭᠠᠯᠠᠨ ᠨᠠᠷᠢᠯᠢᠭᠵᠢᠭᠤᠯᠵᠤ᠂ | ᠠᠰᠠᠭᠤᠳᠠᠯ ᠤᠨ ᠦᠨᠳᠦᠰᠦ ᠰᠤᠷᠪᠤᠯᠵᠢ ᠶᠢ ᠪᠠᠶᠢᠴᠠᠭᠠᠨ ᠦᠵᠡᠵᠦ᠂ ᠦᠨᠡᠨ ᠪᠣᠳᠠᠲᠠᠶ ᠬᠢᠵᠦ ᠬᠠᠲᠠᠭᠤ ᠲᠠᠢ ᠨᠢ | ᠬᠠᠯᠳᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ ᠠᠷᠭ᠎ᠠ ᠬᠡᠮᠵᠢᠶ᠎ᠡ ᠪᠦᠬᠦᠨ ᠢ | ᠨᠠᠶᠢᠳᠠᠪᠤᠷᠢᠵᠢᠭᠤᠯᠵᠤ᠂ ᠠᠰᠠᠭᠤᠳᠠᠯ ᠪᠦᠬᠦᠨ ᠢ ᠪᠦᠷᠢᠮᠦᠰᠦᠨ ᠢᠯᠡᠷᠡᠭᠦᠯᠬᠦ ᠶᠢ ᠪᠠᠲᠤᠯᠠᠬᠤ ᠬᠡᠷᠡᠭᠲᠡᠶ᠃ ᠨᠢᠭᠡ ᠠᠴᠠ | ᠨᠥᠬᠦᠭᠡ ᠶᠢ ᠵᠦᠢᠴᠢᠯᠡᠨ ᠮᠡᠳᠡᠵᠦ᠂ ᠡᠬᠢ ᠡᠭᠦᠰᠦᠯ ᠠᠴᠠ ᠨᠢ ᠭᠦᠨᠵᠡᠭᠡᠶ ᠴᠡᠭᠴᠡᠯᠡᠨ ᠰᠠᠶᠢᠵᠢᠷᠠᠭᠤᠯᠵᠤ᠂ ᠳᠦᠷᠢᠮ | ᠤᠨ ᠲᠠᠯ᠎ᠠ ᠪᠠᠷ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠢᠭᠡ ᠠᠰᠠᠭᠤᠳᠠᠯ ᠢ ᠰᠢᠢᠳᠪᠦᠷᠢᠯᠡᠬᠦ᠂ ᠨᠢᠭᠡ ᠪᠦᠯᠦᠭ | ᠠᠯᠳᠠᠰᠢ ᠶᠢ ᠬᠤᠷᠢᠬᠯᠠᠬᠤ᠂ ᠨᠢᠭᠡ ᠢᠵᠢ ᠳᠦᠷᠢᠮ ᠢ ᠲᠡᠭᠦᠯᠳᠡᠷᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠲᠤᠰᠬᠠᠶ | ᠲᠡᠮᠡᠴᠡᠯ ᠢ ᠭᠦᠨᠵᠡᠭᠡᠶᠢᠷᠡᠭᠦᠯᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠱᠠᠯᠠᠪᠳᠠᠭᠤᠯᠤᠨ | ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠦᠷ᠎ᠡ | ᠪᠦᠲᠦᠭᠡᠯ ᠢ ᠦᠷᠭᠦᠯᠵᠢᠯᠡᠨ ᠥᠷᠭᠡᠳᠬᠡᠬᠦ ᠬᠡᠷᠡᠭᠲᠡᠶ ᠭᠡᠵᠤ ᠴᠢᠬᠤᠯᠠᠴᠢᠯᠠᠪᠠ᠃ | ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ 15 ᠳ᠋ᠤᠭᠠᠷ ᠱᠠᠯᠠᠪᠳᠠᠭᠤᠯᠤᠨ | ᠵᠢᠯᠣᠭᠤᠳᠬᠤ ᠳᠤᠭᠤᠢᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ | ᠺᠣᠮᠠᠨᠳ᠋ᠯᠠᠭᠴᠢ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠥᠪᠥᠷ | ᠮᠣᠩᠭᠤᠯ ᠤᠨ ᠵᠡᠪᠰᠡᠭᠳᠤ ᠴᠠᠬᠳᠠᠭ᠎ᠠ ᠶᠢᠨ ᠶᠡᠷᠦᠩᠬᠡᠶ ᠠᠩᠭᠢ ᠶᠢᠨ ᠺᠣᠮᠠᠨᠳ᠋ᠯᠠᠭᠴᠢ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ | ᠤᠳᠤᠷᠢᠳᠬᠤ ᠪᠠᠭ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠯᠪᠠᠨ ᠭᠡᠷ᠂ ᠲᠤᠭᠤᠷᠢᠨ ᠪᠠᠶᠢᠴᠠᠭᠠᠬᠤ ᠲᠤᠭᠤᠢᠢᠯᠠᠩ᠂ ᠥᠪᠡᠷᠲᠡᠭᠡᠨ ᠵᠠᠰᠠᠬᠤ ᠣᠷᠣᠨ ᠤ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠢᠢᠯᠠᠩ ᠤᠨ | ᠪᠦᠷᠢᠯᠳᠦᠬᠦᠨ ᠨᠢᠭᠡᠴᠢ᠂ ᠡᠯ᠎ᠡ ᠠᠶᠢᠮᠠᠬ ᠬᠤᠳᠠ ᠶᠢᠨ ᠨᠠᠮ ᠤᠨ ᠬᠤᠷᠢᠶᠠᠨ ᠤ ᠱᠦᠵᠢ᠂ ᠡᠯ᠎ᠡ ᠠᠶᠢᠮᠠᠭ ᠬᠤᠲᠠ ᠶᠢᠨ | ᠳᠠᠷᠤᠭ᠎ᠠ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ | ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠨᠢᠭᠡᠴᠢ ᠶᠢᠨ ᠬᠠᠷᠢᠭᠤᠴᠠᠯᠭᠠᠳᠠᠨ | ᠨᠦᠬᠦᠳ ᠬᠤᠷᠠᠯ ᠳᠤ ᠣᠷᠣᠯᠴᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠵᠢᠴᠢ ᠮᠠᠨᠵᠤᠤᠷ᠂ ᠡᠷᠢᠶᠡᠨ | ᠬᠤᠲᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ |