ᠠᠷᠪᠠᠨ ᠲᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠲᠥᠷᠥᠬᠦᠤ ᠠᠯᠳᠠᠨ ᠮᠧᠳᠠᠯ ᠢ ᠥᠪᠥᠷ ᠮᠤᠩᠭᠤᠯ ᠢᠶᠠᠷ ᠲᠥᠯᠥᠭᠡᠯᠡᠬᠦᠯᠥᠭᠰᠡᠨ ᠮᠤᠵᠢ ᠠᠯᠤᠰᠯᠠᠬᠰᠠᠨ ᠡᠮᠡᠭᠳᠠᠢ ᠶᠢᠨ ᠲᠤᠭᠤᠢᠢᠯᠠᠩ ᠭᠠᠷᠳᠠᠪᠠ
ᠨᠡᠶᠢᠲᠡᠯᠡᠭᠰᠡᠨ ᠴᠠᠭ᠄
2019/7/29
     7 ᠰᠠᠷ᠎ᠠ ᠶᠢᠨ 27᠎ ᠤ ᠡᠳᠤᠷ᠂ ᠠᠷᠪᠠᠨ ᠲᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠠᠩᠬᠠᠨ ᠤ ᠲᠠᠯᠠᠪᠠᠢ ᠤᠷᠤᠯᠳᠤᠭᠠᠨ ᠪᠤᠯᠬᠤ ᠭᠤᠯᠭᠤᠭᠤᠷ ᠬᠥᠷᠳᠤ + ᠫᠤᠤᠳᠠᠯᠭ᠎ᠠ ᠶᠢᠨ ᠤᠷᠤᠯᠳᠤᠭᠠᠨ ᠬᠥᠯᠥᠨ ᠪᠤᠶᠢᠷ ᠬᠤᠳᠠ ᠶᠢᠨ ᠶᠠᠬᠰᠢ ᠬᠤᠳᠠ ᠶᠢᠨ ᠭᠠᠷᠤᠳᠢ ᠠᠭᠤᠯᠠ ᠶᠢᠨ ᠴᠠᠨᠠᠯᠠᠯᠳᠠ ᠶᠢᠨ ᠤᠷᠤᠯᠳᠤᠭᠠᠨ ᠤ ᠲᠠᠯᠠᠪᠠᠢ ᠳᠤ ᠶᠠᠪᠤᠬᠳᠡᠵᠥ᠂ ᠥᠪᠥᠷ ᠮᠤᠩᠭᠤᠯ ᠢᠶᠠᠷ ᠲᠥᠯᠥᠭᠡᠯᠡᠬᠦᠯᠥᠭᠰᠡᠨ ᠮᠤᠵᠢ ᠠᠯᠤᠰᠯᠠᠬᠰᠠᠨ ᠡᠮᠡᠭᠳᠠᠢ ᠶᠢᠨ ᠲᠤᠭᠤᠢᠢᠯᠠᠩ ᠤᠨ ᠲᠠᠮᠢᠷᠴᠢᠳ 4 × 6 ᠺᠢᠯᠥᠮᠧᠲᠷ ᠤᠨ ᠪᠤᠤᠬᠢᠶ᠎ᠠ ᠤᠷᠤᠯᠳᠤᠭᠠᠨ ᠳᠤ 1 ᠴᠠᠬ 26 ᠮᠢᠨᠦ᠋ᠲ 27 ᠰᠧᠺᠦ᠋ᠨ᠋ᠳ᠋ ᠤᠨ ᠬᠢᠷᠢ ᠪᠥᠳᠥᠮᠵᠢ ᠪᠠᠷ ᠲᠥᠷᠥᠬᠦᠯᠡᠭᠡᠳ ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠲᠥᠷᠥᠬᠦᠥ ᠠᠯᠳᠠᠨ ᠮᠧᠳᠠᠯ ᠢ ᠭᠠᠷᠳᠠᠵᠠᠢ᠃      ᠴᠥ᠋ ᠶᠤᠸᠠᠨ ᠮᠸᠡᠭ ᠪᠤᠯ ᠥᠪᠥᠷ ᠮᠤᠩᠭᠤᠯ ᠢᠶᠠᠷ ᠲᠥᠯᠥᠭᠡᠯᠡᠬᠦᠯᠥᠭᠰᠡᠨ ᠮᠤᠵᠢ ᠠᠯᠤᠰᠯᠠᠬᠰᠠᠨ ᠡᠮᠡᠭᠳᠠᠢ ᠶᠢᠨ ᠲᠤᠭᠤᠢᠢᠯᠠᠩ ᠤᠨ ᠶᠠᠬᠰᠢ ᠬᠤᠳᠠ ᠶᠢᠨ ᠲᠠᠮᠢᠷᠴᠢᠨ ᠪᠤᠯᠬᠤ ᠶᠤᠮ᠃ ᠲᠡᠷᠡ᠄ ︽ᠭᠤᠯᠭᠤᠭᠤᠷ ᠬᠥᠷᠳᠤ ᠶᠢᠨ ᠤᠷᠤᠯᠳᠤᠭᠠᠨ ᠤ ᠲᠥᠷᠥᠯ ᠤᠨ ᠲᠠᠮᠢᠷ ᠤᠨ ᠰᠤᠷᠢᠭ᠎ᠠ ᠪᠤᠯᠪᠠᠰᠤᠷᠠᠯ ᠳᠤ ᠤᠷᠤᠯᠴᠠᠭᠠᠳ ᠨᠢᠬᠡᠨᠳᠠ 8 ᠵᠢᠯ ᠪᠤᠯᠵᠥ ᠪᠤᠢ᠃ ᠡᠨᠡ ᠡᠳᠤᠷ ᠡᠵᠡᠨ ᠲᠠᠯᠠᠪᠠᠢ ᠤᠷᠤᠯᠳᠤᠭᠠᠨ ᠤ ᠲᠠᠮᠢᠷᠴᠢᠨ ᠤ ᠬᠤᠪᠢ ᠪᠠᠷ ᠤᠷᠤᠯᠳᠤᠭᠠᠨ ᠳᠤ ᠤᠷᠤᠯᠴᠠᠬᠰᠠᠨ ᠳᠠᠭᠠᠨ ᠬᠥᠴᠥᠨ ᠴᠢᠳᠠᠯ ᠢᠶᠠᠨ ᠪᠥᠷᠢᠨ ᠬᠥᠢᠴᠡᠳ ᠪᠠᠳᠠᠷᠠᠭᠤᠯᠵᠠᠢ᠃ ᠥᠡᠭᠭᠡᠷᠡᠭᠰᠡᠨ ᠳᠤ ᠲᠡᠯᠡᠬᠡᠢ ᠎ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠠ ᠲᠡᠯᠡᠬᠡᠢ ᠶᠢᠨ ᠬᠤᠨᠳᠠᠭᠠᠳᠤ ᠤᠷᠤᠯᠳᠤᠭᠠᠨ ᠳᠤ ᠤᠷᠤᠯᠴᠠᠵᠥ ᠥᠡᠭᠭᠡᠷᠡᠭᠰᠡᠨ ᠤᠳᠠᠭ᠎ᠠ ᠲᠠᠢ᠃ ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠲᠥᠷᠥᠬᠦᠥ ᠠᠯᠳᠠᠨ ᠮᠧᠳᠠᠯ ᠢ ᠭᠠᠷᠳᠠᠬᠰᠠᠨ ᠨᠢ ᠲᠠᠷᠠᠭᠠᠴᠢ ᠪᠠᠷ ᠶᠠᠪᠤᠬᠳᠠᠬᠤ ᠤᠷᠤᠯᠳᠤᠭᠠᠨ ᠳᠤ ᠨᠠᠩ ᠶᠡᠭᠡ ᠢᠳᠡᠭᠡᠯ ᠵᠤᠷᠢᠬ ᠢ ᠤᠯᠭᠤᠬᠰᠠᠨ︾ ᠬᠡᠵᠥ ᠪᠡᠶᠡᠷᠯᠡᠨ ᠶᠠᠷᠢᠵᠥ ᠪᠢᠯᠠ᠃      ᠡᠮᠡᠭᠳᠠᠢ ᠶᠢᠨ 4 × 6 ᠺᠢᠯᠤᠮᠧᠲᠷ ᠤᠨ ᠪᠤᠤᠬᠢᠶ᠎ᠠ ᠤᠷᠤᠯᠳᠤᠭᠠᠨ ᠪᠠ ᠡᠷᠡᠭᠳᠠᠢ ᠶᠢᠨ 4 × 7.5 ᠺᠢᠯᠥᠮᠧᠲᠷ ᠤᠨ ᠪᠤᠤᠬᠢᠶ᠎ᠠ ᠤᠷᠤᠯᠳᠤᠭᠠᠨ ᠤ ᠲᠥᠷᠢᠮ ᠢᠶᠠᠷ᠂ ᠡᠯ᠎ᠠ ᠲᠥᠯᠥᠭᠡᠯᠡᠭᠴᠢ ᠶᠢᠨ ᠠᠩᠭᠢ ᠨᠢ ᠪᠦᠷ 4 ᠲᠠᠮᠢᠷᠴᠢᠨ ᠢᠶᠠᠷ ᠪᠥᠷᠢᠯᠳᠥᠵᠥ᠂ ᠡᠯ᠎ᠠ ᠠᠩᠭᠢ ᠶᠢᠨ ᠨᠢᠭᠡ ᠲᠠᠮᠢᠷᠴᠢᠨ ᠵᠡᠷᠭᠡ ᠪᠠᠷ ᠭᠤᠯᠭᠤᠭᠤᠷ ᠬᠥᠷᠳᠤ ᠤᠷᠤᠯᠳᠤᠵᠤ ᠤᠷᠤᠯᠳᠤᠭᠠᠨ ᠢ ᠡᠬᠢᠯᠡᠬᠦᠯᠦᠨ᠎ᠡ᠂ ᠲᠤᠰ ᠲᠥᠯᠥᠭᠡᠯᠡᠭᠴᠢ ᠶᠢᠨ ᠠᠩᠭᠢ ᠶᠢᠨ ᠪᠤᠰᠤᠳ ᠭᠤᠷᠪᠠᠨ ᠲᠠᠮᠢᠷᠴᠢᠨ ᠲᠤᠰᠬᠠᠢ ᠲᠤᠭᠤᠷᠢᠬ ᠲᠤ ᠤᠷᠤᠯᠳᠤᠭᠠᠨ ᠳᠤ ᠤᠷᠤᠯᠴᠠᠭᠰᠠᠨ ᠲᠠᠮᠢᠷᠴᠢᠨ ᠢᠶᠠᠨ ᠲᠤᠰᠤᠨ ᠠᠪᠴᠤ ᠬᠤᠶᠡᠷ ᠲᠠᠮᠢᠷᠴᠢᠨ ᠪᠡᠶ᠎ᠠ ᠮᠠᠬᠠᠪᠤᠳ ᠤᠨ ᠵᠤᠯᠭᠠᠯᠴᠠᠭ᠎ᠠ ᠪᠠᠷ ᠪᠤᠤᠬᠢᠶ᠎ᠠ ᠤᠷᠤᠯᠳᠤᠭᠠᠨ ᠢᠶᠠᠨ ᠥᠷᠬᠦᠯᠵᠢᠯᠡᠨ ᠶᠠᠪᠤᠭᠤᠯᠳᠠᠬ᠃ ᠲᠠᠮᠢᠷᠴᠢᠳ ᠪᠤᠯᠭᠠᠨ ᠭᠤᠷᠪᠠᠨ ᠲᠤᠭᠤᠷᠢᠬ ᠤᠨ ᠵᠠᠮ ᠱᠤᠭᠤᠮ ᠢ ᠬᠥᠢᠴᠡᠳᠭᠡᠵᠥ᠂ ᠠᠩᠬᠠᠨ ᠤ ᠤᠷᠤᠯᠳᠤᠭᠠᠨ ᠤ ᠲᠤᠭᠤᠷᠢᠬ ᠢ ᠬᠥᠢᠴᠡᠳᠭᠡᠭᠰᠡᠨ ᠤ ᠲᠠᠷᠠᠭ᠎ᠠ ᠭᠠᠵᠠᠷ ᠡᠯᠢᠭᠡᠳᠠᠨ ᠫᠤᠤᠳᠠᠯᠭ᠎ᠠ ᠬᠢᠵᠥ᠂ ᠬᠤᠶᠠᠳᠤᠭᠠᠷ ᠤᠷᠤᠯᠳᠤᠭᠠᠨ ᠤ ᠲᠤᠭᠤᠷᠢᠬ ᠢ ᠬᠥᠢᠴᠡᠳᠭᠡᠭᠰᠡᠨ ᠤ ᠲᠠᠷᠠᠭ᠎ᠠ ᠵᠤᠬᠰᠤᠭ᠎ᠠ ᠫᠤᠤᠳᠠᠯᠭ᠎ᠠ ᠬᠢᠵᠥ᠂ ᠭᠤᠷᠪᠠᠳᠤᠭᠠᠷ ᠤᠷᠤᠯᠳᠤᠭᠠᠨ ᠤ ᠲᠤᠭᠤᠷᠢᠬ ᠢ ᠬᠥᠢᠴᠡᠳᠭᠡᠭᠰᠡᠨ ᠤ ᠲᠠᠷᠠᠭ᠎ᠠ ᠲᠠᠷᠠᠭᠠᠴᠢ ᠶᠢᠨ ᠲᠠᠮᠢᠷᠴᠢᠨ ᠨᠢ ᠵᠠᠯᠭᠠᠭᠠᠳ ᠬᠥᠶᠥᠳᠡᠭ᠃      ᠲᠤᠰ ᠡᠳᠦᠷ ᠶᠠᠪᠤᠬᠳᠠᠬᠰᠠᠠ ᠡᠷᠡᠭᠳᠠᠢ ᠶᠢᠨ 4 × 7.5 ᠺᠢᠯᠥᠮᠧᠲᠷ ᠤᠨ ᠪᠤᠤᠬᠢᠶ᠎ᠠ ᠤᠷᠤᠯᠳᠤᠭᠠᠨ ᠳᠤ ᠥᠪᠥᠷ ᠮᠤᠩᠭᠤᠯ ᠢᠶᠠᠷ ᠲᠥᠯᠥᠭᠡᠯᠡᠬᠦᠯᠥᠭᠰᠡᠨ ᠮᠤᠵᠢ ᠠᠯᠤᠰᠯᠠᠬᠰᠠᠨ ᠠᠩᠭᠢ ᠪᠠᠰᠠ 1 ᠴᠠᠬ 26 ᠮᠢᠨᠦ᠋ᠲ 29 ᠰᠧᠺᠦ᠋ᠨ᠋ᠳ᠋ ᠤᠨ ᠬᠢᠷᠢ ᠪᠥᠳᠥᠮᠵᠢ ᠪᠠᠷ ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠬᠤᠶᠠᠲᠡᠬᠢ ᠠᠯᠳᠠᠨ ᠮᠧᠳᠠᠯ ᠢ ᠭᠠᠷᠳᠠᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号