ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠥᠪᠥᠷ ᠮᠣᠩᠭᠤᠯ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠢ ᠰᠤᠳᠤᠯᠵᠤ ᠮᠠᠨᠵᠤᠤᠷ ᠪᠣᠭᠤᠮᠲᠠ ᠶᠢᠨ ᠬᠡᠰᠡᠭ ᠨᠢᠭᠡᠴᠢ ᠪᠣᠯᠤᠨ ᠠᠵᠤ ᠠᠬᠤᠢᠢᠯᠠᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠰᠠᠨ ᠠᠰᠠᠭᠤᠳᠠᠯ ᠢ ᠴᠡᠭᠴᠡᠯᠡᠨ ᠵᠠᠰᠠᠬᠰᠠᠨ ᠠᠵᠢᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠠᠢ
ᠨᠡᠶᠢᠲᠡᠯᠡᠭᠰᠡᠨ ᠴᠠᠭ᠄
2019/7/29
     7 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠥᠪᠥᠷ ᠮᠣᠩᠭᠤᠯ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠰᠤᠳᠤᠯᠵᠤ᠂ ᠮᠠᠨᠵᠤᠤᠷ ᠪᠣᠭᠤᠮᠲᠠ ᠶᠢᠨ ᠬᠡᠰᠡᠭ ᠨᠢᠭᠡᠴᠢ ᠪᠣᠯᠤᠨ ᠠᠵᠤ ᠠᠬᠤᠢᠢᠯᠠᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠰᠠᠨ ᠠᠰᠠᠭᠤᠳᠠᠯ ᠢ ᠴᠡᠭᠴᠡᠯᠡᠨ ᠵᠠᠰᠠᠬᠰᠠᠨ ᠠᠵᠢᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠪᠠ᠃      ᠬᠤᠷᠠᠯ ᠠᠴᠠ᠂ ᠮᠠᠨ ᠤ ᠣᠷᠣᠨ ᠳᠡᠯᠡᠬᠡᠶ ᠶᠢᠨ ᠰᠦ ᠶᠢᠨ ᠢᠷᠡᠯᠲᠡ ᠶᠢᠨ ᠰᠢᠵᠢᠷ ᠠᠯᠲᠠᠨ ᠪᠦᠰᠡ ᠳᠤ ᠤᠷᠤᠰᠢᠵᠥ ᠪᠤᠢ᠂ ᠮᠠᠨ ᠤ ᠤᠯᠤᠰ ᠤᠨ ᠬᠠᠮᠤᠭ ᠤᠨ ᠶᠡᠭᠡ ᠰᠦ ᠶᠢᠨ ᠦᠢᠯᠡᠰ ᠤᠨ ᠦᠢᠯᠡᠳᠪᠦᠷᠢᠯᠡᠯ ᠤᠨ ᠣᠷᠣᠨ ᠪᠣᠯᠤᠨ᠎ᠠ᠂ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠪᠠᠶᠢᠷᠢ ᠰᠠᠭᠤᠷᠢ ᠲᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠭ᠎ᠠ ᠶᠤᠮ᠃ ᠰᠠᠭᠠᠯᠢ ᠶᠢᠨ ᠦᠨᠢᠶ᠎ᠡ ᠲᠡᠵᠢᠭᠡᠭᠴᠢᠳ ᠤᠨ ᠬᠡᠪᠴᠢᠶᠡᠵᠢᠭᠰᠡᠨ ᠲᠡᠵᠢᠭᠡᠪᠤᠷᠢ ᠶᠢᠨ ᠲᠠᠯᠠᠪᠠᠢ ᠶᠢ ᠤᠷᠢᠳ ᠢᠶᠠᠷ ᠬᠦᠭᠵᠢᠭᠦᠯᠬᠦ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠰᠠᠭᠠᠯᠢ ᠶᠢᠨ ᠦᠨᠢᠶ᠎ᠡ ᠲᠡᠵᠢᠭᠡᠭᠴᠢᠳ ᠤᠨ ᠬᠡᠪᠴᠢᠶᠡᠵᠢᠭᠰᠡᠨ ᠲᠡᠵᠢᠭᠡᠪᠤᠷᠢ ᠪᠠᠷ ᠰᠠᠭᠤᠷᠢ ᠪᠣᠯᠭᠠᠭᠰᠠᠨ ᠦᠢᠯᠡᠳᠪᠦᠷᠢᠯᠡᠯ ᠡᠵᠡᠩᠨᠡᠯᠲᠡ ᠎ ᠶᠢᠨ ᠰᠢᠰᠲ᠋ᠧᠮ ᠢ ᠲᠦᠷᠭᠡᠳᠬᠡᠨ ᠪᠤᠢ ᠪᠣᠯᠭᠠᠬᠤ ᠬᠡᠷᠡᠭᠲᠡᠶ᠃ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠵᠣᠷᠢᠭᠵᠢᠭᠤᠯᠤᠨ ᠳᠠᠮᠵᠢᠵᠤ᠂ ᠳᠤᠯᠤᠭᠠᠢᠢᠯᠠᠬᠴᠢ ᠠᠵᠤ ᠠᠬᠤᠶᠢᠯᠠᠯ ᠤᠨ ᠬᠥᠲᠥᠯᠥᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠳᠤᠲᠠᠭᠤᠳᠠᠯ ᠢᠶᠠᠨ ᠨᠥᠬᠦᠪᠥᠷᠢᠯᠡᠬᠦ ᠤᠬᠠᠮᠰᠠᠷ ᠢᠶᠠᠨ ᠴᠢᠩᠭᠠᠳᠬᠠᠵᠤ᠂ ᠣᠳᠣᠬᠠᠨ ᠤ ᠮᠠᠨ ᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠪᠣᠯᠤᠨ ᠵᠥᠷᠢᠶ᠎ᠡ ᠶᠢ ᠪᠦᠬᠦ ᠲᠠᠯ᠎ᠠ ᠪᠠᠷ ᠡᠮᠬᠢᠯᠡᠵᠦ᠂ ᠬᠠᠨᠳᠤᠯᠭᠠᠳᠤ ᠴᠢᠨᠠᠷᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠰᠠᠶᠢᠨ ᠰᠠᠶᠢᠬᠠᠨ ᠣᠷᠴᠢᠨ ᠲᠤᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠤᠭᠤᠷᠢᠨ ᠢ ᠡᠭᠦᠳᠴᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠮᠠᠨᠵᠤᠤᠷ ᠪᠣᠭᠤᠮᠲᠠ ᠶᠢᠨ ᠬᠡᠰᠡᠭ ᠨᠢᠭᠡᠴᠢ ᠪᠣᠯᠤᠨ ᠠᠵᠤ ᠠᠬᠤᠢᠢᠯᠠᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠰᠠᠨ ᠠᠰᠠᠭᠤᠳᠠᠯ ᠨᠢ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠵᠦ᠂ ᠨᠥᠯᠥᠭᠡ ᠮᠠᠭᠤ᠂ ᠰᠤᠷᠭᠠᠮᠵᠢ ᠭᠦᠨ ᠪᠠᠶᠢᠨ᠎ᠠ᠃ ᠬᠤᠯᠪᠣᠭᠳᠠᠯ ᠪᠦᠬᠦᠢ ᠭᠠᠵᠠᠷ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠤᠯᠤᠰ ᠲᠥᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠲᠣᠭᠲᠠᠭᠠᠯ ᠢ ᠵᠥᠷᠢᠴᠡᠵᠦ ᠰᠦᠢᠳᠬᠡᠯ ᠬᠤᠷᠢᠶᠠᠬᠤ ᠠᠰᠠᠭᠤᠳᠠᠯ ᠢ ᠪᠦᠬᠦ ᠲᠠᠯ᠎ᠠ ᠪᠠᠷ ᠵᠣᠭᠰᠣᠭᠠᠬᠤ ᠶᠢ ᠦᠨᠡᠨ ᠬᠦ ᠪᠠᠲᠤᠯᠠᠵᠤ᠂ ᠵᠠᠷᠯᠢᠭ ᠴᠠᠭᠠᠵᠠ ᠶᠢ ᠳᠠᠭᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠨᠢᠭᠡ ᠠᠴᠠ ᠨᠥᠬᠦᠭᠡ ᠶᠢ ᠵᠦᠢᠴᠢᠯᠡᠨ ᠮᠡᠳᠡᠵᠦ᠂ ᠡᠯ᠎ᠡ ᠵᠦᠢᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠦᠨ᠎ᠡ ᠥᠰᠬᠡᠬᠦ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠴᠡᠪᠡᠷᠯᠡᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠵᠡᠵᠦ ᠪᠠᠶᠢᠭᠠᠳ ᠬᠠᠶᠢᠬᠤᠷᠬᠤ ᠦᠭᠡᠢ᠂ ᠪᠠᠶᠢᠴᠠᠭᠠᠭᠠᠳ ᠰᠢᠢᠳᠪᠦᠷᠢᠯᠡᠬᠦ ᠦᠭᠡᠢ ᠪᠠᠶᠢᠬᠤ ᠵᠢᠴᠢ ᠬᠢᠨᠠᠯᠲᠠ ᠬᠠᠮᠢᠶᠠᠷᠤᠯᠲᠠ ᠳᠤᠲᠠᠭᠤᠳᠠᠬᠤ᠂ ᠠᠵᠢᠯ ᠬᠢᠬᠦ ᠦᠭᠡᠢ᠂ ᠠᠵᠢᠯ ᠢ ᠤᠳᠠᠭᠠᠨ ᠬᠢᠬᠦ ᠦᠵᠡᠭᠳᠡᠯ ᠪᠠᠶᠢᠪᠠᠯ ᠡᠷᠬᠡᠪᠰᠢ ᠴᠢᠩᠭ᠎ᠠ ᠬᠠᠷᠢᠭᠤᠴᠠᠯᠭ᠎ᠠ ᠲᠤᠯᠭᠠᠬᠤ ᠬᠡᠷᠡᠭᠲᠡᠶ᠃ ᠢᠯᠡᠷᠡᠭᠰᠡᠨ ᠠᠰᠠᠭᠤᠳᠠᠯ ᠢ ᠭᠦᠨᠵᠡᠭᠡᠶ ᠵᠠᠳᠠᠯᠵᠤ᠂ ᠠᠵᠢᠯ ᠤᠨ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠪᠠᠶᠢᠪᠠᠯ ᠴᠠᠭ ᠲᠤᠬᠠᠶ ᠳᠤᠨᠢ ᠨᠦᠬᠦᠪᠤᠷᠢᠯᠡᠵᠤ᠂ ᠳᠦᠷᠢᠮ ᠤᠨ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠪᠠᠶᠢᠪᠠᠯ ᠳᠦᠷᠢᠮ ᠢ ᠱᠠᠯᠠᠪᠳᠠᠨ ᠲᠡᠭᠦᠯᠳᠡᠷᠵᠢᠭᠦᠯᠬᠦ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠦᠵᠡᠯ ᠰᠠᠨᠠᠭ᠎ᠠ ᠪᠣᠯᠤᠨ ᠠᠵᠢᠯ ᠤᠨ ᠳᠤᠮᠳᠠᠬᠢ ᠵᠥᠷᠢᠶ᠎ᠡ ᠪᠠᠨ ᠭᠦᠨᠵᠡᠭᠡᠶ ᠪᠠᠶᠢᠴᠠᠭᠠᠨ ᠡᠷᠢᠵᠦ᠂ ︽ᠳᠥᠷᠪᠡᠨ ᠤᠬᠠᠮᠰᠠᠷ︾᠎ ᠢᠶᠠᠨ ᠦᠨᠡᠨ ᠬᠦ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠬᠡᠵᠥ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号