7 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠤᠯᠤᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠢ | ᠪᠠᠭᠤᠯᠭᠠᠵᠤ᠂ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠦᠷᠭᠦᠯᠵᠢᠯᠡᠨ ᠲᠣᠬᠢᠷᠠᠭᠤᠯᠤᠯᠲᠠ ᠬᠢᠵᠦ᠂ ᠪᠥᠬᠦ ᠣᠷᠣᠨ ᠤ 284 ᠲᠦᠮᠡᠨ ᠠᠵᠢᠯ ᠠᠴᠠ ᠪᠠᠨ ᠪᠠᠭᠤᠵᠤ | ᠠᠮᠠᠷᠠᠭᠰᠠᠳ ︵ᠠᠵᠢᠯ ᠤᠨ ᠪᠠᠶᠢᠷᠢ ᠠᠴᠠ ᠪᠠᠭᠤᠭᠰᠠᠳ ᠪᠠᠭᠲᠠᠨ᠎ᠠ︶ ᠲᠤ ᠠᠰᠢᠭ ᠬᠦᠷᠲᠡᠭᠡᠬᠦ ᠪᠠᠷ ᠪᠣᠯᠵᠠᠢ᠃ | ᠲᠣᠰ ᠤᠳᠠᠭᠠᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠬᠡᠪᠴᠢᠶ᠎ᠡ ᠪᠣᠯ ᠪᠥᠬᠦ ᠣᠷᠣᠨ ᠤ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠢ᠂ ᠠᠵᠤ ᠠᠬᠤᠶᠢᠯᠠᠯ ᠤᠨ 2018 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ | ᠡᠮᠦᠨ᠎ᠡ ᠲᠣᠭᠲᠠᠭᠠᠯ ᠶᠣᠰᠣᠭᠠᠷ ᠠᠵᠢᠯ ᠠᠴᠠ ᠪᠠᠨ ᠪᠠᠭᠤᠵᠤ ᠠᠮᠠᠷᠠᠭᠰᠠᠳ ᠵᠢᠴᠢ 2018 ᠣᠨ ᠤ 12 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ ᠨᠢᠭᠡᠨᠲᠡ ᠲᠣᠭᠲᠠᠭᠠᠯ ᠶᠣᠰᠣᠭᠠᠷ ᠠᠵᠢᠯ ᠤᠨ ᠪᠠᠶᠢᠷᠢ ᠠᠴᠠ ᠪᠠᠨ | ᠪᠠᠭᠤᠭᠰᠠᠳ᠂ ᠵᠡᠷᠡᠮᠳᠡᠭ ᠤᠨ ᠨᠡᠮᠡᠯᠭᠡ ᠠᠪᠤᠭᠰᠠᠨ ᠬᠥᠮᠦᠰ ᠪᠣᠯᠤᠨ᠎ᠠ᠃ ᠲᠣᠬᠢᠷᠠᠭᠤᠯᠤᠯᠲᠠ ᠬᠢᠬᠦ ᠪᠠᠷᠢᠮᠵᠢᠶ᠎ᠠ ᠳᠤ | ᠲᠤᠭ᠎ᠠ ᠲᠣᠭᠲᠠᠭᠠᠨ ᠲᠣᠬᠢᠷᠠᠭᠤᠯᠬᠤ᠂ ᠬᠤᠯᠪᠣᠭᠳᠠᠭᠤᠯᠤᠨ ᠲᠣᠬᠢᠷᠠᠭᠤᠯᠬᠤ᠂ ᠬᠠᠷᠠᠭᠠᠯᠵᠠᠨ ᠲᠣᠬᠢᠷᠠᠭᠤᠯᠬᠤ ᠶᠢ | ᠪᠠᠭᠲᠠᠭᠠᠨ᠎ᠠ᠃ ᠲᠤᠭ᠎ᠠ ᠲᠣᠭᠲᠠᠭᠠᠨ ᠲᠣᠬᠢᠷᠠᠭᠤᠯᠬᠤ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠰᠠᠷ᠎ᠠ ᠪᠦᠷᠢ | 52 ᠲᠥᠭᠦᠷᠢᠭ ᠨᠡᠮᠡᠭᠳᠡᠭᠦᠯᠦᠨ᠎ᠡ᠃ ᠬᠤᠯᠪᠣᠭᠳᠠᠭᠤᠯᠤᠨ ᠲᠣᠬᠢᠷᠠᠭᠤᠯᠬᠤ ᠳᠤ ᠬᠤᠶᠠᠷ ᠵᠦᠶᠯ ᠤᠨ ᠠᠭᠤᠯᠭ᠎ᠠ ᠪᠣᠢ᠂ | ᠨᠢᠭᠡ ᠳᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠲᠠᠢ ᠬᠤᠯᠪᠣᠭᠳᠠᠭᠤᠯᠵᠤ᠂ ᠲᠣᠰ | ᠬᠥᠮᠦᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 2018 ᠣᠨ ᠤ 12 ᠳ᠋ᠤᠭᠠᠷ ᠰᠠᠷ᠎ᠠ ᠶᠢᠨ | ᠬᠢᠷᠢ ᠲᠦᠪᠰᠢᠨ ᠤ 2 % ᠢᠶᠠᠷ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠮᠡᠭᠳᠡᠭᠦᠯᠦᠨ᠎ᠡ᠃ ᠬᠤᠶᠠᠷ ᠲᠤ | ᠰᠦᠢᠳᠬᠡᠯ ᠲᠤᠰᠢᠶᠠᠭᠰᠠᠨ ᠬᠤᠭᠤᠴᠠᠭ᠎ᠠ ᠲᠠᠢ ᠬᠤᠯᠪᠣᠭᠳᠠᠭᠤᠯᠵᠤ᠂ ᠰᠦᠢᠳᠬᠡᠯ ᠲᠤᠰᠢᠶᠠᠭᠠᠳ ᠪᠦᠬᠦᠯᠢ 1 ᠵᠢᠯ | ᠪᠣᠯᠬᠤ ᠪᠦᠷᠢ 1 ᠲᠥᠭᠦᠷᠢᠭ ᠨᠡᠮᠡᠭᠳᠡᠭᠦᠯᠦᠨ᠎ᠡ᠃ ᠬᠠᠷᠠᠭᠠᠯᠵᠠᠨ ᠲᠣᠬᠢᠷᠠᠭᠤᠯᠬᠤ ᠨᠢ ᠬᠤᠶᠠᠷ ᠵᠦᠶᠯ ᠤᠨ ᠠᠭᠤᠯᠭ᠎ᠠ | ᠪᠣᠢ᠂ ᠨᠢᠭᠡ ᠳᠤ ᠥᠨᠳᠥᠷ ᠨᠠᠰᠤᠲᠠᠶ ᠬᠦᠮᠦᠰ ᠢ ᠬᠠᠷᠠᠭᠠᠯᠵᠠᠵᠤ᠂ 2018 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ᠂ ᠪᠦᠬᠦᠯᠢ 70 ᠨᠠᠰᠤ ᠬᠦᠷᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ ᠲᠤ 30 ᠲᠥᠭᠦᠷᠢᠭ | ᠨᠡᠮᠡᠭᠳᠡᠭᠦᠯᠵᠦ᠂ ᠪᠦᠬᠦᠯᠢ 70 ᠨᠠᠰᠤᠨ ᠠᠴᠠ ᠳᠡᠭᠡᠭᠰᠢᠬᠢ ᠬᠥᠮᠦᠰ ᠲᠤ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢ 3 ᠲᠥᠭᠦᠷᠢᠭ ᠨᠡᠮᠡᠭᠳᠡᠭᠦᠯᠦᠨ᠎ᠡ᠃ ᠬᠤᠶᠠᠷ ᠲᠤ ᠠᠵᠤ ᠠᠬᠤᠶᠢᠯᠠᠯ ᠤᠨ ᠴᠡᠷᠢᠭ ᠠᠴᠠ | ᠬᠠᠯᠠᠭᠳᠠᠭᠰᠠᠨ ᠺᠠᠳ᠋ᠷᠴᠤᠳ ᠢ ᠬᠠᠷᠠᠭᠠᠯᠵᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ | ᠴᠡᠷᠢᠭ ᠠᠴᠠ ᠬᠠᠯᠠᠭᠳᠠᠭᠰᠠᠨ ᠺᠠᠳ᠋ᠷᠴᠤᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ | ᠬᠢᠭᠰᠡᠨ ᠤ ᠳᠠᠷᠠᠭ᠎ᠠ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠪᠠᠯ᠂ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠳᠤᠮᠳᠠᠴᠢ ᠬᠢᠷᠢ ᠬᠡᠮᠵᠢᠶ᠎ᠡ ᠳᠤ | ᠬᠦᠷᠲᠡᠯ᠎ᠡ ᠲᠣᠬᠢᠷᠠᠭᠤᠯᠤᠨᠡ᠃ ᠠᠵᠢᠯ ᠤᠨ ᠪᠠᠶᠢᠷᠢ ᠠᠴᠠ ᠪᠠᠭᠤᠭᠰᠠᠳ ᠲᠤ ᠰᠠᠷ᠎ᠠ ᠳᠤ 52 ᠲᠥᠭᠦᠷᠢᠭ | ᠨᠡᠮᠡᠭᠳᠡᠭᠦᠯᠦᠨ᠎ᠡ︔ ᠠᠵᠢᠯ ᠤᠨ ᠪᠠᠶᠢᠷᠢ ᠠᠴᠠ ᠪᠠᠭᠤᠭᠰᠠᠳ ᠤᠨ ᠠᠮᠢᠳᠤᠷᠠᠯ ᠤᠨ ᠵᠠᠷᠤᠳᠠᠯ ᠤᠨ ᠬᠢᠷᠢ ᠬᠡᠮᠵᠢᠶᠡᠨ ᠤ 2 | % ᠢᠶᠠᠷ ᠠᠵᠢᠯ ᠤᠨ ᠪᠠᠶᠢᠷᠢ ᠠᠴᠠ ᠪᠠᠭᠤᠭᠰᠠᠨ ᠠᠮᠢᠳᠤᠷᠠᠯ ᠤᠨ ᠵᠠᠷᠤᠳᠠᠯ ᠢ ᠨᠡᠮᠡᠭᠳᠡᠭᠦᠯᠦᠨ᠎ᠡ︔ ᠰᠦᠶᠳᠬᠡᠯ | ᠲᠤᠰᠢᠶᠠᠭᠠᠳ ᠪᠦᠬᠦᠯᠢ ᠨᠢᠭᠡ ᠵᠢᠯ ᠪᠣᠯᠬᠤ ᠪᠦᠷᠢ 1 ᠲᠥᠭᠦᠷᠢᠭ ᠨᠡᠮᠡᠭᠳᠡᠭᠦᠯᠦᠨ᠎ᠡ᠂ ᠲᠣᠬᠢᠷᠠᠭᠤᠯᠤᠯᠲᠠ ᠬᠢᠭᠡᠳ 15 | ᠲᠥᠭᠦᠷᠢᠭ ᠬᠦᠷᠬᠦ ᠦᠭᠡᠢ ᠪᠣᠯ 15 ᠲᠥᠭᠦᠷᠢᠭ ᠪᠣᠯᠭᠠᠵᠤ ᠲᠣᠬᠢᠷᠠᠭᠤᠯᠤᠨᠡ᠃ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠪᠣᠯ ᠦᠨᠳᠦᠰᠦᠨ ᠪᠠᠷᠢᠮᠵᠢᠶ᠎ᠠ ᠶᠢ ᠪᠠᠲᠤᠯᠠᠬᠤ ᠲᠥᠷᠥ ᠶᠢᠨ | ᠪᠣᠳᠣᠯᠭ᠎ᠠ ᠮᠥᠨ᠃ ᠥᠨᠦ ᠵᠢᠯ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠪᠤᠯᠤᠨ ᠮᠠᠨ ᠤ ᠤᠯᠤᠰ ᠤᠨ | ᠨᠠᠰᠤᠲᠠᠶᠢᠴᠤᠳ ᠤᠨ ᠬᠥᠮᠥᠨ ᠠᠮᠠ ᠶᠢᠨ ᠬᠡᠪᠴᠢᠶ᠎ᠡ ᠶᠡᠭᠡ᠂ ᠬᠥᠮᠥᠨ ᠠᠮᠠ ᠶᠢᠨ ᠨᠠᠰᠦᠵᠢᠯᠲᠠ ᠲᠦᠷᠭᠡᠨ᠂ | ᠨᠠᠰᠤᠵᠢᠯ ᠤᠨ ᠠᠰᠠᠷᠠᠮᠵᠢ ᠶᠢᠨ ᠳᠠᠷᠤᠭᠠᠰᠤ ᠬᠦᠨᠳᠦᠷᠡᠵᠦ ᠪᠠᠶᠢᠭ᠎ᠠ ᠪᠠᠶᠢᠳᠠᠯ ᠳᠣᠤᠷ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠮᠥᠨ ᠬᠦ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠳᠤᠮᠳᠠᠴᠢ ᠬᠢᠷᠢ ᠲᠦᠪᠰᠢᠨ ᠤ 5 % ᠣᠷᠴᠢᠮ ᠢᠶᠠᠷ ᠲᠣᠬᠢᠷᠠᠭᠤᠯᠤᠯᠲᠠ ᠬᠢᠬᠦ ᠪᠠᠷ ᠲᠣᠭᠲᠠᠭᠠᠭᠰᠠᠨ ᠨᠢ | ᠨᠠᠮ ᠪᠠ ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠢ ᠭᠦᠶᠴᠡᠳ ᠬᠠᠷᠠᠭᠤᠯᠵᠣ ᠪᠠᠶᠢᠨ᠎ᠠ ᠭᠡᠪᠡ᠃ | ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠨᠢ | ᠲᠣᠬᠢᠷᠠᠭᠤᠯᠤᠭᠰᠠᠨ ᠪᠠᠯᠠ ᠮᠥᠩᠭᠦ ᠪᠠᠨ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠣᠯᠭᠤᠬᠤ ᠪᠣᠯᠤᠨ᠎ᠠ᠃ |