ᠥᠪᠥᠷ ᠮᠣᠩᠭᠤᠯ ᠡᠨᠡ ᠵᠢᠯ 13171.5 ᠲᠦᠮᠡᠨ ᠮᠦ ᠲᠠᠷᠢᠶᠠᠯᠠᠪᠠ
ᠨᠡᠶᠢᠲᠡᠯᠡᠭᠰᠡᠨ ᠴᠠᠭ᠄
2019/7/3
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠬᠠᠪᠤᠷ ᠠᠴᠠ ᠨᠠᠭᠠᠰᠢ᠂ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠴᠢᠨᠠᠷ ᠰᠠᠶᠢᠲᠠᠶ ᠠᠬᠢᠵᠤ᠂ ᠬᠠᠪᠤᠷ ᠤᠨ ᠲᠠᠷᠢᠶᠠᠯᠠᠭ᠎ᠠ ᠶᠢᠨ ᠶᠡᠷᠦᠩᠬᠡᠶ ᠲᠠᠯᠠᠪᠠᠢ 13171.5 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 337.8 ᠲᠦᠮᠡᠨ ᠮᠦ ᠨᠡᠮᠡᠭᠳᠡᠵᠡᠶ︔ ᠠᠮᠤ ᠪᠤᠳᠠᠭᠠᠨ ᠤ ᠲᠠᠷᠢᠶᠠᠯᠠᠭ᠎ᠠ 10452.4 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 387.6 ᠲᠦᠮᠡᠨ ᠮᠦ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠠᠴᠠ ᠰᠢᠷ᠎ᠠ ᠪᠤᠷᠴᠠᠭ ᠤᠰᠤᠨ ᠲᠤᠲᠤᠷᠭ᠎ᠠ ᠶᠢᠨ ᠲᠠᠯᠠᠪᠠᠢ ᠨᠡᠮᠡᠭᠳᠡᠵᠦ᠂ ᠡᠷᠳᠡᠨᠢ ᠰᠢᠰᠢ ᠶᠢᠨ ᠲᠥᠮᠥᠰᠥ ᠶᠢᠨ ᠲᠠᠯᠠᠪᠠᠢ ᠲᠣᠭᠲᠠᠪᠤᠷᠢᠵᠢᠨ᠂ ᠪᠣᠭᠤᠳᠠᠶ ᠶᠢᠨ ᠲᠠᠯᠠᠪᠠᠢ ᠪᠠᠭᠠᠰᠴᠤ᠂ ᠲᠠᠷᠢᠮᠠᠯ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃      ᠡᠨᠡ ᠬᠠᠪᠤᠷ ᠠᠴᠠ ᠨᠠᠭᠠᠰᠢ᠂ ᠮᠠᠨ ᠤ ᠣᠷᠣᠨ ᠤ ᠵᠡᠭᠦᠨ ᠬᠡᠰᠡᠭ ᠤᠨ ᠠᠮᠤ ᠪᠤᠳᠠᠭ᠎ᠠ ᠶᠢᠨ ᠬᠠᠪᠤᠷ ᠤᠨ ᠲᠠᠷᠢᠶᠠᠯᠠᠭ᠎ᠠ ᠶᠢᠨ ᠡᠮᠦᠨᠡᠬᠢ ᠬᠤᠭᠤᠴᠠᠭᠠᠨ ᠤ ᠭᠠᠩ ᠤᠨ ᠪᠠᠶᠢᠳᠠᠯ ᠨᠡᠯᠢᠶᠡᠳ ᠬᠦᠨᠳᠦᠷᠡᠵᠦ᠂ ᠶᠡᠭᠡ ᠰᠠᠯᠬᠢ᠂ ᠬᠦᠢᠲᠡᠨ ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ 10 ᠡᠳᠦᠷ ᠣᠷᠴᠢᠮ ᠬᠤᠶᠢᠰᠢᠯᠠᠪᠠ᠃ 5 ᠳ᠋ᠤᠭᠠᠷ ᠰᠠᠷ᠎ᠠ ᠶᠢᠨ ᠬᠤᠷᠢᠳ ᠢᠶᠠᠷ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠤᠷᠢᠳ ᠬᠤᠵᠢᠳ ᠪᠣᠷᠣᠭᠠᠨ ᠣᠷᠣᠵᠤ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠦᠳᠲᠡᠷ ᠲᠦᠷᠭᠡᠨ ᠰᠠᠶᠢᠵᠢᠷᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠲᠦᠷᠭᠡᠨ ᠠᠬᠢᠵᠤ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠪᠦᠲᠦᠮᠵᠢᠲᠡᠢ ᠪᠡᠶᠡᠯᠡᠭᠳᠡᠪᠡ᠃ ᠬᠡᠳᠦᠶᠢᠪᠡᠷ ᠵᠡᠭᠦᠨ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ ᠬᠦᠢᠲᠡᠨ ᠠᠭᠤᠷ ᠠᠮᠢᠰᠬᠤᠯ ᠳᠤ ᠬᠥᠯᠳᠡᠬᠦ ᠭᠠᠮᠰᠢᠭ ᠪᠠ ᠰᠠᠯᠬᠢ ᠮᠥᠨᠳᠥᠷ ᠤᠨ ᠭᠠᠮᠰᠢᠭ ᠲᠤ ᠤᠴᠠᠷᠠᠭᠰᠠᠨ ᠪᠣᠯᠪᠠᠴᠤ᠂ ᠪᠥᠬᠦ ᠣᠷᠣᠨ ᠤ ᠲᠠᠷᠢᠶᠠᠯᠠᠩ ᠤᠨ ᠦᠶᠯᠡᠳᠪᠦᠷᠢᠯᠡᠯ ᠮᠥᠨ ᠬᠦ ᠣᠶᠢᠷ᠎ᠠ ᠶᠢᠨ ᠵᠢᠯ ᠤᠨ ᠲᠤᠷᠰᠢ ᠨᠡᠯᠢᠶᠡᠳ ᠰᠠᠶᠢᠨ ᠨᠢᠭᠡ ᠵᠢᠯ ᠪᠣᠯᠵᠤ᠂ ᠢᠯᠠᠩᠭᠤᠶ᠎ᠠ ᠵᠡᠭᠦᠨ ᠬᠡᠰᠡᠭ ᠤᠨ ᠠᠮᠤ ᠪᠤᠳᠠᠭᠠᠨ ᠤ ᠲᠠᠷᠢᠶᠠᠯᠠᠩ ᠤᠨ ᠦᠶᠯᠡᠳᠪᠦᠷᠢᠯᠡᠯ ᠎ ᠤᠨ ᠪᠠᠶᠢᠳᠠᠯ ᠰᠠᠶᠢᠨ ᠪᠠᠶᠢᠵᠤ᠂ ᠣᠳᠣᠬᠠᠨ ᠳᠤ ᠴᠢᠬᠢ ᠶᠢᠨ ᠪᠠᠶᠢᠳᠠᠯ ᠨᠢᠭᠡᠳᠦᠭᠡᠷ ᠲᠥᠷᠥᠯ ᠤᠨ ᠴᠢᠬᠢ ᠪᠠᠷ ᠭᠤᠣᠯᠯᠠᠵᠤ ᠪᠣᠶ᠃      ᠮᠠᠨ ᠤ ᠣᠷᠣᠨ ᠤ ︽ᠠᠷᠪᠠᠨ ᠵᠢᠯ ᠠᠴᠠ ᠶᠢᠰᠦᠨ ᠵᠢᠯ ᠨᠢ ᠭᠠᠩᠳᠠᠬᠤ︾ ᠣᠨᠴᠠᠯᠢᠭ ᠲᠤ ᠴᠢᠭᠯᠡᠭᠦᠯᠦᠨ᠂ ᠮᠠᠨ ᠤ ᠣᠷᠣᠨ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ︽ᠤᠯᠨᠢᠨᠤ ᠶᠢᠨ ᠭᠠᠮᠰᠢᠭ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠦᠬᠦ ᠬᠦᠴᠦᠨ ᠢᠶᠠᠷ ᠢᠶᠠᠨ ᠡᠯᠪᠡᠭ ᠬᠤᠷᠢᠶᠠᠯᠲᠠ ᠣᠯᠬᠤ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠴᠠᠭ ᠲᠤᠬᠠᠶ ᠳᠤᠨᠢ ᠰᠡᠷᠡᠮᠵᠢᠯᠡᠭᠦᠯᠦᠨ᠂ ᠡᠯ᠎ᠡ ᠭᠠᠵᠠᠷ ᠤᠨ ᠎ ᠬᠢᠨ ᠢ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠨᠢᠭᠲᠠ ᠠᠩᠬᠠᠷᠴᠤ᠂ ᠮᠡᠳᠡᠭᠡ ᠵᠠᠩᠭᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠪᠡ᠃ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠲᠠᠷᠢᠮᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠠᠳᠠᠯᠤᠭᠴᠢ ᠶᠢᠨ ᠪᠦᠯᠬᠦᠮ ᠲᠠᠷᠢᠮᠠᠯ ᠬᠤᠪᠢᠶᠠᠨ 2019 ᠣᠨ ᠤ ᠭᠤᠤᠯ ᠪᠣᠯᠬᠤ ᠲᠠᠷᠢᠮᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠰᠦᠭᠡᠯᠡᠯ ᠢ ᠨᠡᠶᠢᠲᠡᠯᠡᠭᠰᠡᠨ ᠪᠥᠭᠡᠳ ᠠᠶᠢᠮᠠᠭ ᠬᠤᠲᠠ ᠬᠤᠰᠢᠭᠤ ᠰᠢᠶᠠᠨ ᠳᠤ ᠭᠦᠨᠵᠡᠭᠡᠶᠢᠷᠡᠨ ᠲᠠᠷᠢᠶᠠᠯᠠᠩ ᠤᠨ ᠮᠡᠷᠭᠡᠵᠢᠯ ᠢ ᠤᠬᠠᠭᠤᠯᠤᠨ ᠲᠠᠶᠢᠯᠪᠤᠷᠢᠯᠠᠵᠤ᠂ ᠲᠠᠷᠢᠶᠠᠯᠠᠩ ᠤᠨ ᠦᠶᠯᠡᠳᠪᠦᠷᠢᠯᠡᠯ ᠳᠤ ᠮᠡᠷᠭᠡᠵᠢᠯ ᠤᠨ ᠳᠡᠮᠵᠢᠯᠭᠡ ᠪᠠ ᠦᠶᠯᠡᠴᠢᠯᠡᠭᠡ ᠬᠠᠩᠭᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号