| | | ᠰᠤᠷᠪᠤᠯᠵᠢᠯᠠᠭᠰᠠᠨ ᠴᠠᠭ᠄ | 2019 ᠣᠨ ᠤ 07 ᠳ᠋ᠤᠭᠠᠷ ᠰᠠᠷ᠎ᠠ ᠶᠢᠨ 03 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ ᠸᠠᠩ ᠶᠢᠨ ᠪᠣᠤ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠠᠴᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ | ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ | ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠢ ᠴᠣᠭᠴᠠᠯᠠᠨ ᠪᠠᠶᠢᠭᠤᠯᠬᠤ ᠪᠠᠷ | ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠵᠠᠢ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ | ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠶᠢ ᠤᠷᠢᠵᠤ᠂ | ᠲᠡᠭᠦᠨ ᠢᠶᠠᠷ ᠮᠠᠨ ᠤ ᠣᠷᠣᠨ ᠠᠴᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ | ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ | ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠢ ᠴᠣᠭᠴᠠᠯᠠᠨ ᠪᠠᠶᠢᠭᠤᠯᠬᠤ ᠪᠠᠷ | ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠲᠤᠬᠠᠢ ᠣᠯᠠᠨ ᠳ᠋ᠤ᠋ᠨᠠᠷᠢᠯᠢᠭ ᠲᠠᠨᠢᠯᠴᠠᠭᠤᠯᠭ᠎ᠠ ᠬᠢᠯᠭᠡᠬᠦ ᠪᠣᠢ᠃ | ᠸᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠸᠠᠩ ᠶᠢᠨ ᠪᠣᠤ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ | ᠦᠷᠭᠦᠯᠵᠢᠯᠡᠨ ᠬᠥᠭᠵᠢᠬᠦ ᠳᠤ ᠬᠤᠯᠪᠣᠭᠳᠠᠭᠰᠠᠨ ᠦᠨᠳᠦᠰᠦᠨ ᠪᠣᠳᠣᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠯᠤᠰ ᠢᠶᠠᠨ ᠵᠠᠰᠠᠵᠤ ᠵᠠᠰᠠᠭ ᠶᠠᠪᠤᠭᠤᠯᠬᠤ ᠲᠣᠪᠣᠶᠢᠮ᠎ᠠ | ᠪᠠᠶᠢᠷᠢᠨ ᠳᠤ ᠲᠠᠯᠪᠢᠭᠰᠠᠭᠠᠷ ᠢᠷᠡᠪᠡ᠃ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠤ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠢ︖ | ᠸᠠᠩ ᠶᠢᠨ ᠪᠣᠤ᠄ | ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠠᠩᠬᠠᠷᠤᠨ ᠬᠠᠯᠠᠮᠵᠢᠯᠠᠭᠰᠠᠭᠠᠷ ᠢᠷᠡᠪᠡ᠃ 2014 ᠣᠨ ᠳᠤ ᠮᠠᠨ ᠤ | ᠣᠷᠣᠨ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ | ᠪᠠᠶᠢᠬᠤ ᠨᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠷᠣᠰᠢᠨ ᠲᠣᠭᠲᠠᠨᠢᠯ ᠪᠠ | ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ᠂ ᠬᠤᠸᠠᠪᠧᠢ᠂ ᠵᠡᠭᠦᠨ ᠬᠤᠶᠢᠲᠤ᠂ ᠪᠠᠷᠠᠭᠤᠨ ᠬᠤᠶᠢᠲᠤ | ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠨ᠎ᠠ ᠭᠡᠵᠦ ᠵᠢᠭᠠᠨ | ᠭᠠᠷᠭᠠᠵᠤ᠂ ᠡᠷᠬᠡᠪᠰᠢ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ | ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠪᠢᠳᠡᠨ ᠳᠤ ᠬᠦᠰᠡᠯ ᠨᠠᠶᠢᠳᠠᠯᠭ᠎ᠠ | ᠲᠠᠯᠪᠢᠵᠠᠢ᠃ | 2018 ᠣᠨ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ᠂ ᠥᠪᠥᠷ ᠮᠣᠩᠭᠤᠯ ᠢ ᠮᠠᠨ ᠤ ᠤᠯᠤᠰ ᠤᠨ | ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ | ᠬᠡᠷᠡᠭᠲᠡᠢ᠂ ᠡᠨᠡ ᠪᠣᠯ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠲᠣᠭᠲᠠᠭᠠᠭᠰᠠᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠮᠥᠨ ᠴᠤ ᠥᠪᠥᠷ ᠮᠣᠩᠭᠤᠯ ᠤᠨ ᠡᠷᠬᠡᠪᠰᠢ | ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠡᠭᠦᠷᠭᠡ ᠪᠣᠯᠣᠨ᠎ᠠ ᠭᠡᠵᠦ ᠳᠠᠬᠢᠨᠲᠠ ᠵᠢᠭᠠᠨ ᠭᠠᠷᠭᠠᠵᠤ᠂ ᠪᠢᠳᠡᠨ ᠢ | ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ | ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃ | ᠡᠨᠡ ᠵᠢᠯ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠳᠤ᠂ ᠥᠪᠥᠷ ᠮᠣᠩᠭᠤᠯ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠨ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠰᠦᠪᠡᠭᠴᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ︽ᠡᠬᠡ ᠤᠯᠤᠰ ᠤᠨ ᠤᠮᠠᠷᠠᠲᠤ ᠶᠢᠨ | ᠡᠨᠡ ᠬᠦ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ︾ ᠶᠢ ᠬᠦᠰᠡᠵᠦ ᠪᠠᠶᠢᠨ᠎ᠠ ᠭᠡᠵᠦ ᠤᠯᠠᠮ ᠨᠢᠭᠡ | ᠠᠯᠬᠤᠮ ᠵᠢᠭᠠᠵᠤ ᠭᠠᠷᠭᠠᠪᠠ᠃ ᠶᠡᠷᠦᠩᠬᠡᠢ ᠱᠦᠵᠢ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠤᠬᠠᠢ ᠣᠯᠠᠨ ᠤᠳᠠᠭ᠎ᠠ ᠴᠢᠬᠤᠯᠠᠴᠢᠯᠠᠵᠤ ᠪᠠᠶᠢᠬᠤ ᠶᠢᠨ ᠰᠢᠯᠲᠠᠭᠠᠨ ᠨᠢ᠂ ᠥᠪᠥᠷ ᠮᠣᠩᠭᠤᠯ | ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠢ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ | ᠪᠦᠷᠢᠨ ᠠᠮᠢ ᠠᠬᠤᠢ ᠶᠢᠨ ᠴᠢᠳᠠᠮᠵᠢ ᠶᠢᠨ ᠣᠷᠣᠨ ᠪᠠᠶᠢᠵᠤ᠂ ᠣᠢ ᠰᠢᠭᠤᠢ᠂ ᠲᠠᠯ᠎ᠠ ᠨᠤᠲᠤᠭ᠂ ᠨᠣᠶᠢᠲᠠᠨ ᠭᠠᠵᠠᠷ᠂ | ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠣᠯᠠᠨ ᠵᠦᠢᠯ ᠤᠨ ᠪᠠᠶᠢᠭᠠᠯᠢ ᠶᠢᠨ ᠳᠦᠷᠰᠦ ᠪᠠᠶᠢᠳᠠᠯ | ᠲᠠᠢ ᠣᠷᠣᠨ ᠪᠠᠶᠢᠵᠤ᠂ ᠨᠢᠭᠡᠨ ᠤᠷᠲᠤ ᠬᠤᠭᠤᠴᠠᠭ᠎ᠠ ᠪᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠢ ᠠᠮᠢ | ᠠᠬᠤᠢ ᠶᠢᠨ ᠰᠢᠰᠲ᠋ᠧᠮ᠂ ᠮᠥᠨ ᠴᠤ ᠠᠮᠢ ᠠᠬᠤᠢ ᠶᠢᠨ ᠰᠢᠰᠲ᠋ᠧᠮ ᠨᠢ ᠲᠤᠶᠢᠯ ᠤᠨ ᠬᠡᠪᠡᠷᠡᠭ ᠪᠠ ᠬᠤᠷᠴᠠ ᠰᠡᠷᠭᠡᠭ | ᠭᠠᠵᠠᠷ ᠣᠷᠣᠨ ᠪᠣᠯᠣᠨ᠎ᠠ᠃ ᠲᠡᠭᠦᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠥᠯᠥᠪ ᠪᠠᠶᠢᠳᠠᠯ ᠨᠢ ᠬᠤᠸᠠᠪᠧᠢ᠂ | ᠵᠡᠭᠦᠨ ᠬᠤᠶᠢᠲᠤ᠂ ᠪᠠᠷᠠᠭᠤᠨ ᠬᠤᠶᠢᠲᠤ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠳᠤ ᠬᠤᠯᠪᠣᠭᠳᠠᠵᠤ ᠪᠠᠶᠢᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠨᠢ | ᠥᠪᠥᠷ ᠮᠣᠩᠭᠤᠯ ᠳᠤ ᠠᠪᠴᠤ ᠬᠡᠯᠡᠪᠡᠯ᠂ ᠡᠭᠦᠷᠭᠡ ᠨᠢ ᠨᠡᠩ ᠬᠦᠨᠳᠦ᠂ ᠬᠠᠷᠢᠭᠤᠴᠠᠯᠭ᠎ᠠ ᠨᠢ ᠨᠡᠩ ᠶᠡᠭᠡ᠂ | ᠱᠠᠭᠠᠷᠳᠠᠯᠭ᠎ᠠ ᠨᠢ ᠨᠡᠩ ᠥᠨᠳᠥᠷ ᠪᠠᠶᠢᠳᠠᠭ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ | ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠤᠯᠤᠰ ᠤᠨ ᠤᠮᠠᠷᠠᠲᠤ | ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠬᠤ | ᠲᠠᠯ᠎ᠠ ᠪᠠᠷ ᠶᠠᠮᠠᠷ ᠶᠠᠮᠠᠷ ᠰᠡᠳᠬᠢᠮᠵᠢ ᠶᠢ ᠳᠤᠷᠠᠳᠤᠨ ᠭᠠᠷᠭᠠᠵᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ | ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠠᠴᠠ ᠶᠡᠷᠦᠩᠬᠡᠢ ᠱᠦᠵᠢ ᠰᠢ | ᠶᠢᠨ ᠫᠢᠩ ᠤᠨ ᠳᠣᠲᠣᠨᠣ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠨ᠂ ᠬᠠᠷᠢᠭᠤᠴᠠᠯᠭᠠᠲᠤ ᠣᠪᠣᠷ ᠪᠠ | ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ | ᠶᠡᠭᠡ ᠲᠠᠯ᠎ᠠ ᠳᠠᠬᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠣᠨᠣᠪᠴᠢᠲᠠᠢ | ᠡᠵᠡᠮᠳᠡᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠥᠭᠵᠢᠭᠰᠡᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠪᠠᠷ ᠬᠦᠴᠦᠯᠡᠨ ᠠᠬᠢᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠣᠭᠤᠭᠠᠨ ᠥᠩᠭᠡ ᠪᠣᠯ ᠥᠪᠥᠷ ᠮᠣᠩᠭᠤᠯ ᠤᠨ ᠦᠨᠳᠦᠰᠦᠨ ᠥᠩᠭᠡ | ᠪᠠ ᠥᠷᠲᠡᠭ ᠪᠠᠶᠢᠵᠤ᠂ ᠠᠮᠢ ᠠᠬᠤᠢ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ | ᠭᠡᠵᠦ ᠳᠤᠷᠠᠳᠤᠨ ᠭᠠᠷᠭᠠᠪᠠ︔ ᠠᠮᠢ ᠠᠬᠤᠢ ᠶᠢᠨ ᠬᠤᠷᠢᠭ᠎ᠠ ᠱᠤᠭᠤᠮ ᠢ ᠰᠠᠬᠢᠨ᠂ ᠥᠩᠭᠡ ᠦᠵᠡᠮᠵᠢ ᠬᠢᠭᠡᠳ | ᠬᠥᠭᠵᠢᠯᠲᠡ ᠶᠢᠨ ᠬᠤᠣᠰ ᠢᠯᠠᠯᠲᠠ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠬᠢᠭᠡᠳ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠨ ᠰᠢᠢᠳᠪᠦᠷᠢᠯᠡᠵᠦ᠂ ᠣᠷᠴᠢᠨ ᠲᠣᠭᠤᠷᠢᠨ ᠢ | ᠰᠦᠢᠳᠬᠡᠬᠦ ᠪᠠᠷ ᠦᠷᠡᠭᠳᠡᠯ ᠪᠣᠯᠭᠠᠵᠤ ᠪᠠᠶᠢᠭᠠᠳ ᠨᠢᠭᠡ ᠴᠠᠭ ᠤᠨ ᠠᠵᠤ ᠠᠬᠤᠢ ᠶᠢᠨ ᠨᠡᠮᠡᠭᠳᠡᠯ ᠢ ᠰᠣᠯᠢᠵᠤ | ᠶᠠᠭᠠᠬᠢᠭᠰᠠᠨ ᠴᠤ ᠪᠣᠯᠬᠤ ᠦᠭᠡᠢ︔ ᠨᠣᠭᠤᠭᠠᠨ ᠥᠩᠭᠡᠵᠢᠭᠦᠯᠬᠦ ᠪᠠᠷ ᠬᠥᠲᠥᠴᠢ ᠪᠣᠯᠭᠠᠨ᠂ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠣᠷᠣᠨ ᠬᠡᠪᠴᠢᠶᠡᠨ ᠤ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ | ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠤᠯᠤᠰ ᠤᠨ | ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠠᠵᠢᠯ ᠢ | ᠨᠢᠭᠡᠳᠦᠯᠲᠡᠢ ᠲᠥᠯᠥᠪᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠥᠪᠯᠡᠯ ᠢ ᠪᠠᠶᠢᠭᠤᠯᠵᠠᠢ᠃ | 2015 ᠣᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ᠪᠦᠬᠦ ᠣᠷᠣᠨ ᠤ | ᠳᠡᠭᠡᠳᠦ ᠳᠣᠣᠷᠠᠳᠤ ᠱᠠᠲᠤ ᠪᠠᠷ ᠢᠶᠠᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠬᠢᠭᠡᠳ | ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ | ᠵᠠᠰᠠᠯᠲᠠ ᠬᠢᠬᠦ ᠶᠢ ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠯᠡᠨ᠂ ᠠᠮᠢ | ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠮᠢ | ᠠᠬᠤᠢ ᠶᠢᠨ ᠰᠣᠶᠣᠯ ᠢ ᠶᠡᠭᠡ ᠪᠠᠷ ᠬᠥᠮᠥᠵᠢᠭᠦᠯᠦᠨ ᠪᠣᠶᠢᠵᠢᠭᠤᠯᠵᠤ᠂ ᠥᠪᠥᠷ ᠮᠣᠩᠭᠤᠯ ᠤᠨ ᠠᠮᠢ ᠠᠬᠤᠢ ᠶᠢᠨ | ᠲᠥᠯᠥᠪ ᠪᠠᠶᠢᠳᠠᠯ ᠨᠢ ︽ᠪᠦᠬᠦᠯᠢ ᠴᠣᠭᠴᠠ ᠪᠠᠷ ᠨᠢ ᠬᠤᠷᠢᠭᠯᠠᠵᠤ᠂ ᠬᠡᠰᠡᠭ ᠭᠠᠵᠠᠷ ᠨᠢ ᠰᠠᠶᠢᠵᠢᠷᠠᠭᠰᠠᠨ︾ | ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠡᠢ᠃ | ᠬᠥᠲᠥᠯᠥᠭᠴᠢ᠄ | ᠮᠠᠨ ᠤ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠵᠤ ᠵᠠᠰᠠᠨ ᠰᠡᠷᠭᠦᠭᠡᠬᠦ ᠪᠠᠷ ᠢᠮᠠᠭᠲᠠ ᠬᠠᠮᠤᠭ ᠤᠨ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠪᠣᠯᠭᠠᠨ | ᠠᠳᠬᠤᠵᠤ᠂ ᠠᠵᠢᠯ ᠤᠨ ᠦᠷ᠎ᠡ ᠪᠦᠲᠦᠮᠵᠢ ᠨᠢ ᠮᠠᠰᠢ ᠲᠣᠪᠣᠶᠢᠮ᠎ᠠ ᠪᠣᠯᠪᠠ᠃ ᠲᠡᠭᠡᠪᠡᠯ ᠲᠠ ᠪᠣᠳᠠᠲᠠᠢ ᠪᠠᠶᠢᠳᠠᠯ ᠢ ᠨᠢ | ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠢ ᠶᠢᠨ | ᠰᠢᠰᠲ᠋ᠧᠮ ᠤᠨ ᠳᠣᠲᠣᠭᠠᠳᠤ ᠶᠢᠨ ᠵᠦᠢ ᠲᠣᠭᠲᠠᠯ ᠪᠠ ᠵᠢᠮ᠎ᠡ ᠶᠣᠰᠣ ᠶᠢ ᠵᠢᠷᠤᠮᠯᠠᠨ᠂ ᠠᠭᠤᠯᠠ ᠤᠰᠤ ᠣᠢ ᠲᠠᠷᠢᠶ᠎ᠠ | ᠨᠠᠭᠤᠷ ᠪᠡᠯᠴᠢᠭᠡᠷ ᠡᠯᠡᠰᠦ ᠳᠤ ᠶᠡᠷᠦᠩᠬᠡᠶᠢᠯᠡᠨ ᠵᠠᠰᠠᠯᠲᠠ ᠬᠢᠬᠦ ᠶᠢ ᠨᠢᠭᠡᠳᠦᠯᠲᠡᠢ ᠲᠥᠯᠥᠪᠯᠡᠵᠦ᠂ ᠲᠠᠯ᠎ᠠ ᠨᠤᠲᠤᠭ ᠪᠠ | ᠣᠢ ᠰᠢᠭᠤᠢ ᠶᠢ ᠬᠠᠮᠠᠭᠠᠯᠠᠬᠤ ᠪᠠᠷ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ | ᠡᠭᠦᠷᠭᠡ ᠪᠣᠯᠭᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢ ᠡᠬᠢ ᠰᠤᠷᠪᠤᠯᠵᠢ ᠠᠴᠠ ᠨᠢ ᠵᠠᠰᠠᠬᠤ᠂ ︽ | ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢ ᠪᠠᠶᠢᠭᠤᠯᠬᠤ᠂ ᠪᠠᠶᠢᠭᠠᠯᠢᠯᠢᠭ ᠣᠢ ᠶᠢᠨ ᠡᠬᠢ ᠪᠠᠶᠠᠯᠢᠭ ᠢ | ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠨᠣᠭᠤᠭᠠᠷᠠᠭᠤᠯᠤᠯᠲᠠ ᠬᠢᠬᠦ᠂ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠤᠰᠤ ᠬᠥᠷᠥᠰᠥ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ | ᠢᠨᠵᠧᠨᠧᠷᠢᠩ ᠢ ᠨᠢᠭᠲᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠢᠶᠠᠷ ᠢᠶᠠᠨ ᠵᠢᠯ ᠪᠦᠷᠢ 1290 | ᠲᠦᠮᠡᠨ ᠮᠦ ᠠᠴᠠ ᠳᠡᠭᠡᠭᠰᠢ ᠣᠶᠢᠵᠢᠭᠤᠯᠤᠯᠲᠠ ᠬᠢᠵᠦ᠂ 3000 ᠲᠦᠮᠡᠨ ᠮᠦ ᠠᠴᠠ ᠳᠡᠭᠡᠭᠰᠢ ᠡᠪᠡᠰᠦ ᠲᠠᠷᠢᠵᠤ᠂ | ᠤᠰᠤ ᠬᠥᠷᠥᠰᠥᠨ ᠤ ᠤᠷᠤᠰᠬᠠᠭᠳᠠᠯ ᠢ ᠵᠠᠰᠠᠬᠤ ᠲᠠᠯᠠᠪᠠᠢ ᠶᠢ 924 ᠲᠦᠮᠡᠨ ᠮᠦ ᠠᠴᠠ ᠳᠡᠭᠡᠭᠰᠢ ᠬᠦᠷᠭᠡᠬᠦ ᠶᠢ | ᠪᠡᠶᠡᠯᠡᠭᠦᠯᠪᠡ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠱᠠᠩᠨᠠᠯ ᠣᠯᠭᠤᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 10.2 ᠳ᠋ᠦᠩᠰᠢᠭᠤᠷ ᠮᠦ ᠠᠰᠢᠭᠯᠠᠵᠤ ᠪᠣᠯᠬᠤᠶᠢᠴᠠ ᠲᠠᠯ᠎ᠠ | ᠨᠤᠲᠤᠭ ᠢ ᠪᠦᠬᠦᠨ ᠢ ᠬᠠᠮᠠᠭᠠᠯᠠᠯᠲᠠ ᠶᠢᠨ ᠬᠡᠪᠴᠢᠶᠡᠨ ᠳᠤ ᠣᠷᠣᠭᠤᠯᠤᠨ᠂ 4.05 ᠳ᠋ᠦᠩᠰᠢᠭᠤᠷ ᠮᠦ ᠭᠠᠵᠠᠷ ᠲᠤ | ᠮᠠᠯᠵᠢᠬᠤ ᠶᠢ ᠵᠣᠭᠰᠣᠭᠠᠬᠤ ᠪᠠ ᠰᠡᠯᠭᠦᠨ ᠮᠠᠯᠵᠢᠵᠤ᠂ 6.15 ᠳ᠋ᠦᠩᠰᠢᠭᠤᠷ ᠮᠦ ᠭᠠᠵᠠᠷ ᠤᠨ ᠮᠡᠯ ᠪᠡᠯᠴᠢᠭᠡᠷ ᠤᠨ | ᠲᠡᠩᠴᠡᠭᠦᠷᠢᠰᠢᠯ ᠢ ᠪᠠᠲᠤᠯᠠᠪᠠ᠃ ᠵᠠᠰᠠᠯᠲᠠ ᠬᠢᠬᠦ ᠪᠠᠷ ᠳᠠᠮᠵᠢᠭᠤᠯᠤᠨ᠂ ᠮᠠᠨ ᠤ ᠣᠷᠣᠨ ᠤ ᠣᠢ ᠰᠢᠭᠤᠢ ᠶᠢᠨ | ᠲᠠᠯᠠᠪᠠᠢ ᠪᠠ ᠨᠥᠭᠡᠴᠡ ᠶᠢᠨ ᠬᠡᠮᠵᠢᠶ᠎ᠡ ᠨᠢ ︽ᠬᠤᠣᠰ ᠢᠶᠠᠷ ᠨᠡᠮᠡᠭᠳᠡᠬᠦ︾ ᠶᠢ ᠪᠡᠶᠡᠯᠡᠭᠦᠯᠵᠦ᠂ ᠪᠦᠬᠦ ᠣᠷᠣᠨ ᠤ | ᠳᠣᠯᠣᠳᠤᠭᠠᠷ ᠤᠳᠠᠭᠠᠨ ᠤ ᠣᠢ ᠰᠢᠭᠤᠢ ᠶᠢᠨ ᠡᠬᠢ ᠪᠠᠶᠠᠯᠢᠭ ᠢ ᠢᠯᠭᠠᠨ ᠪᠠᠶᠢᠴᠠᠭᠠᠭᠰᠠᠨ ︵2013 ᠣᠨ︶ ᠦᠷ᠎ᠡ | ᠳ᠋ᠦᠩ ᠲᠠᠢ ᠬᠠᠷᠢᠴᠠᠭᠤᠯᠪᠠᠯ᠂ ᠣᠢ ᠰᠢᠭᠤᠢ ᠶᠢᠨ ᠲᠠᠯᠠᠪᠠᠢ ᠶᠢᠨ ᠴᠡᠪᠡᠷ ᠨᠡᠮᠡᠭᠳᠡᠯ ᠨᠢ 1905 ᠲᠦᠮᠡᠨ ᠮᠦ᠂ ᠣᠢ | ᠰᠢᠭᠤᠢ ᠶᠢᠨ ᠨᠥᠭᠡᠴᠡ ᠶᠢᠨ ᠬᠡᠮᠵᠢᠶ᠎ᠡ ᠶᠢᠨ ᠴᠡᠪᠡᠷ ᠨᠡᠮᠡᠭᠳᠡᠯ ᠨᠢ 1.82 ᠳ᠋ᠦᠩᠰᠢᠭᠤᠷ ᠺᠦᠪ ᠮᠧᠲᠷ ᠲᠤ ᠬᠦᠷᠴᠦ᠂ | ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 1.07 ᠵᠠᠭᠤᠨ ᠤ ᠴᠡᠭ ᠳᠡᠭᠡᠭᠰᠢᠯᠡᠪᠡ︔ ᠴᠥᠯᠡᠷᠬᠡᠭᠵᠢᠭᠰᠡᠨ ᠪᠠ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ ︽ᠬᠤᠣᠰ ᠢᠶᠠᠷ ᠪᠠᠭᠠᠰᠬᠤ︾ ᠶᠢ ᠪᠡᠶᠡᠯᠡᠭᠦᠯᠦᠨ᠂ | ᠳᠥᠷᠪᠡᠳᠦᠭᠡᠷ ᠤᠳᠠᠭᠠᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠬᠢᠨᠠᠨ ᠬᠡᠮᠵᠢᠯᠲᠡ ︵ | 2009 ᠣᠨ︶ ᠲᠠᠢ ᠬᠠᠷᠢᠴᠠᠭᠤᠯᠪᠠᠯ᠂ ᠲᠤᠰ ᠲᠤᠰ 625 ᠲᠦᠮᠡᠨ ᠮᠦ ᠪᠠ 515 ᠲᠦᠮᠡᠨ ᠮᠦ ᠪᠠᠭᠠᠰᠪᠠ︔ | ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠨᠢ 44% ᠳᠤ ᠬᠦᠷᠴᠦ᠂ ︽11 · 5︾ ᠶᠢᠨ | ᠰᠡᠭᠦᠯᠴᠢ ᠶᠢᠨ ᠦᠶ᠎ᠡ ᠲᠠᠢ ᠬᠠᠷᠢᠴᠠᠭᠤᠯᠪᠠᠯ 7 ᠵᠠᠭᠤᠨ ᠤ ᠴᠡᠭ ᠳᠡᠭᠡᠭᠰᠢᠯᠡᠵᠦ᠂ ᠨᠢᠭᠡᠨᠲᠡ ᠳᠡᠭᠡᠷ᠎ᠡ ᠵᠠᠭᠤᠨ ᠤ | ᠨᠠᠶᠠᠭᠠᠳ ᠣᠨ ᠤ ᠳᠤᠮᠳᠠᠴᠢ ᠦᠶ᠎ᠡ ᠶᠢᠨ ᠬᠠᠮᠤᠭ ᠤᠨ ᠰᠠᠶᠢᠨ ᠬᠢᠷᠢ ᠲᠦᠪᠰᠢᠨ ᠳᠤ ᠣᠶᠢᠷᠠᠳᠴᠠᠢ᠃ | ᠬᠥᠲᠥᠯᠥᠭᠴᠢ᠄ | ᠠᠷᠠᠳ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠨᠢ᠂ ᠣᠷᠴᠢᠨ ᠲᠣᠭᠤᠷᠢᠨ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ | ᠲᠤᠯᠭᠠᠮᠳᠠᠭᠤ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠶᠢᠨ ᠪᠠᠴᠢᠮ ᠡᠭᠦᠷᠭᠡ ᠪᠣᠯᠣᠨ᠎ᠠ᠃ ᠲᠡᠭᠡᠪᠡᠯ ᠲᠠ ᠮᠠᠨ ᠤ ᠣᠷᠣᠨ ᠤ ᠣᠷᠴᠢᠨ ᠲᠣᠭᠤᠷᠢᠨ ᠤ | ᠲᠣᠪᠣᠶᠢᠮ᠎ᠠ ᠠᠰᠠᠭᠤᠳᠠᠯ ᠳᠤ ᠵᠠᠰᠠᠯᠲᠠ ᠬᠢᠭᠰᠡᠨ ᠲᠠᠯ᠎ᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠮᠠᠨ ᠤ ᠣᠷᠣᠨ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠᠷ ᠴᠢᠬᠤᠯᠠ | ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ᠂ | ᠡᠬᠢ ᠢᠷᠡᠯᠲᠡ ᠠᠴᠠ ᠨᠢ ᠰᠡᠷᠭᠡᠶᠢᠯᠡᠬᠦ᠂ ᠪᠦᠬᠦ ᠶᠠᠪᠤᠴᠠ ᠳᠤ ᠬᠠᠮᠢᠶᠠᠷᠤᠨ ᠡᠵᠡᠮᠳᠡᠬᠦ ᠪᠠ ᠪᠦᠲᠦᠮᠵᠢ ᠰᠠᠶᠢᠲᠠᠢ ᠪᠠᠷ | ᠵᠠᠰᠠᠯᠲᠠ ᠬᠢᠬᠦ ᠶᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ ᠠᠴᠠ ︽ᠨᠠᠮ ᠤᠨ ᠬᠤᠷᠢᠶ᠎ᠠ᠂ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠲᠣᠭᠲᠠᠭᠠᠪᠠ᠂ ᠡᠨᠡ ᠨᠢ ᠮᠥᠨ ᠴᠤ ᠪᠦᠬᠦ ᠤᠯᠤᠰ ᠤᠨ ᠠᠩᠬᠠᠳᠠᠭᠴᠢ | ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠲᠠᠷᠬᠠᠭᠠᠭᠰᠠᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠲᠤᠬᠠᠢ ᠪᠢᠴᠢᠭ | ᠮᠠᠲ᠋ᠧᠷᠢᠶᠠᠯ ᠪᠠᠶᠢᠵᠤ᠂ ᠡᠯ᠎ᠡ ᠭᠠᠵᠠᠷ ᠤᠨ ᠬᠢᠨ ︽ᠨᠠᠮ ᠵᠠᠰᠠᠭ ᠬᠠᠮᠲᠤ ᠪᠠᠷ ᠬᠠᠷᠢᠭᠤᠴᠠᠵᠤ᠂ ᠨᠢᠭᠡ ᠠᠵᠢᠯ ᠤᠨ | ᠪᠠᠶᠢᠷᠢ ᠳᠤ ᠳᠠᠪᠬᠤᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ | ᠰᠢᠭᠤᠷᠬᠠᠢ ᠪᠠᠷ ᠰᠠᠶᠢᠲᠤᠷ ᠬᠢᠬᠦ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠭᠠᠷ ᠮᠠᠨᠳᠠᠯ᠂ ᠤᠰᠤ᠂ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠪᠠᠷ ᠠᠬᠢᠭᠤᠯᠪᠠ᠃ ᠴᠢᠩᠭ᠎ᠠ | ᠴᠣᠬᠢᠯᠲᠠ ᠥᠭᠴᠦ᠂ ᠣᠭᠲᠣ ᠠᠭᠤᠴᠢᠯᠠᠬᠤ ᠦᠭᠡᠢ ᠣᠪᠣᠷ ᠢᠶᠠᠷ ᠠᠮᠢ ᠠᠬᠤᠢ ᠶᠢ ᠡᠪᠳᠡᠭᠰᠡᠨ ᠪᠠ ᠣᠷᠴᠢᠨ | ᠲᠣᠭᠤᠷᠢᠨ ᠢ ᠪᠣᠬᠢᠷᠲᠤᠭᠤᠯᠤᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠪᠡ᠃ 2018 ᠣᠨ ᠳᠤ᠂ ᠪᠦᠬᠦ ᠣᠷᠣᠨ ᠤ ᠠᠭᠠᠷ ᠤᠨ ᠶᠠᠰᠤ ᠴᠢᠨᠠᠷ ᠨᠢ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠨᠢ 83.6% ᠳᠤ ᠬᠦᠷᠴᠦ᠂ PM2.5 ᠶᠢᠨ ᠳᠤᠮᠳᠠᠴᠢ ᠥᠳᠬᠡᠴᠡ ᠨᠢ | ᠠᠳᠠᠯᠢ ᠬᠤᠭᠤᠴᠠᠭᠠᠨ ᠤ ᠬᠢ ᠠᠴᠠ 9.7% ︵ᠡᠯᠡᠰᠦ ᠲᠣᠭᠤᠰᠣ ᠲᠠᠢ ᠴᠠᠭ ᠠᠭᠠᠷ ᠤᠨ ᠨᠥᠯᠥᠭᠡ ᠶᠢ ᠠᠷᠢᠯᠭᠠᠬᠤ︶ | ᠪᠠᠷ ᠪᠠᠭᠤᠷᠠᠪᠠ︔ ᠭᠠᠵᠠᠷ ᠳᠡᠭᠡᠷᠡᠬᠢ ᠤᠰᠤᠨ ᠤ ᠰᠢᠯᠭᠠᠨ ᠬᠢᠨᠠᠬᠤ ᠣᠭᠲᠣᠯᠣᠭᠠᠰᠤ ᠶᠢᠨ ᠰᠢᠯᠢᠳᠡᠭ ᠰᠠᠶᠢᠨ ᠤᠰᠤᠨ | ᠴᠣᠭᠴᠠ ᠶᠢᠨ ᠬᠠᠷᠢᠴᠠᠯ ᠨᠢ 53.8% ᠳᠤ ᠬᠦᠷᠴᠦ᠂ ᠮᠠᠭᠤ v ᠲᠥᠷᠥᠯ ᠤᠨ ᠤᠰᠤᠨ ᠴᠣᠭᠴᠠ ᠶᠢᠨ | ᠣᠭᠲᠣᠯᠣᠭᠠᠰᠤ ᠶᠢᠨ ᠬᠠᠷᠢᠴᠠᠯ ᠨᠢ 3.8% ᠳᠤ ᠬᠦᠷᠪᠡ︔ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠯ᠂ | ᠬᠢᠮᠢ ᠶᠢᠨ ᠬᠦᠴᠢᠯᠲᠥ᠋ᠷᠥᠭᠴᠢ ᠱᠠᠭᠠᠷᠳᠠᠬᠤ ᠬᠡᠮᠵᠢᠶ᠎ᠡ᠂ ᠰᠢᠪᠲᠦᠷᠲᠦ ᠠᠽᠣᠲ ᠤᠨ ᠭᠠᠳᠠᠭᠰᠢᠯᠠᠭᠤᠯᠬᠤ ᠶᠡᠷᠦᠩᠬᠡᠢ | ᠬᠡᠮᠵᠢᠶ᠎ᠡ ᠨᠢ 2015 ᠣᠨ ᠤ ᠬᠢ ᠠᠴᠠ ᠲᠤᠰ ᠲᠤᠰ 15%᠂ 10%᠂ 5.6%᠂ 10.7% ᠪᠠᠷ ᠪᠠᠭᠤᠷᠠᠪᠠ᠃ | ᠬᠥᠯᠥᠨ ᠨᠠᠭᠤᠷ ᠤᠨ ᠲᠠᠯᠠᠪᠠᠢ ᠦᠷᠭᠦᠯᠵᠢᠯᠡᠨ ᠨᠡᠮᠡᠭᠳᠡᠨ᠂ ᠲᠠᠶᠢᠭ᠎ᠠ ᠨᠠᠭᠤᠷ ᠤᠨ ᠤᠰᠤᠨ ᠲᠦᠪᠰᠢᠨ ᠤ | ᠳᠣᠷᠣᠭᠰᠢᠯᠠᠬᠤ ᠬᠠᠨᠳᠤᠰᠢ ᠤᠳᠠᠭᠠᠰᠢᠷᠠᠵᠤ᠂ ᠤᠯᠠᠭᠠᠨᠰᠤᠬᠠᠢ ᠶᠢᠨ ᠰᠠᠪᠠ ᠭᠠᠵᠠᠷ ᠢ ᠵᠠᠰᠠᠨ ᠰᠡᠷᠭᠦᠭᠡᠬᠦ | ᠢᠨᠵᠧᠨᠧᠷᠢᠩ ᠢ ᠤᠯᠤᠰ ᠤᠨ ᠭᠤᠷᠪᠠᠳᠤᠭᠠᠷ ᠪᠦᠯᠦᠭ ᠠᠭᠤᠯᠠ ᠤᠰᠤ ᠣᠢ ᠲᠠᠷᠢᠶ᠎ᠠ ᠠᠭᠤᠷ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠣᠷᠣᠭᠤᠯᠪᠠ᠃ ᠪᠦᠬᠦ | ᠣᠷᠣᠨ ᠤ ᠣᠷᠴᠢᠨ ᠲᠣᠭᠤᠷᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠥᠪᠥᠷ ᠮᠣᠩᠭᠤᠯ ᠤᠨ ᠣᠭᠲᠠᠷᠭᠤᠢ ᠶᠢ | ᠨᠡᠩ ᠴᠡᠯᠮᠡᠭ᠂ ᠠᠭᠤᠯᠠ ᠶᠢ ᠨᠡᠩ ᠬᠥᠬᠡᠮᠳᠦᠭ᠂ ᠤᠰᠤ ᠶᠢ ᠨᠡᠩ ᠲᠤᠩᠭᠠᠯᠠᠭ᠂ ᠠᠭᠠᠷ ᠢ ᠨᠡᠩ ᠴᠡᠪᠡᠷ ᠪᠣᠯᠭᠠᠵᠤ᠂ | ᠥᠷᠭᠡᠨ ᠣᠯᠠᠨ ᠲᠦᠮᠡᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ | ᠴᠢᠩᠭᠠᠷᠠᠭᠤᠯᠵᠠᠢ᠃ | ᠬᠥᠲᠥᠯᠥᠭᠴᠢ᠄ | ᠪᠣᠬᠢᠷᠲᠤᠯ ᠦᠭᠡᠢ ᠪᠠᠷ ᠬᠥᠭᠵᠢᠭᠦᠯᠬᠦ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠶᠢᠯᠠᠰᠢ | ᠦᠭᠡᠢ ᠱᠠᠭᠠᠷᠳᠠᠯᠭ᠎ᠠ ᠪᠠ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠡᠭᠡᠪᠡᠯ ᠲᠠ ᠮᠠᠨ ᠤ ᠣᠷᠣᠨ ᠠᠴᠠ ᠠᠵᠤ | ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠬᠡᠷᠬᠢᠨ ᠠᠬᠢᠭᠤᠯᠤᠭᠰᠠᠨ ᠢ ᠣᠯᠠᠨ ᠳᠤ ᠶᠠᠷᠢᠭᠠᠳ ᠥᠭᠭᠦᠨ᠎ᠡ | ᠦᠦ︖ | ᠸᠠᠩ ᠶᠢᠨ ᠪᠣᠤ᠄ | ᠪᠣᠬᠢᠷᠲᠤᠯ ᠦᠭᠡᠢ ᠪᠠᠷ ᠬᠥᠭᠵᠢᠭᠦᠯᠬᠦ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠤᠨ᠂ ᠡᠬᠢ ᠪᠠᠶᠠᠯᠢᠭ ᠤᠨ ᠣᠷᠴᠢᠨ ᠲᠣᠭᠤᠷᠢᠨ ᠤ ᠬᠦᠯᠢᠶᠡᠰᠦᠯᠡᠯ ᠢ ᠡᠪᠳᠡᠵᠦ᠂ ᠬᠥᠮᠥᠨ ᠬᠢᠭᠡᠳ | ᠪᠠᠶᠢᠭᠠᠯᠢ ᠶᠢ ᠡᠶ᠎ᠡ ᠵᠣᠬᠢᠴᠠᠩᠭᠤᠢ ᠪᠠᠷ ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠠᠬᠢᠭᠤᠯᠬᠤ ᠦᠨᠳᠦᠰᠦᠨ | ᠪᠣᠳᠣᠯᠭ᠎ᠠ ᠪᠣᠯᠣᠨ᠎ᠠ᠃ ᠮᠠᠨ ᠤ ᠣᠷᠣᠨ ᠠᠴᠠ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠯᠡᠭᠦᠳᠡᠭᠰᠡᠨ | ᠪᠠ ᠲᠠᠶᠠᠭᠳᠠᠭᠰᠠᠨ ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠲᠦᠷᠭᠡᠳᠬᠡᠨ ᠨᠠᠮᠳᠠᠭᠠᠵᠤ᠂ ︽13 · 5︾ | ᠠᠴᠠ ᠨᠠᠭᠠᠰᠢ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠨᠡᠶᠢᠲᠡ 2250 ᠲᠦᠮᠡᠨ ᠲᠣᠨ ᠪᠤᠴᠠᠭᠠᠨ | ᠭᠠᠷᠭᠠᠵᠤ᠂ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠪᠤᠷᠢ ᠶᠢ 346 ᠲᠦᠮᠡᠨ ᠲᠣᠨ ᠲᠠᠶᠠᠭᠳᠠᠭᠤᠯᠵᠤ᠂ | ᠤᠯᠤᠰ ᠠᠴᠠ ᠪᠠᠭᠤᠯᠭᠠᠭᠰᠠᠨ ︽13 · 5︾ ᠬᠤᠭᠤᠴᠠᠭᠠᠨ ᠳᠠᠬᠢ ᠨᠡᠭᠦᠷᠡᠰᠦ᠂ ᠪᠣᠯᠣᠳ ᠲᠡᠮᠦᠷ ᠤᠨ | ᠦᠢᠯᠡᠳᠪᠦᠷᠢᠯᠡᠬᠦ ᠴᠢᠳᠠᠮᠵᠢ ᠶᠢ ᠠᠷᠢᠯᠭᠠᠬᠤ ᠡᠭᠦᠷᠭᠡ ᠶᠢ ᠬᠤᠶᠠᠷ ᠵᠢᠯ ᠤᠷᠢᠳᠴᠢᠯᠠᠨ ᠪᠡᠶᠡᠯᠡᠭᠦᠯᠪᠡ︔ ︽ᠰᠢᠭᠠᠷᠤ | ᠪᠣᠯᠣᠳ︾ ᠢ 243 ᠲᠦᠮᠡᠨ ᠲᠣᠨ ᠬᠦᠴᠦᠨ ᠦᠭᠡᠢ ᠪᠣᠯᠭᠠᠵᠤ ᠂ ᠬᠤᠴᠣᠷᠤᠩᠭᠤᠢ ᠢᠯᠴᠢ ᠶᠢᠨ ᠴᠠᠬᠢᠯᠭᠠᠨ ᠤ | ᠮᠠᠰᠢᠨ ᠤ ᠪᠦᠯᠦᠭ ᠢ 15.4 ᠲᠦᠮᠡᠨ ᠺᠢᠯᠣᠸᠠᠲ ᠬᠠᠭᠠᠯᠭᠠᠨ ᠲᠠᠶᠠᠭᠳᠠᠭᠤᠯᠵᠠᠢ᠃ ᠰᠢᠨ᠎ᠡ ᠬᠥᠳᠡᠯᠭᠡᠭᠴᠢ | ᠡᠨᠧᠷᠭᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠴᠢᠨᠠᠷ ᠰᠠᠶᠢᠲᠠᠢ ᠪᠠᠷ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ ︵ | 2018 — 2020 ᠣᠨ︶︾ ᠢ ᠲᠣᠭᠲᠠᠭᠠᠨ ᠨᠡᠶᠢᠲᠡᠯᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠮᠥᠵᠢᠭᠦᠯᠦᠨ ᠪᠣᠶᠢᠵᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠢᠭᠡ ᠪᠦᠯᠦᠭ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠯᠡᠯ ᠤᠨ ᠲᠥᠷᠥᠯ ᠵᠦᠢᠯ ᠢ | ᠳᠡᠮᠵᠢᠨ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠨᠡᠭᠦᠷᠡᠰᠦᠨ ᠤ ᠪᠤᠰᠤ ᠠᠵᠤ ᠦᠢᠯᠡᠰ ᠢ ᠲᠦᠷᠭᠡᠳᠬᠡᠨ | ᠬᠥᠭᠵᠢᠭᠦᠯᠵᠦ᠂ ᠠᠵᠤ ᠦᠢᠯᠡᠳᠪᠦᠷᠢ ᠶᠢᠨ ᠥᠷᠲᠡᠭ ᠢᠶᠠᠨ ᠨᠡᠮᠡᠭᠳᠡᠭᠦᠯᠬᠦ ᠳᠤ ᠦᠢᠯᠡᠳᠬᠡᠯ ᠤᠨ ᠦᠢᠯᠡᠰ ᠤᠨ | ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠪᠣᠷ ᠰᠢᠷᠣᠢ ᠶᠢ | ᠤᠯᠠᠷᠢᠭᠤᠯᠤᠭᠰᠠᠨ ᠨᠣᠷᠮ᠎ᠠ ᠨᠢ 80.6% ᠳᠤ ᠬᠦᠷᠴᠦ᠂ ᠬᠤᠪᠣᠷ ᠰᠢᠷᠣᠢ ᠶᠢᠨ ᠨᠢᠭᠡᠳᠪᠦᠷᠢ ᠶᠢᠨ ᠦᠢᠯᠡᠳᠪᠦᠷᠢᠯᠡᠬᠦ | ᠴᠢᠳᠠᠮᠵᠢ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠤᠨ ᠴᠢᠳᠠᠪᠤᠷᠢ ᠨᠢ ᠪᠦᠬᠦ ᠤᠯᠤᠰ ᠤᠨ ᠲᠡᠷᠢᠭᠦᠨ ᠳᠤ | ᠣᠷᠣᠵᠠᠢ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠢᠳᠡᠪᠬᠢᠲᠡᠢ ᠪᠠᠷ | ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ | ᠨᠡᠭᠦᠷᠡᠰᠦ᠂ ᠮᠧᠲ᠋ᠢᠯ ᠠᠯᠺᠣᠣᠯ᠂ ᠴᠠᠬᠢᠯᠤᠭᠤᠷ ᠴᠢᠯᠠᠭᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠤᠯᠠᠷᠢᠭᠤᠯᠤᠭᠰᠠᠨ ᠨᠣᠷᠮ᠎ᠠ ᠨᠢ ᠲᠤᠰ ᠲᠤᠰ 38.4%᠂ 41%᠂ 60%᠂ 58% ᠳᠤ | ᠬᠦᠷᠴᠦ᠂ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠭᠰᠠᠨ ᠬᠠᠷᠢᠴᠠᠯ ᠨᠢ 90% ᠠᠴᠠ ᠳᠡᠭᠡᠭᠰᠢ ᠳᠤ ᠬᠦᠷᠪᠡ᠃ | ᠪᠦᠬᠦ ᠣᠷᠣᠨ ᠤ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠷᠪᠠᠨ ᠶᠡᠭᠡ ᠠᠵᠤ | ᠦᠢᠯᠡᠰ ᠤᠨ ᠪᠦᠲᠦᠴᠡ ᠨᠢ 2015 ᠣᠨ ᠤ 9᠄ 51᠄ 40 ᠠᠴᠠ ᠤᠯᠠᠷᠢᠨ ᠬᠥᠭᠵᠢᠵᠦ 2018 ᠣᠨ ᠤ 10. | 1᠄ 39.4᠄ 50.5 ᠳᠤ ᠬᠦᠷᠪᠡ᠃ ᠪᠣᠬᠢᠷᠲᠤᠯ ᠦᠭᠡᠢ ᠡᠷᠭᠢᠯᠲᠡᠲᠦ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠶᠡᠭᠡ ᠬᠦᠴᠦᠨ ᠢᠶᠠᠷ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠷᠳᠣᠭᠤᠷ ᠢ | ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠢ ᠬᠢᠵᠠᠭᠠᠷᠯᠠᠨ ᠬᠤᠣᠷ ᠬᠥᠨᠥᠭᠡᠯ ᠢ ᠪᠠᠭᠠᠰᠬᠠᠬᠤ᠂ | ᠤᠰᠤ ᠶᠢ ᠬᠢᠵᠠᠭᠠᠷᠯᠠᠨ ᠬᠤᠷᠣᠭᠳᠠᠯ ᠢ ᠪᠠᠭᠤᠷᠠᠭᠤᠯᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ︽ᠳᠥᠷᠪᠡ ᠶᠢ ᠠᠬᠢᠭᠤᠯᠤᠨ ᠳᠥᠷᠪᠡ ᠶᠢ ᠬᠢᠵᠠᠭᠠᠷᠯᠠᠬᠤ︾ ᠶᠢ ᠬᠡᠷᠡᠭᠵᠢᠭᠦᠯᠵᠦ᠂ | ᠰᠦᠯᠢᠶᠥᠦ ᠪᠦᠷᠬᠦᠪᠴᠢ ᠶᠢ ᠪᠤᠴᠠᠭᠠᠨ ᠬᠤᠷᠢᠶᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠮᠠᠯ | ᠵᠢᠭᠦᠷᠲᠡᠨ ᠤ ᠪᠠᠭᠠᠰᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠪᠠᠷ ᠠᠬᠢᠭᠤᠯᠬᠤ | ᠠᠵᠢᠯᠯᠠᠭ᠎ᠠ ᠶᠢ ᠥᠷᠨᠢᠭᠦᠯᠪᠡ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠠᠷ ᠵᠢᠱᠢᠶ᠎ᠡ ᠦᠵᠡᠭᠦᠯᠵᠦ ᠡᠭᠦᠳᠦᠨ | ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠪᠠᠷ ᠥᠷᠨᠢᠭᠦᠯᠦᠨ᠂ ᠤᠯᠤᠰ ᠤᠨ ᠳᠡᠰ ᠪᠠ ᠥᠪᠡᠷᠲᠡᠭᠡᠨ ᠵᠠᠰᠠᠬᠤ | ᠣᠷᠣᠨ ᠤ ᠳᠡᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢ 50᠂ ᠪᠣᠬᠢᠷᠲᠤᠯ ᠦᠭᠡᠢ ᠬᠦᠷᠢᠶᠡᠯᠡᠩ | ᠲᠣᠭᠤᠷᠢᠭ ᠢ 10᠂ ᠪᠣᠬᠢᠷᠲᠤᠯ ᠦᠭᠡᠢ ᠦᠢᠯᠡᠳᠬᠦᠨ ᠢ 20᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢ | 3 ᠳᠤ ᠬᠦᠷᠭᠡᠵᠡᠢ᠃ | ᠪᠣᠬᠢᠷᠲᠤᠯ ᠦᠭᠡᠢ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠂ ︽13 · 5︾ ᠶᠢᠨ ᠡᠮᠦᠨ᠎ᠡ ᠭᠤᠷᠪᠠᠨ | ᠵᠢᠯ ᠳᠤ ᠨᠡᠶᠢᠲᠡ 3066 ᠲᠦᠮᠡᠨ ᠺᠦᠸᠠᠳ᠋ ᠮᠧᠲᠷ ᠲᠠᠯᠠᠪᠠᠢ ᠲᠠᠢ 2653 ᠵᠦᠢᠯ ᠤᠨ ᠪᠣᠬᠢᠷᠲᠤᠯ ᠦᠭᠡᠢ | ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠵᠠᠰᠠᠯᠲᠠ ᠶᠢ 1187 ᠲᠦᠮᠡᠨ ᠺᠦᠸᠠᠳ᠋ ᠮᠧᠲᠷ ᠬᠡᠷᠡᠭᠵᠢᠭᠦᠯᠪᠡ᠃ ᠣᠯᠠᠨ ᠬᠡᠯᠪᠡᠷᠢ ᠪᠠᠷ | ᠬᠤᠯᠪᠣᠭᠠᠯᠠᠨ ᠲᠡᠭᠡᠭᠡᠪᠦᠷᠢᠯᠡᠬᠦ ᠪᠠ ᠰᠠᠯᠭᠠᠨ ᠵᠠᠯᠭᠠᠵᠤ ᠲᠡᠭᠡᠭᠡᠪᠦᠷᠢᠯᠡᠬᠦ ᠵᠡᠷᠭᠡ ᠲᠡᠭᠡᠭᠡᠪᠦᠷᠢᠯᠡᠨ ᠵᠣᠬᠢᠶᠠᠨ ᠪᠠᠶᠢᠭᠤᠯᠬᠤ | ᠲᠡᠷᠢᠭᠦᠨ ᠤ ᠠᠷᠭ᠎ᠠ ᠬᠡᠯᠪᠡᠷᠢ ᠶᠢ ᠢᠳᠡᠪᠬᠢᠲᠡᠢ ᠪᠠᠷ ᠠᠬᠢᠭᠤᠯᠵᠤ᠂ ᠤᠯᠤᠰ ᠤᠨ ᠣᠯᠠᠨ ᠬᠡᠯᠪᠡᠷᠢ ᠪᠠᠷ ᠬᠤᠯᠪᠣᠭᠠᠯᠠᠨ | ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠶᠢ ᠬᠡᠷᠡᠭᠵᠢᠭᠦᠯᠦᠭᠰᠡᠨ 2 ᠵᠦᠢᠯ ᠤᠨ ᠢᠨᠵᠧᠨᠧᠷᠢᠩ᠂ 3 ᠠᠵᠤ ᠠᠬᠤᠶᠢᠯᠠᠯ ᠢ | ᠤᠯᠤᠰ ᠤᠨ ᠳᠡᠰ ᠤᠨ ᠰᠠᠯᠭᠠᠨ ᠵᠠᠯᠭᠠᠵᠤ ᠲᠡᠭᠡᠭᠡᠪᠦᠷᠢᠯᠡᠬᠦ ᠲᠤᠷᠰᠢᠯᠲᠠ ᠶᠢᠨ ᠴᠡᠭ ᠲᠤ ᠵᠢᠭᠰᠠᠭᠠᠨ ᠣᠷᠣᠭᠤᠯᠵᠤ᠂ | ᠰᠠᠯᠭᠠᠨ ᠵᠠᠯᠭᠠᠵᠤ ᠲᠡᠭᠡᠭᠡᠪᠦᠷᠢᠯᠡᠬᠦ ᠵᠠᠮ ᠱᠤᠭᠤᠮ ᠢ 20 ᠰᠢᠬᠠᠮ ᠵᠤᠷᠪᠤᠰ ᠨᠡᠪᠲᠡᠷᠡᠭᠦᠯᠵᠦ᠂ ᠣᠷᠣᠨ ᠤ ᠳᠣᠲᠣᠷ᠎ᠠ | ᠪᠠ ᠡᠷᠭᠢᠨ ᠲᠣᠭᠤᠷᠢᠨ ᠤ ᠳᠣᠯᠣᠭᠠᠨ ᠮᠤᠵᠢ ᠣᠷᠣᠨ ᠬᠤᠲᠠ ᠳᠤ ᠬᠤᠯᠪᠣᠭᠳᠠᠭᠤᠯᠪᠠ᠃ ᠲᠡᠷᠭᠡ ᠦᠭᠡᠢ | ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠡᠢ᠃ | ᠡᠷᠭᠢᠯᠲᠡᠲᠦ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ︽ᠬᠦᠷᠢᠶᠡᠯᠡᠩ ᠲᠣᠭᠤᠷᠢᠭ ᠤᠨ | ᠡᠷᠭᠢᠯᠳᠦᠭᠦᠯᠦᠨ ᠥᠭᠡᠷᠡᠴᠢᠯᠡᠵᠦ ᠵᠠᠰᠠᠬᠤ ᠠᠵᠢᠯᠯᠠᠭ᠎ᠠ ᠶᠢᠨ ᠵᠦᠭᠯᠡᠭᠦᠷ︾ ᠢ ᠲᠣᠭᠲᠠᠭᠠᠵᠤ᠂ ᠬᠦᠷᠢᠶᠡᠯᠡᠩ | ᠲᠣᠭᠤᠷᠢᠭ ᠤᠨ ᠡᠷᠭᠢᠯᠳᠦᠭᠦᠯᠦᠭᠰᠡᠨ ᠥᠭᠡᠷᠡᠴᠢᠯᠡᠯᠲᠡ ᠵᠠᠰᠠᠯᠲᠠ᠂ ︽ᠬᠤᠲᠠ ᠶᠢᠨ ᠠᠭᠤᠷᠬᠠᠢ ᠶᠢᠨ ᠭᠠᠷᠤᠯᠲᠠ︾ | ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠪᠠ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠲᠤᠷᠰᠢᠯᠲᠠ ᠶᠢᠨ ᠴᠡᠭ ᠨᠢ ᠢᠳᠡᠪᠬᠢᠲᠡᠢ ᠠᠬᠢᠯᠲᠠ ᠲᠠᠢ ᠪᠣᠯᠪᠠ᠃ ᠪᠡᠭᠡᠵᠢᠩ ᠥᠪᠥᠷ ᠮᠣᠩᠭᠤᠯ᠂ | ᠪᠤᠭᠤᠲᠤ — ᠱᠧᠨᠵᠧᠨ ᠤ ᠣᠷᠣᠨ ᠪᠦᠰᠡ ᠠᠯᠤᠰᠯᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠰᠣᠯᠢᠯᠴᠠᠭᠠᠨ ᠤ ᠲᠤᠷᠰᠢᠯᠲᠠ ᠶᠢᠨ ᠴᠡᠭ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠤᠨ | ᠨᠡᠭᠦᠷᠡᠰᠦᠲᠥ᠋ᠷᠥᠭᠴᠢ ᠶᠢᠨ ᠰᠣᠯᠢᠯᠴᠠᠭᠠᠨ ᠤ ᠪᠠᠶᠢᠭᠤᠯᠤᠯᠲᠠ ᠶᠢᠨ ᠰᠠᠭᠤᠷᠢ ᠠᠵᠢᠯ ᠢ ᠢᠳᠡᠪᠬᠢᠲᠡᠢ ᠠᠬᠢᠭᠤᠯᠵᠤ᠂ | ᠬᠥᠯᠥᠨ ᠪᠣᠶᠢᠷ ᠬᠤᠲᠠ ᠪᠠ ᠦᠬᠠᠢ ᠬᠤᠲᠠ ᠵᠡᠷᠭᠡ ᠳᠣᠣᠷ᠎ᠠ ᠨᠡᠭᠦᠷᠡᠰᠦᠲᠥ᠋ᠷᠥᠭᠴᠢ ᠶᠢᠨ ᠬᠤᠲᠠ᠂ ᠠᠭᠤᠷ | ᠠᠮᠢᠰᠬᠤᠯ ᠲᠠᠢ ᠵᠣᠬᠢᠴᠠᠯᠳᠤᠬᠤ ᠬᠡᠯᠪᠡᠷᠢ ᠶᠢᠨ ᠬᠤᠲᠠ ᠪᠣᠯᠬᠤ ᠬᠥᠬᠡᠬᠤᠲᠠ᠂ ᠤᠯᠤᠰ ᠤᠨ ᠳᠣᠣᠷ᠎ᠠ | ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠬᠤ ᠤᠯᠠᠭᠠᠨᠬᠠᠳᠠ ᠶᠢᠨ ᠬᠤᠩ ᠱᠠᠨ | ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ᠂ ᠣᠲᠤᠭ ᠤᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ | ᠪᠠ ᠦᠬᠠᠢ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ ᠵᠡᠷᠭᠡ ᠳᠣᠣᠷ᠎ᠠ ᠨᠡᠭᠦᠷᠡᠰᠦᠲᠥ᠋ᠷᠥᠭᠴᠢᠲᠦ ᠵᠢᠱᠢᠶ᠎ᠡ | ᠦᠵᠡᠭᠦᠯᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠠᠢ᠃ | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠢ ᠵᠣᠷᠢᠭᠲᠠᠢ ᠪᠠᠷ ᠤᠷᠢᠳ ᠢᠶᠠᠷ ᠬᠡᠷᠡᠭᠵᠢᠭᠦᠯᠦᠨ | ᠤᠷᠢᠳ ᠢᠶᠠᠷ ᠲᠤᠷᠰᠢᠵᠤ᠂ ᠦᠷᠭᠦᠯᠵᠢᠯᠡᠬᠦᠶᠢᠴᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠳᠦᠷᠢᠮ ᠢ ᠢᠳᠡᠪᠬᠢᠲᠡᠢ ᠪᠠᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠭᠡᠪᠡᠯ ᠮᠠᠨ ᠤ ᠣᠷᠣᠨ ᠠᠴᠠ ᠠᠮᠢ | ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ | ᠪᠣᠢ︖ | ᠸᠠᠩ ᠶᠢᠨ ᠪᠣᠤ᠄ | ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠠᠮᠢ ᠠᠬᠤᠢ ᠶᠢᠨ | ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠬᠦ ᠪᠠᠷ ᠢᠳᠡᠪᠬᠢᠲᠡᠢ ᠰᠦᠪᠡᠭᠴᠢᠯᠡᠪᠡ᠃ 2014 | ᠣᠨ ᠳᠤ᠂ ᠮᠠᠨ ᠤ ᠣᠷᠣᠨ ︽ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠰᠠᠨᠠᠯ︾ ᠢ ᠤᠯᠤᠰ ᠠᠴᠠ ᠤᠷᠢᠳ ᠢᠶᠠᠷ ᠨᠡᠶᠢᠲᠡᠯᠡᠵᠦ᠂ 93 ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠠᠴᠠ | ᠮᠠᠨ ᠤ ᠣᠷᠣᠨ ᠳᠤ ᠬᠦᠰᠡᠯ ᠨᠠᠶᠢᠳᠠᠯᠭ᠎ᠠ ᠲᠠᠯᠪᠢᠭᠰᠠᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ | ᠭᠤᠷᠪᠠᠨ ᠵᠦᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ | ᠭᠠᠪᠰᠢᠭᠠᠶᠢᠯᠠᠨ᠂ ︽ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠪᠣᠳᠠᠰ ᠤᠨ ᠬᠡᠮᠵᠢᠶᠡᠨ ᠤ | ᠬᠤᠪᠢᠷᠠᠯᠲᠠ ᠶᠢᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠥᠯ︾ ᠢ ᠨᠡᠶᠢᠲᠡᠯᠡᠵᠦ᠂ ᠪᠦᠬᠦ | ᠣᠷᠣᠨ ᠤ ᠭᠠᠵᠠᠷ ᠰᠢᠷᠣᠢ᠂ ᠣᠢ ᠮᠣᠳᠣ᠂ ᠨᠤᠲᠤᠭ ᠪᠡᠯᠴᠢᠭᠡᠷ᠂ ᠤᠰᠤ ᠪᠠ ᠠᠭᠤᠷᠬᠠᠢ ᠶᠢᠨ ᠭᠠᠷᠤᠯᠲᠠ ᠵᠡᠷᠭᠡ ᠡᠬᠢ | ᠪᠠᠶᠠᠯᠢᠭ ᠤᠨ ᠪᠣᠳᠠᠲᠤ ᠪᠣᠳᠠᠰ ᠤᠨ ᠬᠡᠮᠵᠢᠶᠡᠨ ᠤ ᠬᠤᠪᠢᠷᠠᠯᠲᠠ ᠶᠢᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠢ | ᠪᠡᠶᠡᠯᠡᠭᠦᠯᠵᠦ᠂ ᠮᠠᠨ ᠤ ᠣᠷᠣᠨ ᠤ ᠭᠤᠣᠯ ᠪᠣᠯᠬᠤ ᠡᠬᠢ ᠪᠠᠶᠠᠯᠢᠭ ᠤᠨ ᠬᠠᠳᠠᠭᠠᠯᠠᠭᠳᠠᠴᠠ᠂ ᠶᠠᠰᠤ ᠴᠢᠨᠠᠷ ᠵᠢᠴᠢ | ᠨᠡᠮᠡᠭᠳᠡᠵᠦ ᠬᠠᠰᠤᠭᠳᠠᠭᠰᠠᠨ ᠬᠤᠪᠢᠷᠠᠯᠲᠠ ᠶᠢᠨ ᠪᠠᠶᠢᠳᠠᠯ ᠢ ᠦᠨᠳᠦᠰᠦᠨ ᠳᠤ ᠪᠠᠨ ᠲᠤᠰᠬᠠᠪᠠ︔ ︽ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ | ᠬᠢᠨᠠᠯᠲᠠ ᠪᠣᠳᠣᠯᠲᠠ ᠶᠢ ᠠᠵᠢᠯᠯᠠᠭᠤᠯᠬᠤ ᠵᠦᠭᠯᠡᠭᠦᠷ︾ ᠢ ᠲᠣᠭᠲᠠᠭᠠᠵᠤ᠂ ᠭᠠᠵᠠᠷ ᠰᠢᠷᠣᠢ᠂ ᠨᠤᠲᠤᠭ ᠪᠡᠯᠴᠢᠭᠡᠷ᠂ | ᠣᠢ ᠰᠢᠭᠤᠢ᠂ ᠤᠰᠤ᠂ ᠠᠭᠤᠷᠬᠠᠢ ᠶᠢᠨ ᠭᠠᠷᠤᠯᠲᠠ᠂ ᠤᠰᠤᠨ ᠤ ᠣᠷᠴᠢᠨ ᠲᠣᠭᠤᠷᠢᠨ᠂ ᠬᠥᠷᠥᠰᠥ ᠰᠢᠷᠣᠢ ᠶᠢᠨ | ᠣᠷᠴᠢᠨ ᠲᠣᠭᠤᠷᠢᠨ᠂ ᠠᠭᠠᠷ ᠮᠠᠨᠳᠠᠯ ᠤᠨ ᠣᠷᠴᠢᠨ ᠲᠣᠭᠤᠷᠢᠨ ᠵᠡᠷᠭᠡ ᠲᠠᠯ᠎ᠠ ᠶᠢᠨ ᠳᠡᠯᠭᠡᠷᠡᠭᠦᠯᠵᠦ ᠪᠣᠯᠬᠤᠶᠢᠴᠠ᠂ | ᠵᠢᠷᠤᠮᠯᠠᠨ ᠳᠠᠭᠠᠵᠤ ᠪᠣᠯᠬᠤᠶᠢᠴᠠ ᠠᠵᠢᠯ ᠤᠨ ᠰᠡᠳᠬᠢᠮᠵᠢ ᠵᠢᠴᠢ ᠬᠢᠳᠡᠯ ᠢ ᠠᠩᠬ᠎ᠠ ᠠᠯᠬᠤᠮ ᠪᠦᠷᠢᠯᠳᠦᠭᠦᠯᠪᠡ︔ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠮᠢ | ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠬᠠᠷᠢᠭᠤᠴᠠᠯᠭ᠎ᠠ ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠳᠦᠷᠢᠮ ︵ | ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠡᠢ᠃ | ᠡᠭᠦᠨ ᠤ ᠬᠠᠮᠲᠤ᠂ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠠᠮᠢ ᠠᠬᠤᠢ ᠶᠢᠨ | ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ᠂ ᠤᠯᠤᠰ ᠤᠨ ᠥᠮᠴᠢᠯᠡᠯᠲᠦ ᠣᠢ ᠰᠢᠭᠤᠢ ᠶᠢᠨ ᠣᠷᠣᠨ | ᠲᠠᠯᠠᠪᠠᠢ ᠳᠤ ᠥᠭᠡᠷᠡᠴᠢᠯᠡᠯᠲᠡ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠳᠦᠷᠢᠮ ᠤᠨ | ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠪᠠ᠃ ︽ᠥᠪᠡᠷᠲᠡᠭᠡᠨ ᠵᠠᠰᠠᠬᠤ ᠣᠷᠣᠨ ᠤ ᠭᠤᠣᠯ | ᠴᠣᠭᠴᠠᠲᠤ ᠴᠢᠳᠠᠮᠵᠢ ᠶᠢᠨ ᠣᠷᠣᠨ ᠢ ᠲᠥᠯᠥᠪᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ︽ | ᠣᠯᠠᠨ ᠲᠣᠭᠲᠠᠭᠠᠯ ᠢ ᠨᠢᠭᠡ ᠪᠣᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠪᠡ᠃ 43 | ᠬᠤᠰᠢᠭᠤ ᠰᠢᠶᠠᠨ ︵ᠬᠤᠲᠠ ᠲᠣᠭᠤᠷᠢᠭ︶ ᠪᠠ 9 ᠰᠢᠶᠠᠩ ᠪᠠᠯᠭᠠᠰᠤ ︵ᠰᠤᠮᠤ︶᠂ ᠨᠤᠲᠤᠭ ᠳᠡᠪᠢᠰᠬᠡᠷ ᠤᠨ | ᠲᠠᠯᠠᠪᠠᠢ ᠶᠢᠨ 77% ᠶᠢ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠢᠶᠠᠷ ᠬᠤᠪᠢᠶᠠᠷᠢᠯᠠᠨ | ᠰᠠᠯᠭᠠᠪᠠ᠃ ︽ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ | ᠵᠥᠪᠰᠢᠶᠡᠷᠡᠨ ᠣᠷᠣᠭᠤᠯᠬᠤ ᠬᠤᠷᠢᠭ᠎ᠠ ᠱᠤᠭᠤᠮ ᠤᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠪᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠬᠤᠪᠢᠶᠠᠷᠢᠯᠠᠨ ᠲᠣᠭᠲᠠᠭᠠᠬᠤ ᠲᠥᠰᠥᠯ ︵ᠬᠢᠨᠠᠭᠤᠯᠬᠤ ᠨᠣᠣᠷᠠᠭ︶︾ ᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ | 60.79 ᠲᠦᠮᠡᠨ ᠺᠦᠸᠠᠳ᠋ ᠺᠢᠯᠣᠮᠧᠲᠷ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ | ᠲᠣᠭᠲᠠᠭᠠᠵᠤ᠂ ᠡᠨᠡ ᠨᠢ ᠪᠦᠬᠦ ᠣᠷᠣᠨ ᠤ ᠨᠤᠲᠤᠭ ᠳᠡᠪᠢᠰᠬᠡᠷ ᠤᠨ ᠲᠠᠯᠠᠪᠠᠢ ᠶᠢᠨ 51.39% ᠶᠢ ᠡᠵᠡᠯᠡᠪᠡ᠃ | ᠤᠯᠤᠰ ᠤᠨ ᠥᠮᠴᠢᠯᠡᠯᠲᠦ ᠣᠶᠢᠲᠤ ᠣᠷᠣᠨ ᠤ ᠥᠭᠡᠷᠡᠴᠢᠯᠡᠯᠲᠡ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ | ᠣᠷᠣᠵᠤ᠂ ᠪᠠᠶᠢᠭᠠᠯᠢ ᠶᠢᠨ ᠣᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠵᠤ᠂ | ᠣᠢ ᠰᠢᠭᠤᠢ ᠶᠢᠨ ᠦᠢᠯᠡᠳᠪᠦᠷᠢ ᠶᠢᠨ ᠠᠵᠤ ᠠᠬᠤᠶᠢᠯᠠᠯ ᠠᠴᠠ ᠨᠡᠶᠢᠭᠡᠮ ᠤᠨ ᠠᠵᠢᠯ ᠢ ᠡᠷᠬᠢᠯᠡᠬᠦ ᠶᠢ ᠪᠦᠬᠦ | ᠲᠠᠯ᠎ᠠ ᠪᠠᠷ ᠰᠠᠯᠭᠠᠪᠠ︔ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢᠨ | ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ︽ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢᠨ ᠦᠨᠡᠯᠡᠯᠲᠡ ᠬᠢᠵᠦ ᠰᠢᠯᠭᠠᠨ ᠬᠢᠨᠠᠬᠤ ᠠᠷᠭ᠎ᠠ︾᠂ ︽ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢᠨ ᠰᠢᠯᠭᠠᠨ ᠬᠢᠨᠠᠬᠤ ᠰᠢᠰᠲ᠋ᠧᠮᠵᠢ︾ ︽ᠪᠣᠬᠢᠷᠲᠤᠯ | ᠦᠭᠡᠢ ᠪᠠᠷ ᠬᠥᠭᠵᠢᠭᠦᠯᠬᠦ ᠭᠦᠢᠴᠡᠳᠬᠡᠯ ᠲᠣᠭᠠᠨ ᠤ ᠰᠢᠰᠲ᠋ᠧᠮᠵᠢ︾᠂ ︽ᠭᠤᠣᠯ ᠮᠥᠷᠡᠨ ᠤ ᠠᠵᠢᠯ ᠢ ᠬᠠᠷᠢᠭᠤᠴᠠᠬᠤ | ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠲᠥᠰᠥᠯ︾᠂ ︽ᠨᠠᠭᠤᠷ ᠴᠥᠭᠦᠷᠥᠮ ᠤᠨ | ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠠᠵᠢᠯ ᠤᠨ ᠲᠥᠰᠥᠯ︾᠂ ︽ᠠᠮᠢ ᠠᠬᠤᠢ ᠶᠢᠨ | ᠣᠷᠴᠢᠨ ᠲᠣᠭᠤᠷᠢᠨ ᠢ ᠡᠪᠳᠡᠪᠡᠯ ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ | ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠰᠢᠰᠲ᠋ᠧᠮ ᠨᠢ | ᠪᠦᠷᠢᠨ ᠲᠥᠬᠦᠷ ᠪᠠ ᠬᠠᠷᠢᠴᠠᠩᠭᠤᠢ ᠲᠡᠭᠦᠯᠳᠡᠷᠵᠢᠭᠰᠡᠨ ᠠᠮᠢ ᠠᠬᠤᠢ ᠶᠢᠨ ᠪᠣᠯᠪᠠᠰᠤᠨ ᠤ ᠳᠦᠷᠢᠮ ᠤᠨ | ᠰᠢᠰᠲ᠋ᠧᠮᠵᠢ ᠶᠢ ᠶᠠᠭ ᠰᠠᠶᠢᠬᠠᠨ ᠠᠯᠬᠤᠮ ᠠᠯᠬᠤᠮ ᠢᠶᠠᠷ ᠪᠠᠶᠢᠭᠤᠯᠵᠤ ᠪᠠᠶᠢᠨ᠎ᠠ᠃ | ᠬᠥᠲᠥᠯᠥᠭᠴᠢ᠄ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ | ᠴᠣᠭᠴᠠᠯᠠᠨ ᠪᠠᠶᠢᠭᠤᠯᠬᠤ ᠳᠤ᠂ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠶᠢ ᠱᠠᠭᠠᠷᠳᠠᠵᠤ ᠪᠠᠶᠢᠨ᠎ᠠ᠃ ᠲᠡᠭᠡᠪᠡᠯ | ᠮᠠᠨ ᠤ ᠣᠷᠣᠨ ᠠᠴᠠ ᠪᠦᠬᠦ ᠠᠷᠠᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ | ᠠᠮᠢ ᠠᠬᠤᠢ ᠶᠢᠨ ᠪᠣᠯᠪᠠᠰᠤᠨ ᠢ ᠡᠷᠬᠢᠮᠯᠡᠨ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠨᠡᠶᠢᠭᠡᠮ ᠤᠨ ᠰᠠᠶᠢᠨ | ᠰᠠᠶᠢᠬᠠᠨ ᠠᠭᠤᠷ ᠠᠮᠢᠰᠬᠤᠯ ᠢ ᠠᠬᠢᠭᠤᠯᠤᠨ ᠪᠦᠷᠢᠳᠦᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠣᠢ︖ | ᠸᠠᠩ ᠶᠢᠨ ᠪᠣᠤ᠄ | ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠥᠵᠢᠯ ᠢ | ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠰᠠᠶᠢᠨ ᠰᠠᠶᠢᠬᠠᠨ ᠬᠡᠪ | ᠰᠤᠷᠲᠠᠯ ᠢ ᠪᠣᠢ ᠪᠣᠯᠭᠠᠬᠤ ᠬᠡᠷᠡᠭᠲᠡᠢ︾ ᠭᠡᠬᠦ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠪᠣᠬᠢᠷᠲᠤᠯ ᠦᠭᠡᠢ | ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠴᠢᠩᠭ᠎ᠠ ᠨᠢᠭᠲᠠᠷᠠᠨ᠂ ︽ᠳᠡᠯᠡᠬᠡᠢ ᠶᠢᠨ ᠣᠷᠴᠢᠨ | ᠲᠣᠭᠤᠷᠢᠨ ᠤ ᠡᠳᠦᠷ︾᠂ ︽ᠳᠡᠯᠡᠬᠡᠢ ᠶᠢᠨ ᠤᠰᠤᠨ ᠤ ᠡᠳᠦᠷ︾᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ | ᠵᠡᠷᠭᠡ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠯ ᠪᠦᠷᠢ ᠶᠢᠨ 7 ᠳ᠋ᠤᠭᠠᠷ | ᠰᠠᠷ᠎ᠠ ᠶᠢᠨ ᠨᠢᠭᠡᠳᠦᠭᠡᠷ ᠭᠠᠷᠠᠭ ᠢ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ | ᠠᠵᠢᠯᠯᠠᠭ᠎ᠠ ᠶᠢᠨ ᠭᠠᠷᠠᠭ︾ ᠢᠶᠠᠷ ᠲᠣᠭᠲᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ | ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠤᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ᠂ ᠭᠤᠣᠯ | ᠪᠣᠯᠬᠤ ᠦᠷ᠎ᠡ ᠪᠦᠲᠦᠮᠵᠢ᠂ ᠲᠡᠷᠢᠭᠦᠨ ᠤ ᠥᠯᠢᠭᠡᠷ ᠳᠠᠭᠤᠷᠢᠶᠠᠯ ᠢ ᠶᠡᠭᠡ ᠬᠦᠴᠦᠨ ᠢᠶᠠᠷ ᠤᠬᠠᠭᠤᠯᠵᠤ᠂ ᠡᠬᠢ | ᠪᠠᠶᠠᠯᠢᠭ ᠤᠨ ᠣᠷᠴᠢᠨ ᠲᠣᠭᠤᠷᠢᠨ ᠪᠠ ᠤᠯᠤᠰ ᠤᠨ ᠪᠠᠶᠢᠳᠠᠯ᠂ ᠬᠠᠤᠯᠢ ᠴᠠᠭᠠᠵᠠ ᠬᠠᠤᠯᠢ ᠳᠦᠷᠢᠮ᠂ ᠰᠢᠨᠵᠢᠯᠡᠬᠦ | ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠬᠡᠯᠪᠡᠷᠢ ᠶᠢ ᠰᠠᠨᠠᠭᠠᠴᠢᠯᠠᠵᠤ᠂ ᠡᠷᠬᠡᠲᠦ ᠠᠷᠠᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ | ᠬᠥᠲᠥᠯᠥᠨ ᠵᠢᠯᠣᠭᠤᠳᠬᠤ ᠪᠠ ᠬᠥᠮᠥᠵᠢᠭᠦᠯᠪᠡ᠃ ᠡᠭᠦᠨ ᠤ ᠬᠠᠮᠲᠤ ᠤᠬᠠᠭᠤᠯᠭ᠎ᠠ ᠬᠥᠮᠥᠵᠢᠯ ᠢ ᠪᠠᠶᠢᠭᠤᠯᠭ᠎ᠠ ᠳᠤ | ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ | ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠵᠢᠷᠭᠤᠭ᠎ᠠ ᠳᠤ | ᠣᠷᠣᠭᠤᠯᠬᠤ︾ ᠠᠵᠢᠯᠯᠠᠭ᠎ᠠ ᠶᠢ ᠥᠷᠨᠢᠭᠦᠯᠪᠡ᠃ 2016 ᠣᠨ ᠠᠴᠠ 2018 ᠣᠨ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠠᠴᠠ ᠭᠤᠷᠪᠠᠨ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠢ ᠠᠮᠵᠢᠯᠲᠠ ᠲᠠᠢ ᠡᠷᠬᠢᠯᠡᠵᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠠᠭᠤᠷ ᠠᠮᠢᠰᠬᠤᠯ ᠢ ᠡᠳᠦᠷ ᠢᠷᠡᠬᠦᠶ᠎ᠡ ᠭᠦᠨ | ᠵᠤᠵᠠᠭᠠᠨ ᠪᠣᠯᠭᠠᠪᠠ᠃ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ᠂ ᠮᠠᠨ ᠤ | ᠣᠷᠣᠨ ᠠᠴᠠ ᠳᠥᠷᠪᠡᠳᠦᠭᠡᠷ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠢ ᠡᠷᠬᠢᠯᠡᠪᠡ᠃ ᠤᠬᠠᠭᠤᠯᠭ᠎ᠠ ᠬᠢᠬᠦ ᠪᠠᠷ ᠳᠠᠮᠵᠢᠭᠤᠯᠤᠨ᠂ ︽ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠢ ᠬᠥᠮᠥᠰ ᠤᠨ | ᠰᠡᠳᠬᠢᠯ ᠳᠤ ᠨᠡᠩ ᠭᠦᠨᠵᠡᠭᠡᠢ ᠬᠠᠳᠠᠩᠰᠢᠭᠤᠯᠵᠤ᠂ ᠮᠠᠨ ᠤ ᠣᠷᠣᠨ ᠤ ᠥᠷᠭᠡᠨ ᠣᠯᠠᠨ ᠲᠦᠮᠡᠨ ᠤ ᠠᠮᠢ ᠠᠬᠤᠢ ᠶᠢᠨ | ᠪᠣᠯᠪᠠᠰᠤᠨ ᠢ ᠪᠠᠶᠢᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠨᠢ ᠶᠠᠭ | ᠰᠠᠶᠢᠬᠠᠨ ᠵᠠᠩᠭᠢᠯᠠᠭ᠎ᠠ ᠶᠢᠨ ᠬᠤᠭᠤᠴᠠᠭ᠎ᠠ᠂ ᠰᠢᠪᠲᠤᠯᠤᠯᠲᠠ ᠶᠢᠨ ᠬᠤᠭᠤᠴᠠᠭ᠎ᠠ᠂ ᠴᠣᠩᠬᠤᠪᠴᠢ ᠪᠣᠯᠭᠠᠬᠤ | ᠬᠤᠭᠤᠴᠠᠭᠠᠨ ᠳᠤ ᠣᠷᠣᠰᠢᠵᠤ᠂ ︽ᠤᠷᠤᠭᠰᠢᠯᠠᠪᠠᠯ ᠳᠠᠷᠤᠢ ᠪᠦᠬᠦ ᠲᠠᠯ᠎ᠠ ᠪᠠᠷ ᠢᠯᠠᠯᠲᠠ ᠣᠯᠵᠤ᠂ ᠤᠷᠤᠭᠰᠢᠯᠠᠬᠤ | ᠦᠭᠡᠢ ᠪᠣᠯ ᠳᠠᠷᠤᠢ ᠤᠬᠤᠷᠢᠬᠤ︾ ᠲᠡᠦᠬᠡ ᠶᠢᠨ ᠵᠠᠩᠭᠢᠯᠠᠭ᠎ᠠ ᠶᠢᠨ ᠴᠠᠭ ᠮᠥᠴᠡ ᠳᠤ ᠤᠷᠤᠭᠰᠢᠯᠠᠨ ᠬᠦᠷᠴᠦ᠂ | ᠡᠭᠦᠷᠭᠡ ᠨᠢ ᠨᠡᠩ ᠬᠠᠲᠠᠭᠤ ᠪᠡᠷᠬᠡᠲᠡᠢ ᠪᠥᠭᠡᠳ ᠬᠦᠨᠳᠦ ᠨᠦᠰᠡᠷ ᠪᠠᠶᠢᠨ᠎ᠠ᠃ ᠲᠡᠭᠡᠪᠡᠯ ᠬᠤᠶᠢᠰᠢᠳᠠ ᠶᠢᠨ ᠨᠢᠭᠡ | ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠠᠵᠢᠯ ᠤᠨ ᠰᠡᠳᠬᠢᠮᠵᠢ ᠪᠠ ᠲᠡᠮᠡᠴᠡᠯ ᠤᠨ ᠬᠠᠷᠠᠯᠲᠠ ᠨᠢ ᠶᠠᠭᠤ | ᠪᠣᠢ︖ | ᠸᠠᠩ ᠶᠢᠨ ᠪᠣᠤ᠄ | ᠳᠠᠷᠠᠭᠠᠴᠢ ᠶᠢᠨ ᠠᠯᠬᠤᠮ ᠤᠨ ᠠᠵᠢᠯ ᠳᠤ ᠪᠠᠨ᠂ ᠮᠠᠨ ᠤ ᠣᠷᠣᠨ ᠠᠴᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠰᠤᠷᠤᠯᠴᠠᠨ ᠲᠤᠭᠤᠰᠢᠯᠠᠭᠤᠯᠵᠤ᠂ ︽ᠨᠣᠮᠢᠨ | ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠯᠠᠪᠳᠠᠭᠤᠨ | ᠪᠠᠲᠤᠲᠠᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠨᠢᠭᠡᠳᠦᠯᠲᠡᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠠᠮᠢ ᠠᠬᠤᠢ ᠶᠢᠨ | ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠰᠠᠨᠠᠯ︾ ᠪᠠ ︽ | ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠬᠤ ᠲᠤᠬᠠᠢ ᠲᠣᠭᠲᠠᠭᠠᠯ︾ ᠢ ᠠᠬᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ | ᠪᠠᠲᠤᠯᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ | ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ | ᠠᠰᠠᠭᠤᠳᠠᠯ ᠳᠤ ᠠᠩᠬᠠᠷᠤᠭᠤᠯᠤᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ᠂ | ᠳᠦᠷᠢᠮ ᠳᠤ ᠰᠢᠨ᠎ᠡ ᠶᠢ ᠡᠭᠦᠳᠦᠨ᠂ ᠬᠠᠤᠯᠢ ᠶᠣᠰᠣᠭᠠᠷ ᠵᠠᠰᠠᠯᠲᠠ ᠬᠢᠬᠦ ᠶᠢ ᠪᠠᠷᠢᠮᠲᠠᠯᠠᠵᠤ᠂ ᠲᠥᠪᠯᠡᠷᠡᠭᠦᠯᠦᠨ | ᠰᠢᠪᠲᠤᠯᠤᠯᠲᠠ ᠬᠢᠵᠦ᠂ ᠤᠷᠲᠤ ᠬᠤᠭᠤᠴᠠᠭ᠎ᠠ ᠪᠠᠷ ᠵᠢᠳᠬᠦᠯ ᠦᠵᠡᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠪᠦᠬᠦᠢ | ᠬᠠᠮᠠᠭᠠᠯᠠᠯᠲᠠ ᠶᠢ ᠵᠣᠬᠢᠴᠠᠩᠭᠤᠢ ᠪᠠᠷ ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ | ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ | ᠢᠳᠡᠪᠬᠢᠲᠡᠢ ᠪᠠᠷ ᠥᠷᠨᠢᠭᠦᠯᠵᠦ᠂ 2025 ᠣᠨ ᠪᠣᠯᠬᠤ ᠳᠤ ᠪᠦᠬᠦ ᠣᠷᠣᠨ ᠤ ᠠᠮᠢ ᠠᠬᠤᠢ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ 2035 ᠣᠨ ᠪᠣᠯᠬᠤ ᠳᠤ ᠦᠨᠳᠦᠰᠦᠨ ᠳᠤ ᠪᠠᠨ | ᠰᠠᠶᠢᠵᠢᠷᠠᠭᠤᠯᠬᠤ ᠶᠢ ᠪᠠᠲᠤᠯᠠᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ | ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠬᠦ ᠬᠦᠴᠦᠨ ᠢᠶᠠᠷ ᠪᠦᠲᠦᠭᠡᠨ ᠪᠠᠶᠢᠭᠤᠯᠵᠤ᠂ ᠡᠬᠡ | ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ | ᠴᠣᠭᠴᠠᠯᠠᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠪᠦᠬᠦ | ᠬᠦᠴᠦᠨ ᠢᠶᠠᠷ ᠰᠠᠶᠢᠲᠤᠷ ᠰᠠᠬᠢᠨ ᠬᠠᠮᠠᠭᠠᠯᠠᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠸᠠᠩ ᠡᠷᠬᠢᠯᠡᠭᠴᠢ ᠶᠢᠨ ᠲᠠᠶᠢᠯᠤᠮᠵᠢ ᠳᠤ ᠲᠤᠩ ᠪᠠᠶᠠᠷᠯᠠᠯ᠎ᠠ᠂ ᠮᠥᠨ ᠴᠤ ᠰᠦᠯᠵᠢᠶᠡᠨ ᠤ | ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | | | |