ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠭᠠᠭᠰᠠᠨ ᠢᠶᠠᠷ᠂ 1 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ | ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠬᠤᠲᠠ | ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠳ 12.87 ᠲᠦᠮᠨ ᠳᠤ ᠬᠦᠷᠴᠦ᠂ ᠵᠢᠯ ᠤᠨ ᠲᠥᠯᠥᠪᠯᠡᠭᠡ ᠶᠢᠨ 58. | 5% ᠶᠢ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.59% | ᠪᠠᠶᠢᠵᠤ᠂ ᠵᠢᠯ ᠤᠨ ᠡᠬᠢᠨ ᠳᠤ ᠲᠣᠭᠲᠠᠭᠠᠭᠰᠠᠨ 4.5% ᠶᠢᠨ ᠬᠢᠵᠠᠭᠠᠷᠯᠠᠬᠤ ᠬᠠᠷᠠᠯᠲᠠ ᠠᠴᠠ ᠳᠣᠤᠷ᠎ᠠ ᠪᠣᠯᠪᠠ᠃ | ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠦ ᠶᠢᠨ | ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠠᠵᠢᠯ ᠣᠯᠭᠤᠯᠲᠠ ᠶᠢ ᠠᠬᠢᠭᠤᠯᠬᠤ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠠᠬᠢᠭᠤᠯᠪᠠ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠶᠡᠬᠡᠪᠡᠷ ᠠᠬᠢᠭᠤᠯᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠵᠦ ᠦᠢᠯᠡᠰ ᠴᠣᠭᠴᠠᠯᠠᠬᠤ ᠨᠥᠬᠦᠪᠥᠷᠢ ᠶᠢᠨ | ᠪᠠᠷᠢᠮᠵᠢᠶ᠎ᠠ ᠶᠢ 1000 ᠲᠥᠭᠦᠷᠢᠭ ᠪᠠᠶᠢᠭᠰᠠᠨ ᠠᠴᠠ ᠨᠢ 1500 ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠦᠬᠦ | ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠭᠰᠠᠨ ᠪᠤᠶᠤ ᠠᠵᠢᠯ ᠣᠯᠭᠤᠬᠤ | ᠬᠠᠨᠳᠤᠰᠢ ᠶᠢ 8.29 ᠲᠦᠮᠡᠨ ᠬᠥᠮᠦᠨ ᠳᠤ ᠨᠠᠶᠢᠳᠠᠪᠤᠷᠢᠵᠢᠭᠤᠯᠤᠨ᠂ ᠣᠨ ᠤ ᠲᠥᠯᠥᠪᠯᠡᠭᠡ ᠶᠢᠨ 63.8% ᠶᠢ | ᠪᠡᠶᠡᠯᠡᠭᠦᠯᠪᠡ᠃ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠦᠢᠯᠡᠴᠢᠯᠡᠭᠡ ᠶᠢ ᠵᠣᠯᠭᠠᠭᠤᠯᠬᠤ︾ ︽ | ᠤᠷᠢᠬᠠᠨ ᠰᠠᠯᠬᠢ ᠠᠵᠢᠯᠯᠠᠭ᠎ᠠ︾ ᠶᠢ ᠥᠷᠨᠢᠭᠦᠯᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦ ᠶᠢ ᠵᠣᠬᠢᠶᠠᠨ ᠪᠠᠶᠢᠭᠤᠯᠤᠨ ᠡᠮᠬᠢ ᠵᠢᠷᠤᠮ ᠲᠠᠢ ᠪᠠᠷ ᠰᠢᠯᠵᠢᠭᠦᠯᠦᠨ ᠠᠵᠢᠯ ᠣᠯᠭᠤᠵᠤ᠂ 208. | 1 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ ᠣᠨ ᠤ ᠲᠥᠯᠥᠪᠯᠡᠭᠡ ᠶᠢᠨ 84.9% ᠶᠢ | ᠪᠡᠶᠡᠯᠡᠭᠦᠯᠪᠡ᠃ ᠠᠵᠢᠯ ᠣᠯᠭᠤᠯᠲᠠ ᠶᠢ ᠲᠤᠰᠠᠯᠠᠬᠤ ᠠᠵᠢᠯᠯᠠᠭ᠎ᠠ ᠥᠷᠨᠢᠭᠦᠯᠦᠨ᠂ ᠠᠵᠢᠯ ᠣᠯᠭᠤᠯᠲᠠ ᠶᠢ ᠲᠤᠰᠠᠯᠠᠬᠤ | ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠵᠦ᠂ ᠬᠤᠲᠠ ᠪᠠᠯᠭᠠᠰᠤᠨ ᠤ 3.84 ᠲᠦᠮᠡᠨ ᠠᠵᠢᠯ ᠠᠯᠳᠠᠭᠰᠠᠳ ᠲᠤ | ᠳᠠᠬᠢᠨ ᠠᠵᠢᠯ ᠣᠯᠭᠤᠵᠤ᠂ ᠣᠨ ᠤ ᠲᠥᠯᠥᠪᠯᠡᠭᠡ ᠶᠢᠨ 76.8% ᠶᠢ ᠪᠡᠶᠡᠯᠡᠭᠦᠯᠪᠡ︔ 2.08 ᠲᠦᠮᠡᠨ ᠠᠵᠢᠯ | ᠣᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠵᠤ᠂ ᠣᠨ ᠤ ᠲᠥᠯᠥᠪᠯᠡᠭᠡ ᠶᠢᠨ 41.6% ᠶᠢ ᠪᠡᠶᠡᠯᠡᠭᠦᠯᠪᠡ︔ | 140 ᠡᠷᠦᠬᠡ ︽ᠶᠠᠭ ᠠᠵᠢᠯ ᠣᠯᠣᠭᠠᠳᠤᠢ︾ ᠭᠡᠷ ᠪᠦᠯᠢ ᠶᠢᠨ 141 ᠬᠥᠮᠦᠨ ᠳᠤ ᠠᠵᠢᠯ ᠣᠯᠭᠤᠵᠤ᠂ ︽ᠶᠠᠭ | ᠠᠵᠢᠯ ᠣᠯᠣᠭᠠᠳᠤᠢ︾ ᠭᠡᠷ ᠪᠦᠯᠢ ᠪᠦᠬᠦᠨ ᠳᠤ ᠬᠥᠳᠡᠯᠦᠩᠭᠦᠶ ᠪᠠᠷ ᠠᠵᠢᠯ ᠣᠯᠭᠤᠵᠤ ᠪᠠᠶᠢᠨ᠎ᠠ᠃ | ᠡᠭᠦᠨ ᠤ ᠬᠠᠮᠲᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠬᠤᠯᠠᠴᠢᠯᠠᠨ | ᠴᠢᠩᠭᠠᠳᠬᠠᠵᠤ᠂ ᠪᠥᠬᠦ ᠣᠷᠣᠨ ᠤ ᠬᠤᠲᠠ ᠬᠥᠳᠡᠭᠡ ᠶᠢᠨ 4.96 ᠲᠦᠮᠡᠨ ᠬᠥᠮᠦᠨ ᠳᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ 3.16 ᠲᠦᠮᠡᠨ ᠬᠥᠮᠦᠨ ᠳᠤ ᠠᠵᠢᠯ ᠣᠯᠭᠤᠨ᠂ ᠪᠥᠬᠦ | ᠵᠢᠯ ᠤᠨ ᠡᠭᠦᠷᠭᠡ ᠶᠢᠨ 49.6% ᠶᠢ ᠪᠡᠶᠡᠯᠡᠭᠦᠯᠪᠡ᠃ ᠪᠦᠬᠦ ᠣᠷᠣᠨ ᠤ 1.22 ᠲᠦᠮᠡᠨ ᠬᠥᠮᠦᠨ ᠳᠤ ᠦᠢᠯᠡᠰ | ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠵᠦ᠂ ᠪᠦᠬᠦ ᠵᠢᠯ ᠤᠨ ᠡᠭᠦᠷᠭᠡ ᠶᠢᠨ 61% ᠶᠢ ᠪᠡᠶᠡᠯᠡᠭᠦᠯᠪᠡ᠃ | |