ᠳᠡᠭᠡᠷ᠎ᠡ ᠬᠠᠭᠠᠰ ᠵᠢᠯ ᠳᠤ ᠪᠥᠬᠦ ᠣᠷᠣᠨ ᠰᠢᠨ᠎ᠡ ᠪᠠᠷ ᠨᠡᠶᠢᠲᠡ 179.48 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠪᠠ
ᠨᠡᠶᠢᠲᠡᠯᠡᠭᠰᠡᠨ ᠴᠠᠭ᠄
2019/7/31
     ᠪᠦᠬᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠣᠬᠠᠢ ᠰᠣᠨᠢᠨ ᠮᠡᠳᠡᠭᠡ ᠶᠢᠨ ᠨᠡᠶᠢᠲᠡᠯᠡᠯ ᠠᠴᠠ ᠤᠢᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ᠂ ᠨᠡᠶᠢᠲᠡ 179.48 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠥᠩᠭᠡᠯᠡᠵᠦ ᠪᠠᠭᠤᠷᠠᠭᠤᠯᠵᠤ᠂ ᠭᠠᠶᠢᠯᠢ ᠲᠤᠰᠢᠶᠠᠭᠴᠢ ᠪᠣᠯᠤᠨ ᠰᠦᠢᠳᠬᠡᠯ ᠲᠤᠰᠢᠶᠠᠭᠴᠢᠳ ᠲᠤ ᠨᠡᠶᠢᠳᠡᠮ ᠳᠡᠭᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠰᠢᠨ᠎ᠡ ᠠᠰᠢᠭ ᠣᠯᠭᠤᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠨᠡᠮᠡᠭᠳᠡᠭᠦᠯᠪᠡ᠃      ᠡᠨᠡ ᠵᠢᠯ ᠤᠨ ᠰᠢᠨ᠎ᠡ ᠪᠠᠷ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠠᠴᠠ ᠨᠡᠶᠢᠲᠡᠯᠡᠭᠰᠡᠨ ᠲᠥᠷᠦ ᠶᠢᠨ ᠪᠣᠳᠣᠯᠭ᠎ᠠ ᠪᠠᠷ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢ 137.11 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ ᠡᠵᠡᠯᠡᠬᠦ ᠬᠠᠷᠢᠴᠠᠯ ᠨᠢ 76.39%᠎ ᠳᠤ ᠬᠦᠷᠴᠡᠶ︔ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ ᠪᠠᠷ 21.73 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ ᠡᠵᠡᠯᠡᠬᠦ ᠬᠠᠷᠢᠴᠠᠯ ᠨᠢ 12.11% ᠪᠣᠯᠵᠠᠢ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠪᠠᠲᠤᠯᠠᠭ᠎ᠠ ᠶᠢᠨ ᠳᠠᠭᠠᠳᠬᠠᠯ ᠤᠨ ᠵᠠᠷᠤᠳᠠᠯ ᠲᠠᠲᠠᠪᠤᠷᠢᠯᠠᠬᠤ ᠵᠡᠷᠭᠡ ᠭᠠᠶᠢᠯᠢ ᠶᠢᠨ ᠪᠤᠰᠤ ᠣᠷᠣᠯᠭ᠎ᠠ ᠶᠢ 20.64 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ 11.5%᠎ ᠶᠢ ᠡᠵᠡᠯᠡᠵᠡᠢ᠃ ᠭᠠᠶᠢᠯᠢ ︵ᠰᠦᠢᠳᠬᠡᠯ︶᠎ ᠠᠴᠠ ᠦᠵᠡᠪᠡᠯ᠂ ᠥᠷᠲᠡᠭ ᠨᠡᠮᠡᠭᠳᠡᠯ ᠤᠨ ᠭᠠᠶᠢᠯᠢ ᠶᠢ 84.93 ᠳ᠋ᠦᠩᠰᠢᠭᠤᠷ ᠲᠥᠭᠦᠷᠢᠭ ᠬᠥᠩᠭᠡᠯᠡᠵᠦ᠂ 47.32%᠎ ᠢ ᠡᠵᠡᠯᠡᠪᠡ︔ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠰᠢᠨ᠎ᠡ ᠪᠠᠷ 36.91 ᠳ᠋ᠦᠩᠰᠢᠭᠤᠷ ᠲᠥᠭᠦᠷᠢᠭ ᠬᠠᠰᠤᠵᠤ᠂ 20.56%᠎ ᠶᠢ ᠡᠵᠡᠯᠡᠪᠡ︔ ᠠᠵᠤ ᠠᠬᠤᠶᠢᠯᠠᠯ ᠤᠨ ︽ᠵᠢᠷᠭᠤᠭᠠᠨ ᠭᠠᠶᠢᠯᠢ ᠬᠤᠶᠠᠷ ᠰᠦᠢᠳᠬᠡᠯ︾᠎ ᠤᠨ ᠭᠠᠶᠢᠯᠢ ᠶᠢ 26.04 ᠳ᠋ᠦᠩᠰᠢᠭᠤᠷ ᠲᠥᠭᠦᠷᠢᠭ ᠬᠥᠩᠭᠡᠯᠡᠵᠦ᠂ 14.51%᠎ ᠶᠢ ᠡᠵᠡᠯᠡᠪᠡ︔ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ 8.8 ᠳ᠋ᠦᠩᠰᠢᠭᠤᠷ ᠲᠥᠭᠦᠷᠢᠭ ᠬᠥᠩᠭᠡᠯᠡᠵᠦ᠂ 4.91%᠎ ᠶᠢ ᠡᠵᠡᠯᠡᠪᠡ︔ ᠨᠡᠶᠢᠭᠡᠮ ᠤᠨ ᠳᠠᠭᠠᠳᠬᠠᠯ ᠤᠨ ᠰᠦᠢᠳᠬᠡᠯ ᠢ 20.61 ᠳ᠋ᠦᠩᠰᠢᠭᠤᠷ ᠲᠥᠭᠦᠷᠢᠭ ᠪᠠᠭᠤᠷᠠᠭᠤᠯᠵᠤ᠂ 11.48%᠎ ᠶᠢ ᠡᠵᠡᠯᠡᠪᠡ︔ ᠪᠤᠰᠤᠳ ᠭᠠᠶᠢᠯᠢ ︵ᠰᠦᠢᠳᠬᠡᠯ︶᠎ ᠶᠢᠨ ᠲᠥᠷᠥᠯ ᠢ 2.19 ᠳ᠋ᠦᠩᠰᠢᠭᠤᠷ ᠲᠥᠭᠦᠷᠢᠭ ᠬᠠᠰᠤᠨ ᠬᠡᠯᠲᠦᠷᠢᠭᠦᠯᠵᠦ᠂ ᠡᠵᠡᠯᠡᠬᠦ ᠬᠠᠷᠢᠴᠠᠯ ᠨᠢ 1.22%᠎ ᠲᠤ ᠬᠦᠷᠴᠡᠶ᠃      ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠯ᠎ᠡ ᠲᠥᠷᠥᠯ ᠤᠨ ᠳ᠋ᠠᠶᠢᠲ᠋ᠠ ᠶᠢ ᠶᠡᠷᠦᠩᠬᠡᠶᠢᠯᠡᠨ ᠵᠠᠳᠠᠯᠬᠤ ᠪᠠᠷ ᠳᠠᠮᠵᠢᠨ᠂ ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠪᠣᠶ ᠪᠦᠬᠦᠢ ᠠᠵᠢᠯ ᠲᠥᠷᠥᠯ ᠳᠤ ᠴᠥᠮ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠷᠤᠭᠠᠰᠤ ᠶᠢ ᠬᠥᠩᠭᠡᠷᠡᠭᠦᠯᠬᠦ ᠬᠠᠷᠠᠭᠠᠯᠵᠠᠯ ᠬᠥᠷᠲᠡᠭᠡᠭᠰᠡᠨ ᠪᠥᠭᠡᠳ ᠳᠣᠤᠷᠠᠬᠢ ᠮᠡᠲᠦ ᠣᠨᠴᠠᠯᠢᠭ ᠪᠠ ᠦᠷ᠎ᠡ ᠪᠦᠲᠦᠮᠵᠢ ᠢᠯᠡᠷᠡᠪᠡ᠄ ᠨᠢᠭᠡ ᠳᠤ ᠪᠣᠳᠠᠲᠤ ᠴᠣᠭᠴᠠ ᠶᠢᠨ ᠠᠵᠤ ᠠᠬᠤᠢ ᠶᠢᠨ ᠳᠠᠷᠤᠭᠠᠰᠤ ᠶᠢ ᠪᠥᠬᠦ ᠲᠠᠯ᠎ᠠ ᠪᠠᠷ ᠬᠥᠩᠭᠡᠷᠡᠭᠦᠯᠪᠡ᠃ ᠡᠭᠦᠨ ᠳᠤ ᠦᠢᠯᠡᠳᠬᠦ ᠦᠢᠯᠡᠰ ᠤᠨ ᠭᠠᠶᠢᠯᠢ ᠰᠦᠢᠳᠬᠡᠯ ᠢ 39.62 ᠳ᠋ᠦᠩᠰᠢᠭᠤᠷ ᠲᠥᠭᠦᠷᠢᠭ ᠬᠥᠩᠭᠡᠯᠡᠵᠦ᠂ 22.07%᠎ ᠶᠢ ᠡᠵᠡᠯᠡᠪᠡ︔ ᠠᠭᠤᠷᠬᠠᠶ ᠮᠠᠯᠲᠠᠬᠤ ᠭᠠᠶᠢᠯᠢ ᠰᠦᠢᠳᠬᠡᠯ ᠢ 36.44 ᠳ᠋ᠦᠩᠰᠢᠭᠤᠷ ᠲᠥᠭᠦᠷᠢᠭ ᠬᠥᠩᠭᠡᠯᠡᠵᠦ᠂ 20.3%᠎ ᠶᠢ ᠡᠵᠡᠯᠡᠪᠡ︔ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠭᠠᠶᠢᠯᠢ ᠰᠦᠢᠳᠬᠡᠯ ᠢ 31.12 ᠳ᠋ᠦᠩᠰᠢᠭᠤᠷ ᠲᠥᠭᠦᠷᠢᠭ ᠬᠥᠩᠭᠡᠯᠡᠵᠦ᠂ 17.34%᠎ ᠶᠢ ᠡᠵᠡᠯᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠭᠠᠶᠢᠯᠢ ᠰᠦᠢᠳᠬᠡᠯ ᠢ 13.59 ᠳ᠋ᠦᠩᠰᠢᠭᠤᠷ ᠲᠥᠭᠦᠷᠢᠭ ᠬᠥᠩᠭᠡᠯᠡᠵᠦ᠂ 7.57%᠎ ᠶᠢ ᠡᠵᠡᠯᠡᠪᠡ᠃ ᠬᠤᠶᠠᠷ ᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠡᠶᠢᠳᠡᠮ ᠠᠰᠢᠭ ᠬᠦᠷᠲᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠶᠢᠯᠢ ᠰᠦᠢᠳᠬᠡᠯ ᠢ ᠪᠠᠷᠤᠭ 85 ᠳ᠋ᠦᠩᠰᠢᠭᠤᠷ ᠲᠥᠭᠦᠷᠢᠭ ᠬᠠᠰᠤᠵᠤ ᠬᠥᠩᠭᠡᠯᠡᠵᠦ᠂ ᠡᠵᠡᠯᠡᠬᠦ ᠬᠠᠷᠢᠴᠠᠯ ᠨᠢ ᠪᠠᠷᠤᠭ 62% ᠪᠠᠶᠢᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠪᠦᠲᠦᠮᠵᠢᠲᠡᠶ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠵᠡᠶ᠃ ᠭᠤᠷᠪᠠ ᠳᠤ ᠥᠷᠭᠡᠨ ᠣᠯᠠᠨ ᠰᠠᠭᠤᠭᠠᠯᠢ ᠠᠷᠠᠳ ᠤᠨ ᠣᠷᠣᠯᠭ᠎ᠠ ᠢᠯᠡᠳᠲᠡ ᠨᠡᠮᠡᠭᠳᠡᠪᠡ᠃ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠨᠢ ᠮᠠᠨ ᠤ ᠣᠷᠣᠨ ᠤ 358 ᠲᠦᠮᠡᠨ ᠬᠤᠪᠢ ᠬᠥᠮᠦᠨ ᠤ ᠭᠠᠶᠢᠯᠢ ᠲᠤᠰᠢᠶᠠᠭᠴᠢ ᠳᠤ ᠠᠰᠢᠭ ᠬᠦᠷᠲᠡᠭᠡᠵᠦ᠂ ᠬᠥᠮᠦᠨ ᠪᠦᠷᠢ ᠳᠤ ᠳᠤᠮᠳᠠᠴᠢ ᠪᠠᠷ 1032 ᠲᠥᠭᠦᠷᠢᠭ ᠤᠨ ᠭᠠᠶᠢᠯᠢ ᠬᠥᠩᠭᠡᠯᠡᠨ ᠥᠭᠴᠦ᠂ ᠰᠠᠭᠤᠭᠠᠯᠢ ᠠᠷᠠᠳ ᠤᠨ ᠣᠷᠣᠯᠭ᠎ᠠ ᠶᠢ ᠰᠢᠭᠤᠳ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠳᠥᠷᠪᠡ ᠳᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭᠠᠷᠠᠪᠠ᠃ ᠰᠤᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠬᠦ ᠲᠥᠷᠦ ᠶᠢᠨ ᠪᠣᠳᠣᠯᠭ᠎ᠠ ︵50%᠎ ᠠᠴᠠ ᠳᠡᠭᠡᠭᠰᠢᠯᠡᠭᠦᠯᠦᠭᠡᠳ 75% ᠪᠣᠯᠭᠠᠪᠠ︶᠎ ᠪᠠᠷ 3.1 ᠳ᠋ᠦᠩᠰᠢᠭᠤᠷ ᠲᠥᠭᠦᠷᠢᠭ ᠤᠨ ᠭᠠᠶᠢᠯᠢ ᠶᠢ ᠰᠢᠨ᠎ᠡ ᠪᠠᠷ ᠬᠥᠩᠭᠡᠯᠡᠵᠦ᠂ ᠡᠭᠦᠨ ᠤ ᠳᠡᠭᠡᠷ᠎ᠡ ᠨᠢ ᠤᠤᠯ ᠤᠨ ᠲᠥᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭᠠᠨ ᠠᠪᠬᠤ ᠲᠥᠷᠦ ᠶᠢᠨ ᠪᠣᠳᠣᠯᠭ᠎ᠠ ᠪᠠᠷ ᠨᠡᠶᠢᠲᠡ 10.4 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠨ᠂ ᠠᠵᠤ ᠠᠬᠤᠶᠢᠯᠠᠯ ᠤᠨ ᠨᠠᠩ ᠣᠯᠠᠨ ᠪᠡᠯᠡ ᠮᠥᠩᠭᠦ ᠪᠠᠨ ᠮᠡᠷᠭᠡᠵᠢᠯ ᠤᠨ ᠥᠭᠡᠷᠡᠴᠢᠯᠡᠯᠲᠡ ᠳᠤ ᠣᠷᠣᠭᠤᠯᠬᠤ ᠶᠢ ᠨᠢ ᠵᠣᠷᠢᠭᠵᠢᠭᠤᠯᠵᠤ᠂ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ ᠪᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠲᠡᠶ ᠠᠬᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号