ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
239 ᠳ᠋ᠤᠭᠡᠷ ᠲᠤᠭᠠᠳᠤ
︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ﹀ ᠪᠠ ︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ﹀ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ︾ ᠢ 2019 ᠣᠨ ᠤ 2 ᠳ᠋ᠤᠭᠠᠷ ᠰᠠᠷ᠎ᠠ ᠶᠢᠨ 28 ᠤ ᠡᠳᠦᠷ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ
2019 ᠣᠨ ᠤ 3 ᠳ᠋ᠤᠭᠠᠷ ᠰᠠᠷ᠎ᠠ ᠶᠢᠨ 21 ᠤ ᠡᠳᠦᠷ
ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ︾ ᠳᠤ ᠳᠤᠤᠷᠠᠬᠢ ᠮᠡᠲᠦ ᠵᠠᠰᠠᠪᠤᠷᠢ ᠤᠷᠤᠭᠤᠯᠬᠤ ᠪᠠᠷ ᠲᠤᠭᠲᠠᠭᠠᠪᠠ᠄
ᠨᠢᠭᠡ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︵2013 ᠣᠨ ᠤ 2 ᠳ᠋ᠤᠭᠠᠷ ᠰᠡᠷ᠎ᠠ ᠶᠢᠨ 6 ᠤ ᠡᠳᠣᠷ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 192 ᠳ᠋ᠤᠭᠠᠷ ᠲᠣᠭᠠᠳᠣ ᠪᠠᠷ ᠨᠡᠶᠢᠳᠡᠯᠡᠪᠡ︶
ᠭᠤᠷᠪᠠᠳᠤᠭᠠᠷ ᠵᠦᠢᠯ ᠳᠤ ᠨᠢᠭᠡ ᠵᠤᠷᠪᠤᠰ ᠨᠡᠮᠡᠵᠦ ᠬᠤᠶᠠᠳᠤᠭᠠᠷ ᠵᠤᠷᠪᠤᠰ ᠪᠣᠯᠭᠠᠪᠠ᠄ ︽2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ ᠤ ᠠᠵᠢᠯᠯᠠᠬᠤ ᠲᠡᠷᠭᠡ᠂ ᠲᠤᠰᠬᠠᠢ ᠬᠡᠷᠡᠭᠯᠡᠭᠡᠨ ᠤ ᠬᠦᠷᠳᠦᠳᠦ ᠮᠧᠬᠠᠨᠢᠭ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠡᠮᠦᠨᠡᠬᠢ ᠵᠤᠷᠪᠤᠰ ᠤᠨ ᠲᠣᠭᠲᠠᠭᠠᠯ ᠳᠠᠬᠢ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢᠨ ᠪᠠᠷᠢᠮᠵᠢᠶᠠᠨ ᠤ 50% ᠪᠠᠷ ᠲᠦᠷ ᠲᠠᠲᠠᠪᠤᠷᠢᠯᠠᠨ᠎ᠠ᠃︾
ᠳᠤᠯᠤᠳᠤᠭᠠᠷ ᠵᠦᠢᠯ ᠳᠤ᠄ ︽ᠲᠡᠷᠭᠡ ᠣᠩᠭᠤᠴᠠ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠠᠷᠢᠭᠤᠴᠠᠵᠤ ᠲᠠᠲᠠᠪᠤᠷᠢᠯᠠᠨ᠎ᠠ︾ ᠭᠡᠵᠦ ᠵᠠᠰᠠᠪᠤᠷᠢ ᠤᠷᠤᠭᠤᠯᠪᠠ᠃
ᠬᠤᠶᠠᠷ᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠡᠷ ᠬᠦᠷᠥᠩᠬᠡ ᠶᠢᠨ ᠭᠠᠶᠢᠯᠢ ᠶᠢᠨ ᠭᠡᠷᠡᠭᠵᠢᠬᠦᠯᠬᠦ ᠨᠠᠷᠢᠨ ᠳᠥᠷᠢᠮ︾ ︵2016 ᠣᠨ ᠤ 1 ᠳ᠋ᠤᠭᠡᠷ ᠰᠠᠷ᠎ᠠ ᠶᠢᠨ 16 ᠤ ᠡᠳᠦᠷ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 229 ᠳ᠋ᠤᠭᠡᠷ ᠲᠣᠭᠠᠳᠣ ᠪᠠᠷ ᠨᠡᠶᠢᠳᠡᠯᠡᠪᠡ︶
ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠨᠢᠭᠡ ᠵᠤᠷᠪᠤᠰ ᠨᠡᠮᠡᠪᠠ᠄ ︽2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠭᠡᠷ ᠬᠦᠷᠦᠩᠭᠡ ᠶᠢᠨ ᠤᠤᠯ ᠦᠷᠲᠡᠭ ᠢᠶᠠᠷ ᠨᠢᠭᠡ ᠤᠳᠠᠭ᠎ᠠ ᠳᠤ ᠬᠠᠰᠤᠬᠤ ᠬᠠᠷᠢᠴᠠᠯ ᠢ 10% ᠠᠴᠠ 30% ᠪᠣᠯᠭᠠᠵᠤ ᠲᠦᠷ ᠲᠤᠬᠢᠷᠠᠭᠤᠯᠤᠨ᠎ᠠ᠃︾
ᠵᠢᠷᠭᠤᠳᠤᠭᠠᠷ ᠵᠦᠢᠯ ᠳᠤ ︽ᠭᠡᠷ ᠬᠦᠷᠦᠩᠭᠡ ᠶᠢᠨ ᠭᠠᠶᠢᠯᠢ ᠶᠢ ᠭᠡᠷ ᠬᠦᠷᠦᠩᠭᠡ ᠶᠢᠨ ᠪᠠᠶᠢᠭ᠎ᠠ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠲᠠᠪᠤᠷᠢᠯᠠᠨ᠎ᠠ︾ ᠭᠡᠵᠦ ᠵᠠᠰᠠᠪᠤᠷᠢ ᠤᠷᠤᠭᠤᠯᠪᠠ᠃
ᠲᠤᠰ ᠲᠤᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ︾ ᠳᠤ ᠲᠤᠰ ᠲᠤᠭᠲᠠᠭᠠᠯ ᠢ ᠦᠨᠳᠦᠰᠦᠯᠡᠵᠦ ᠵᠤᠬᠢᠬᠤ ᠵᠠᠰᠠᠪᠤᠷᠢ ᠤᠷᠤᠭᠤᠯᠵᠤ᠂ ᠳᠠᠬᠢᠵᠤ ᠰᠢᠨ᠎ᠡ ᠪᠠᠷ ᠨᠡᠶᠢᠲᠡᠯᠡᠨ᠎ᠡ᠃
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠪᠦᠭᠦᠲᠡ ᠨᠠᠶᠢᠷᠠᠮᠳᠠᠬᠤ ᠳᠤᠮᠳᠠᠳᠤ
ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ
︵2013 ᠣᠨ ᠤ 2 ᠳ᠋ᠣᠭᠠᠷ ᠰᠡᠷ᠎ᠠ ᠶᠢᠨ 6 ᠤ ᠡᠳᠣᠷ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 192 ᠳ᠋ᠣᠭᠠᠷ ᠲᠣᠭᠠᠳᠣ ᠪᠠᠷ ᠨᠡᠶᠢᠳᠡᠯᠡᠪᠡ 2019 ᠣᠨ ᠤ 3 ᠳ᠋ᠣᠭᠠᠷ ᠰᠡᠷ᠎ᠠ ᠶᠢᠨ 21 ᠤ ᠡᠳᠣᠷ ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ﹀ ᠪᠠ ︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ﹀ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ︾ ᠢ ᠦᠠᠳᠣᠰᠣᠯᠡᠨ ᠵᠠᠰᠠᠪᠦᠷᠢ ᠣᠷᠣᠭᠤᠯᠪᠡ︶
ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠡᠪᠴᠢᠶᠡᠨ ᠳᠣᠲᠣᠷᠠᠬᠢ ᠲᠤᠰ ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠯᠢ ᠶᠢᠨ ᠵᠦᠢᠯ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢᠨ ᠲᠣᠭᠲᠠᠭᠠᠯ ᠳᠤ ᠬᠠᠷᠢᠶᠠᠯᠠᠭᠳᠠᠬᠤ ᠲᠡᠷᠭᠡ ᠬᠦᠰᠭᠡ᠂ ᠣᠩᠭᠤᠴᠠ ᠵᠠᠪᠢ ᠶᠢᠨ ᠥᠮᠴᠢᠯᠡᠭᠴᠢ ᠪᠤᠶᠤ ᠬᠠᠮᠢᠶᠠᠷᠤᠭᠴᠢ ᠪᠣᠯ ᠲᠡᠷᠭᠡ ᠣᠩᠭᠤᠴᠠ ᠶᠢᠨ ᠭᠠᠶᠢᠯᠢ ᠲᠤᠰᠢᠶᠠᠭᠴᠢ ᠪᠣᠯᠬᠤ ᠲᠤᠯᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ ᠶᠢᠨ ᠬᠡᠷᠡᠭᠵᠢᠭᠦᠯᠬᠦ ᠳᠦᠷᠢᠮ︾ ᠪᠣᠯᠤᠨ ᠲᠤᠰ ᠠᠷᠭ᠎ᠠ ᠶᠢᠨ ᠶᠣᠰᠣᠭᠠᠷ ᠲᠡᠷᠭᠡ ᠣᠩᠭᠤᠴᠠ ᠶᠢᠨ ᠭᠠᠶᠢᠯᠢ ᠲᠤᠰᠢᠶᠠᠬᠤ ᠬᠡᠷᠡᠭᠲᠡᠶ᠃
ᠲᠤᠰ ᠠᠷᠭ᠎ᠠ ᠳᠤ ᠬᠡᠯᠡᠵᠦ ᠪᠠᠶᠢᠭ᠎ᠠ ᠲᠡᠷᠭᠡ ᠬᠥᠰᠭᠡ᠂ ᠣᠩᠭᠤᠴᠠ ᠵᠠᠪᠢ ᠭᠡᠳᠡᠭ ᠨᠢ ᠲᠡᠷᠭᠡ ᠣᠩᠭᠤᠴᠠ ᠶᠢ ᠳᠠᠩᠰᠠᠯᠠᠵᠤ ᠲᠡᠮᠲᠡᠭᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠣ ᠲᠡᠮᠳᠡᠭᠯᠡᠭᠦᠯᠦᠭᠰᠡᠨ ᠪᠠᠶᠢᠬᠤ ᠶᠣᠰᠤᠲᠠᠢ ᠮᠠᠰᠢᠨᠲᠤ ᠲᠡᠷᠭᠡ ᠪᠣᠯᠤᠨ ᠣᠩᠭᠤᠴᠠ ᠵᠠᠪᠢ᠂ ᠵᠢᠴᠢ ᠲᠡᠷᠭᠡ ᠣᠩᠭᠤᠴᠠ ᠶᠢ ᠳᠠᠩᠰᠠᠯᠠᠵᠤ ᠲᠡᠮᠳᠡᠭᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠣ ᠲᠡᠮᠳᠡᠭᠯᠡᠭᠦᠯᠬᠦ ᠴᠢᠬᠤᠯᠠ ᠦᠭᠡᠶ ᠨᠢᠭᠡᠴᠢ ᠶᠢᠨ ᠳᠣᠲᠣᠭᠠᠳᠤ ᠳᠠᠬᠢ ᠲᠠᠯᠠᠪᠤᠷ ᠭᠠᠵᠠᠷ ᠢᠶᠠᠷ ᠵᠢᠯᠤᠭᠤᠳᠴᠦ ᠪᠠᠶᠢᠭ᠎ᠠ ᠪᠤᠶᠤ ᠠᠵᠢᠯᠯᠠᠭᠤᠯᠵᠤ ᠪᠠᠶᠢᠭ᠎ᠠ ᠮᠠᠰᠢᠨᠲᠤ ᠲᠡᠷᠭᠡ ᠪᠣᠯᠤᠨ ᠣᠩᠭᠤᠴᠠ ᠵᠠᠪᠢ ᠶᠢ ᠵᠢᠭᠠᠵᠤ ᠪᠤᠶ᠃
ᠭᠤᠷᠪᠠᠳᠤᠭᠠᠷ ᠵᠦᠢᠯ ᠲᠡᠷᠭᠡ ᠣᠩᠭᠤᠴᠠ ᠶᠢᠨ ᠭᠠᠶᠢᠯᠢ ᠶᠢᠨ ᠵᠦᠢᠯ᠂ ᠭᠠᠶᠢᠯᠢ ᠶᠢᠨ ᠲᠤᠭ᠎ᠠ ᠶᠢ ᠲᠤᠰ ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠯᠢ ᠶᠢᠨ ᠵᠦᠢᠯ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢᠨ ᠶᠣᠰᠣᠭᠠᠷ
ᠬᠡᠷᠡᠭᠵᠢᠭᠦᠯᠦᠨ᠎ᠡ᠃
2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ ᠤ ᠠᠵᠢᠯᠯᠠᠬᠤ ᠲᠡᠷᠭᠡ᠂ ᠲᠤᠰᠬᠠᠢ ᠬᠡᠷᠡᠭᠯᠡᠭᠡᠨ ᠤ ᠬᠦᠷᠳᠦᠳᠦ ᠮᠧᠬᠠᠨᠢᠭ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠡᠮᠦᠨᠡᠬᠢ ᠵᠤᠷᠪᠤᠰ ᠤᠨ ᠲᠣᠭᠲᠠᠭᠠᠯ ᠳᠠᠬᠢ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢᠨ ᠪᠠᠷᠢᠮᠵᠢᠶᠠᠨ ᠤ 50% ᠪᠠᠷ ᠲᠦᠷ ᠲᠠᠲᠠᠪᠤᠷᠢᠯᠠᠨ᠎ᠠ᠃
ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠲᠡᠷᠭᠡ ᠣᠩᠭᠤᠴᠠ ᠠᠴᠠ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠦᠭᠡᠢ᠄
︵ᠨᠢᠭᠡ︶ ᠠᠩᠨᠠᠵᠤ ᠱᠦᠭᠦᠬᠦ᠂ ᠲᠡᠵᠢᠭᠡᠨ ᠦᠷᠡᠵᠢᠭᠦᠯᠬᠦ ᠵᠢᠭᠠᠰᠤᠨ ᠤ ᠣᠩᠭᠤᠴᠠ︔
︵ᠬᠤᠶᠠᠷ︶ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠤᠰᠬᠠᠶ ᠬᠡᠷᠡᠭᠯᠡᠬᠦ ᠲᠡᠷᠭᠡ ᠣᠩᠭᠤᠴᠠ︔
︵ᠭᠤᠷᠪᠠ︶ ᠴᠠᠭᠳᠠᠭᠠᠨ ᠤ ᠲᠡᠷᠭᠡ ᠣᠩᠭᠤᠴᠠ︔
︵ᠳᠥᠷᠪᠡ︶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠠᠶᠢᠯᠢ ᠲᠠᠲᠠᠪᠤᠷᠢᠯᠠᠬᠤ ᠦᠭᠡᠢ ᠪᠠᠶᠢᠬᠤ ᠶᠤᠰᠤᠲᠠᠢ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠠᠴᠠ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠢᠴᠢ ᠲᠡᠳᠡᠭᠡᠷ ᠤᠨ ᠬᠤᠯᠪᠣᠭᠳᠠᠯ ᠪᠦᠬᠦᠢ ᠠᠵᠢᠯᠲᠠᠳ ᠤᠨ ᠲᠡᠷᠭᠡ ᠣᠩᠭᠤᠴᠠ︔
︵ᠲᠠᠪᠤ︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ︔
︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠪᠠᠶᠢᠭ᠎ᠠ ᠪᠥᠭᠡᠳ ᠭᠤᠤᠯᠳᠠᠭᠤ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠮᠤᠲ᠋ᠤᠷ᠂ ᠭᠤᠷᠪᠠᠨ ᠬᠦᠷᠳᠦᠲᠦ ᠮᠠᠰᠢᠨ ᠲᠡᠷᠭᠡ ᠪᠣᠯᠤᠨ ᠤᠳᠠᠭᠠᠨ ᠬᠤᠷᠳᠤᠴᠠᠲᠤ ᠪᠠᠷᠠᠭ᠎ᠠ ᠠᠴᠢᠶᠠᠯᠠᠬᠤ ᠮᠠᠰᠢᠨ ᠲᠡᠷᠭᠡ᠃
ᠲᠠᠪᠤᠳᠤᠭᠠᠷ ᠵᠦᠢᠯ ᠲᠣᠭᠲᠠᠭᠠᠯ ᠶᠣᠰᠣᠭᠠᠷ ᠣᠩᠭᠤᠴᠠ ᠵᠠᠪᠢ ᠶᠢᠨ ᠲᠣᠨ ᠢᠶᠠᠷ ᠲᠤᠭᠠᠴᠠᠯᠠᠬᠤ ᠭᠠᠶᠢᠯᠢ ᠲᠤᠰᠢᠶᠠᠵᠤ ᠪᠠᠶᠢᠭ᠎ᠠ ᠮᠠᠰᠢᠨᠲᠤ ᠣᠩᠭᠤᠴᠠ ᠵᠠᠪᠢ ᠪᠣᠯᠤᠨ ᠲᠡᠷᠭᠡ ᠣᠩᠭᠤᠴᠠ ᠶᠢ ᠳᠠᠩᠰᠠᠯᠠᠨ ᠳᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠤᠨ ᠳᠡᠮᠳᠡᠭᠯᠡᠭᠦᠯᠬᠦ ᠴᠢᠬᠤᠯᠠ ᠦᠭᠡᠶ ᠨᠢᠰᠬᠡᠯ ᠤᠨ ᠪᠠᠭᠤᠳᠠᠯ᠂ ᠭᠠᠷᠠᠮ᠂ ᠲᠡᠮᠦᠷ ᠵᠠᠮ ᠤᠨ ᠥᠷᠲᠡᠭᠡ ᠲᠠᠯᠠᠪᠠᠢ ᠶᠢᠨ ᠳᠣᠲᠣᠭᠠᠳᠤ ᠳᠤ ᠪᠠᠨ ᠵᠢᠯᠤᠭᠤᠳᠬᠤ ᠪᠤᠶᠤ ᠠᠵᠢᠯᠯᠠᠭᠤᠯᠵᠤ ᠪᠠᠶᠢᠭ᠎ᠠ ᠲᠡᠷᠭᠡ ᠣᠩᠭᠤᠴᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 5 ᠵᠢᠯ ᠳᠤ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠦᠭᠡᠢ᠃
ᠵᠢᠷᠭᠤᠳᠤᠭᠠᠷ ᠵᠦᠢᠯ ᠡᠨᠧᠷᠭᠢ ᠠᠷᠪᠢᠯᠠᠬᠤ᠂ ᠰᠢᠨ᠎ᠡ ᠡᠨᠧᠷᠭᠢ ᠬᠡᠷᠡᠭᠯᠡᠵᠦ ᠪᠦᠬᠦᠢ ᠲᠡᠷᠭᠡ ᠣᠩᠭᠤᠴᠠ ᠠᠴᠠ ᠲᠡᠷᠭᠡ ᠣᠩᠭᠤᠴᠠ ᠶᠢᠨ ᠭᠠᠶᠢᠯᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠤᠨ᠎ᠠ᠃ ᠪᠣᠳᠠᠲᠠᠶ ᠬᠡᠪᠴᠢᠶ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠭᠠᠵᠠᠷ ᠬᠥᠳᠡᠯᠦᠯᠲᠡ᠂ ᠦᠶᠡᠷ ᠤᠰᠤᠲᠤᠯ ᠵᠡᠷᠭᠡ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠤᠨ ᠨᠥᠯᠥᠭᠡ ᠠᠴᠠ ᠪᠣᠯᠵᠤ ᠭᠠᠶᠢᠯᠢ ᠲᠤᠰᠢᠶᠠᠬᠤ ᠳᠤ ᠬᠦᠴᠢᠷᠳᠡᠯ ᠲᠠᠢ ᠪᠣᠯᠤᠭᠰᠠᠨ ᠵᠢᠴᠢ ᠪᠤᠰᠤᠳ ᠣᠨᠴᠠᠭᠠᠢ ᠰᠢᠯᠲᠠᠭᠠᠨ ᠠᠴᠠ ᠪᠣᠯᠣᠭᠠᠳ ᠭᠠᠶᠢᠯᠢ ᠬᠠᠰᠤᠵᠤ ᠬᠡᠯᠲᠦᠷᠢᠭᠦᠯᠬᠦ ᠦᠨᠡᠨ ᠬᠦ ᠴᠢᠬᠤᠯᠠᠲᠠᠶ ᠲᠡᠷᠭᠡ ᠣᠩᠭᠤᠴᠠ ᠠᠴᠠ ᠵᠣᠬᠢᠬᠤ ᠬᠤᠭᠤᠴᠠᠭᠠᠨ ᠳᠤ ᠲᠡᠷᠭᠡ ᠣᠩᠭᠤᠴᠠ ᠶᠢᠨ ᠭᠠᠶᠢᠯᠢ ᠶᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠤᠨ᠎ᠠ᠃ ᠪᠣᠳᠠᠲᠠᠶ ᠬᠠᠰᠤᠵᠤ ᠬᠡᠯᠲᠦᠷᠢᠭᠦᠯᠬᠦ ᠬᠤᠭᠤᠴᠠᠭ᠎ᠠ ᠪᠣᠯᠤᠨ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃
ᠳᠣᠯᠤᠳᠤᠭᠠᠷ ᠵᠦᠢᠯ ᠲᠡᠷᠭᠡ ᠣᠩᠭᠤᠴᠠ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠠᠷᠢᠭᠤᠴᠠᠵᠤ ᠲᠠᠲᠠᠪᠤᠷᠢᠯᠠᠨ᠎ᠠ᠃
ᠨᠠᠶᠮᠠᠳᠤᠭᠠᠷ ᠵᠦᠢᠯ ᠮᠠᠰᠢᠨᠲᠤ ᠲᠡᠷᠭᠡᠨ ᠤ ᠭᠤᠷᠪᠠᠳᠠᠭᠴᠢ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭᠠᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠳᠠᠭᠠᠳᠬᠠᠯ ᠤᠨ ᠪᠠᠶᠢᠭᠤᠯᠤᠮᠵᠢ ᠪᠣᠯ ᠮᠠᠰᠢᠨᠲᠤ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠰᠠᠭᠤᠯᠭᠠᠨ ᠲᠤᠰᠢᠶᠠᠯᠭᠠᠬᠤ ᠡᠭᠦᠷᠭᠡᠳᠡᠨ ᠪᠣᠯᠬᠤ ᠲᠤᠯᠠ᠂ ᠳᠠᠭᠠᠳᠬᠠᠯ ᠤᠨ ᠰᠦᠢᠳᠬᠡᠯ ᠬᠤᠷᠢᠶᠠᠬᠤ ᠳᠤ ᠪᠠᠨ ᠲᠡᠷᠭᠡ ᠣᠩᠭᠤᠴᠠ ᠶᠢᠨ ᠭᠠᠶᠢᠯᠢ ᠶᠢ ᠬᠠᠤᠯᠢ ᠶᠣᠰᠣᠭᠠᠷ ᠣᠷᠣᠯᠠᠨ ᠲᠠᠲᠠᠪᠤᠷᠢᠯᠠᠬᠤ ᠶᠢᠨ ᠬᠠᠮᠲᠤ᠂ ᠭᠠᠶᠢᠯᠢ ᠶᠢᠨ ᠵᠣᠭᠤᠰ ᠢ ᠣᠷᠣᠯᠠᠨ ᠬᠤᠷᠢᠶᠠᠭᠰᠠᠨ ᠭᠡᠷᠡᠴᠢ ᠬᠢᠵᠦ ᠥᠭᠬᠦ ᠬᠡᠷᠡᠭᠲᠡᠶ᠃
ᠶᠢᠰᠦᠳᠦᠭᠡᠷ ᠵᠦᠢᠯ ᠲᠡᠷᠭᠡ ᠣᠩᠭᠤᠴᠠ ᠶᠢᠨ ᠭᠠᠶᠢᠯᠢ ᠶᠢ ᠵᠢᠯ ᠢᠶᠠᠷ ᠮᠡᠳᠡᠭᠦᠯᠦᠨ᠂ ᠰᠠᠷ᠎ᠠ ᠪᠠᠷ ᠬᠤᠪᠢᠶᠠᠨ ᠪᠣᠳᠣᠵᠤ᠂ ᠨᠢᠭᠡ ᠤᠳᠠᠭ᠎ᠠ ᠳᠤ ᠲᠤᠰᠢᠶᠠᠨ᠎ᠠ᠃ ᠭᠠᠶᠢᠯᠢ ᠲᠤᠰᠢᠶᠠᠬᠤ ᠣᠨ ᠨᠢ ᠨᠡᠶᠢᠲᠡ ᠶᠢᠨ ᠤᠯᠠᠷᠢᠯ ᠤᠨ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃
ᠰᠠᠭᠤᠯᠭᠠᠨ ᠲᠤᠰᠢᠶᠠᠯᠭᠠᠬᠤ ᠡᠭᠦᠷᠭᠡᠳᠡᠨ ᠨᠢ ᠲᠡᠷᠭᠡ ᠣᠩᠭᠤᠴᠠ ᠶᠢᠨ ᠭᠠᠶᠢᠯᠢ ᠶᠢ ᠣᠷᠣᠯᠠᠨ ᠲᠠᠲᠠᠪᠤᠷᠢᠯᠠᠵᠤ ᠲᠤᠰᠢᠶᠠᠯᠭᠠᠬᠤ ᠳᠤ᠂ ᠭᠠᠶᠢᠯᠢ ᠲᠤᠰᠢᠶᠠᠭᠴᠢ ᠨᠢ ᠮᠠᠰᠢᠨᠲᠤ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠠᠯᠪᠠᠳᠠᠯᠭᠠᠲᠤ ᠳᠠᠭᠠᠳᠬᠠᠯ ᠢ ᠭᠦᠢᠴᠡᠳᠬᠡᠬᠦ ᠶᠢᠨ ᠵᠡᠷᠭᠡ ᠳᠤ ᠲᠡᠷᠭᠡ ᠣᠩᠭᠤᠴᠠ ᠶᠢᠨ ᠭᠠᠶᠢᠯᠢ ᠲᠤᠰᠢᠶᠠᠬᠤ ᠬᠡᠷᠡᠭᠲᠡᠶ᠃
ᠭᠠᠶᠢᠯᠢ ᠲᠤᠰᠢᠶᠠᠭᠴᠢ ᠨᠢ ᠲᠡᠷᠭᠡ ᠣᠩᠭᠤᠴᠠ ᠶᠢ ᠰᠢᠨ᠎ᠡ ᠪᠠᠷ ᠬᠤᠳᠠᠯᠳᠤᠨ ᠠᠪᠤᠭᠰᠠᠨ ᠪᠦᠬᠡᠳ ᠲᠡᠷᠭᠡ ᠣᠩᠭᠤᠴᠠ ᠶᠢᠨ ᠭᠠᠶᠢᠯᠢ ᠶᠢ ᠲᠤᠰᠢᠶᠠᠬᠤ ᠪᠠᠨ ᠥᠪᠡᠷ ᠢᠶᠠᠨ ᠮᠡᠳᠡᠭᠦᠯᠪᠡᠯ᠂ ᠭᠠᠶᠢᠯᠢ ᠲᠤᠰᠢᠶᠠᠬᠤ ᠡᠭᠦᠷᠭᠡ ᠲᠠᠢ ᠪᠤᠯᠤᠭᠰᠠᠨ ᠤ ᠳᠠᠷᠠᠭᠠᠬᠢ ᠰᠠᠷ᠎ᠠ ᠶᠢᠨ 30 ᠤ ᠡᠳᠦᠷ ᠠᠴᠠ ᠡᠮᠦᠨ᠎ᠡ ᠲᠡᠷᠭᠡ ᠣᠩᠭᠤᠴᠠ ᠶᠢᠨ ᠭᠠᠶᠢᠯᠢ ᠪᠠᠨ ᠲᠤᠰᠢᠶᠠᠬᠤ ᠬᠡᠷᠡᠭᠲᠡᠶ᠃
ᠠᠷᠪᠠᠳᠤᠭᠠᠷ ᠵᠦᠢᠯ ᠳᠠᠭᠠᠳᠬᠠᠯ ᠤᠨ ᠪᠠᠶᠢᠭᠤᠯᠤᠮᠵᠢ ᠨᠢ ᠲᠡᠷᠭᠡ ᠣᠩᠭᠤᠴᠠ ᠶᠢᠨ ᠭᠠᠶᠢᠯᠢ ᠶᠢ ᠣᠷᠣᠯᠠᠨ ᠲᠠᠲᠠᠪᠤᠷᠢᠯᠠᠵᠤ ᠲᠤᠰᠢᠶᠠᠯᠭᠠᠬᠤ ᠭᠠᠷᠳᠠᠮ ᠤᠨ ᠰᠦᠢᠳᠬᠡᠯ ᠤᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠠᠷᠪᠠᠨ ᠨᠢᠭᠡᠳᠦᠭᠡᠷ ᠵᠦᠢᠯ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠵᠢᠴᠢ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠠᠷᠪᠠᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ ᠭᠡᠳᠡᠭ ᠨᠢ ᠬᠠᠤᠯᠢ ᠶᠣᠰᠣᠭᠠᠷ ᠲᠡᠭᠡᠭᠡᠪᠦᠷᠢᠯᠡᠨ ᠡᠵᠡᠩᠨᠡᠬᠦ ᠬᠢᠷᠢ ᠭᠡᠮ ᠲᠠᠢ ᠪᠠᠶᠢᠵᠤ᠂ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠢᠯᠧᠲ ᠤᠨ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠲᠣᠭᠲᠠᠭᠰᠠᠨ ᠴᠠᠭ᠂ ᠵᠠᠮ ᠱᠤᠭᠤᠮ ᠪᠣᠯᠤᠨ ᠥᠷᠲᠡᠭᠡ ᠴᠡᠭ ᠢᠶᠠᠷ ᠲᠡᠭᠡᠭᠡᠪᠦᠷᠢᠯᠡᠨ ᠡᠵᠡᠩᠨᠡᠵᠦ᠂ ᠣᠯᠠᠨ ᠨᠡᠶᠢᠲᠡ ᠶᠢᠨ ᠬᠢᠨ ᠢ ᠲᠡᠷᠭᠡ ᠣᠩᠭᠤᠴᠠᠨ ᠳᠤ ᠰᠠᠭᠤᠯᠭᠠᠬᠤ ᠶᠢᠨ ᠬᠠᠮᠲᠤ ᠨᠡᠶᠢᠭᠡᠮ ᠤᠨ ᠬᠡᠰᠡᠭ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠢ ᠡᠭᠦᠷᠭᠡᠯᠡᠵᠦ ᠪᠠᠶᠢᠭ᠎ᠠ ᠪᠤᠶᠤ ᠵᠠᠰᠠᠭ ᠤᠨ ᠣᠷᠳᠣᠨ ᠤ ᠵᠠᠷᠯᠢᠭ ᠤᠨ ᠴᠢᠨᠠᠷᠲᠠᠶ ᠡᠭᠦᠷᠭᠡ ᠶᠢ ᠭᠦᠢᠴᠡᠳᠬᠡᠵᠣ ᠪᠠᠶᠢᠭ᠎ᠠ ᠲᠡᠷᠭᠡ ᠣᠩᠭᠤᠴᠠ ᠶᠢ ᠵᠢᠭᠠᠵᠤ ᠪᠤᠶ᠃
ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2013 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2007 ᠣᠨ ᠤ 8 ᠳ᠋ᠤᠭᠠᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 149 ᠳ᠋ᠤᠭᠡᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠶ ᠪᠣᠯᠭᠠᠨ᠎ᠠ᠃
ᠬᠦᠰᠦᠨᠦᠭᠲᠦ ᠨᠢᠭᠡ
ᠬᠦᠰᠦᠨᠦᠭᠲᠦ ᠬᠤᠶᠠᠷ
ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ
ᠬᠦᠷᠦᠩᠬᠡ ᠶᠢᠨ ᠭᠠᠶᠢᠯᠢ ᠶᠢᠨ ᠬᠡᠷᠡᠭᠵᠢᠬᠦᠯᠬᠦ ᠨᠠᠷᠢᠨ ᠲᠦᠷᠢᠮ
︵1996 ᠤᠨ ᠤ 8 ᠳ᠋ᠤᠭᠠᠷ ᠰᠠᠷ᠎ᠠ ᠶᠢᠨ 5 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 74 ᠳ᠋ᠦ᠋ᠬᠡᠷ ᠲᠤᠭᠠᠳᠤ ᠪᠠᠷ ᠨᠡᠶᠢᠳᠡᠯᠡᠪᠡ 2010 ᠤᠨ ᠤ 11 ᠳ᠋ᠦ᠋ᠬᠡᠷ ᠰᠠᠷ᠎ᠠ ᠶᠢᠨ 26 ᠤ ᠡᠳᠦᠷ ︽ᠬᠡᠰᠡᠭ ᠲᠦᠷᠢᠮ ᠲᠤᠬᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠬᠳᠠᠭᠠᠯ︾ ᠢ ᠦᠨᠳᠦᠰᠦᠯᠡᠨ ᠠᠩᠬᠠᠳᠤᠭᠠᠷ ᠤᠳᠠᠭ᠎ᠠ ᠵᠠᠰᠠᠪᠤᠷᠢ ᠤᠷᠤᠭᠤᠯᠪᠠ 2018 ᠤᠨ ᠤ 1 ᠳ᠋ᠦ᠋ᠬᠡᠷ ᠰᠠᠷ᠎ᠠ ᠶᠢᠨ 16 ᠤ ᠡᠳᠦᠷ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ ᠬᠦᠷᠦᠩᠬᠡ ᠶᠢᠨ ᠭᠠᠶᠢᠯᠢ ᠶᠢᠨ ᠬᠡᠷᠡᠭᠵᠢᠬᠦᠯᠬᠦ ᠨᠠᠷᠢᠨ ᠲᠦᠷᠢᠮ﹀ ᠪᠠ ︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠ ᠪᠠᠯᠭᠠᠰᠤ ᠶᠢᠨ ᠭᠠᠵᠠᠷ ᠰᠢᠷᠤᠢ ᠶᠢᠨ ᠬᠡᠷᠡᠭᠯᠡᠬᠦ ᠭᠠᠶᠢᠯᠢ ᠶᠢᠨ ᠬᠡᠷᠡᠭᠵᠢᠬᠦᠯᠬᠦ ᠠᠷᠭ᠎ᠠ﹀ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ︾ ᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠤᠷᠢ ᠤᠷᠤᠭᠤᠯᠪᠠ 2019 ᠤᠨ ᠤ 3 ᠳ᠋ᠤᠭᠠᠷ ᠰᠠᠷ᠎ᠠ ᠶᠢᠨ 21 ᠤ ᠡᠳᠦᠷ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠬᠡ ᠤᠡᠭᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠬᠦᠯᠬᠦ ᠠᠷᠭ᠎ᠠ﹀ ᠪᠠ ︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ ᠬᠦᠷᠦᠩᠬᠡ ᠶᠢᠨ ᠭᠠᠶᠢᠯᠢ ᠶᠢᠨ ᠬᠡᠷᠡᠭᠵᠢᠬᠦᠯᠬᠦ ᠨᠠᠷᠢᠨ ᠲᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ︾ ᠢ ᠦᠨᠳᠦᠰᠦᠯᠡᠨ ᠭᠤᠷᠪᠠᠳᠡᠬᠢ ᠤᠳᠠᠭ᠎ᠠ ᠵᠠᠰᠠᠪᠤᠷᠢ ᠤᠷᠤᠭᠤᠯᠪᠠ︶
ᠨᠢᠬᠡᠳᠦᠬᠡᠷ ᠵᠦᠢᠯ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠷ ᠬᠦᠷᠦᠩᠬᠡ ᠶᠢᠨ ᠭᠠᠶᠢᠯᠢ ᠶᠢᠨ ᠲᠦᠷ ᠬᠡᠷᠡᠭᠵᠢᠬᠦᠯᠬᠦ ᠲᠦᠷᠢᠮ︾ ︵ᠲᠤᠷᠤᠬᠰᠢ ︽ᠲᠦᠷᠢᠮ︾ ᠬᠡᠵᠦ ᠲᠤᠪᠴᠢᠯᠠᠨ᠎ᠠ︶ ᠢ ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠦ᠂ ᠲᠤᠰ ᠬᠡᠷᠡᠭᠵᠢᠬᠦᠯᠬᠦ ᠨᠠᠷᠢᠨ ᠲᠦᠷᠢᠮ ᠢ ᠲᠤᠭᠳᠠᠭᠠᠪᠠ᠃
ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠬᠡᠷ ᠬᠦᠷᠦᠩᠬᠡ ᠶᠢᠨ ᠭᠠᠶᠢᠯᠢ ᠶᠢᠨ ᠲᠠᠳᠠᠪᠤᠷᠢᠯᠠᠬᠤ ᠬᠦᠷᠢᠶ᠎ᠠ ᠬᠡᠪᠴᠢᠶ᠎ᠠ ᠪᠤᠯ᠄
︵ᠨᠢᠬᠡ︶ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠦᠪᠰᠢᠶᠡᠷᠡᠨ ᠪᠠᠶᠢᠭᠤᠯᠤᠬᠰᠠᠨ ᠬᠤᠳᠠ︔
︵ᠬᠤᠶᠠᠷ︶ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ ᠪᠠᠯᠭᠠᠰᠤ︔
︵ᠭᠤᠷᠪᠠ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠨ ᠪᠠᠶᠢᠭᠤᠯᠤᠬᠰᠠᠨ ᠪᠠᠶᠢᠭᠤᠯᠤᠯᠳᠠᠳᠤ ᠪᠠᠯᠭᠠᠰᠤ︔
︵ᠲᠦᠷᠪᠡ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠨ ᠪᠠᠶᠢᠭᠤᠯᠤᠬᠰᠠᠨ ᠠᠵᠦ ᠦᠢᠯᠡᠳᠪᠦᠷᠢ ᠠᠭᠤᠷᠬᠠᠢ ᠶᠢᠨ ᠲᠤᠭᠤᠷᠢᠭ᠃
ᠭᠤᠷᠪᠠᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠳᠤ ᠦᠨ᠎ᠠ ᠪᠠ ᠲᠦᠷᠢᠶᠡᠰᠤ ᠬᠤᠶᠠᠷ ᠵᠦᠢᠯ ᠢᠶᠠᠷ ᠪᠤᠳᠤᠵᠦ ᠲᠠᠳᠠᠪᠤᠷᠢᠯᠠᠬᠤ ᠠᠷᠭ᠎ᠠ ᠶᠢ ᠬᠡᠷᠡᠭᠯᠡᠨ᠎ᠠ᠃
ᠦᠨ᠎ᠠ ᠪᠠᠷ ᠪᠤᠳᠤᠵᠦ ᠲᠠᠳᠠᠪᠤᠷᠢᠯᠠᠬᠤ ᠳᠤ᠂ ᠵᠢᠯ ᠪᠦᠷᠢ ᠬᠡᠷ ᠬᠦᠷᠦᠩᠬᠡ ᠶᠢᠨ ᠤᠤᠯ ᠤᠨ ᠦᠷᠳᠡᠭ ᠠᠴᠠ ᠨᠢᠬᠡ ᠤᠳᠠᠭ᠎ᠠ ᠳᠤ 10% ᠶᠢ ᠬᠠᠰᠤᠬᠰᠠᠨ ᠤ ᠲᠠᠷᠠᠭ᠎ᠠ ᠦᠯᠡᠳᠡᠭᠰᠡᠨ ᠦᠷᠳᠡᠭ ᠤᠨ 1.2% ᠢᠶᠠᠷ ᠬᠡᠷ ᠬᠦᠷᠦᠩᠬᠡ ᠶᠢᠨ ᠭᠠᠶᠢᠯᠢ ᠲᠠᠳᠠᠪᠤᠷᠢᠯᠠᠨ᠎ᠠ᠃
2019 ᠤᠨ ᠤ 1 ᠳ᠋ᠦ᠋ᠬᠡᠷ ᠰᠠᠷ᠎ᠠ ᠶᠢᠨ 1 ᠤ ᠡᠳᠦᠷ ᠠᠴᠠ 2021 ᠤᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ᠂ ᠡᠮᠦᠨᠡᠬᠢ ᠵᠤᠷᠪᠤᠰ ᠲᠤ ᠲᠤᠭᠳᠠᠭᠠᠭᠰᠠᠨ ᠬᠡᠷ ᠬᠦᠷᠦᠩᠬᠡ ᠶᠢᠨ ᠤᠤᠯ ᠤᠨ ᠦᠷᠳᠡᠭ ᠠᠴᠠ ᠨᠢᠬᠡ ᠤᠳᠠᠭ᠎ᠠ ᠳᠤ ᠬᠠᠰᠤᠬᠤ ᠬᠠᠷᠢᠴᠠᠯ ᠢ 10% ᠪᠠᠶᠢᠬᠰᠠᠨ ᠠᠴᠠ 30% ᠪᠤᠯᠭᠠᠵᠦ ᠲᠦᠷ
ᠲᠤᠬᠢᠷᠠᠭᠤᠯᠤᠨ᠎ᠠ᠃
ᠲᠦᠷᠢᠶᠡᠰᠤ ᠪᠠᠷ ᠪᠤᠳᠤᠵᠦ ᠲᠠᠳᠠᠪᠤᠷᠢᠯᠠᠬᠤ ᠳᠤ᠂ ᠵᠢᠯ ᠪᠦᠷᠢ ᠬᠡᠷ ᠬᠦᠷᠦᠩᠬᠡ ᠶᠢᠨ ᠲᠦᠷᠢᠶᠡᠰᠤᠨ ᠮᠦᠡᠭᠬᠦᠨ ᠤ ᠤᠷᠤᠯᠭ᠎ᠠ ᠶᠢᠨ12% ᠢᠶᠠᠷ ᠬᠡᠷ ᠬᠦᠷᠦᠩᠬᠡ ᠶᠢᠨ ᠭᠠᠶᠢᠯᠢ ᠲᠠᠳᠠᠪᠤᠷᠢᠯᠠᠨ᠎ᠠ᠃
ᠡᠯᠡᠭᠳᠡᠯ ᠪᠤᠳᠤᠬᠤ ᠬᠡᠯᠪᠡᠷᠢ ᠪᠠᠷ ᠬᠡᠷ ᠬᠦᠷᠦᠩᠬᠡ ᠬᠡᠷᠡᠭᠯᠡᠭᠰᠡᠨ ᠪᠠᠶᠢᠪᠠᠯ᠂ ᠦᠨ᠎ᠠ ᠪᠠᠷ ᠪᠤᠳᠤᠵᠦ ᠲᠠᠳᠠᠪᠤᠷᠢᠯᠠᠬᠤ ᠠᠷᠭ᠎ᠠ ᠶᠤᠰᠤᠭᠠᠷ ᠬᠡᠷ ᠬᠦᠷᠦᠩᠬᠡ ᠶᠢᠨ ᠭᠠᠶᠢᠯᠢ ᠲᠠᠳᠠᠪᠤᠷᠢᠯᠠᠨ᠎ᠠ᠃
ᠲᠦᠷᠪᠡᠳᠦᠬᠡᠷ ᠵᠦᠢᠯ ︽ᠲᠦᠷᠢᠮ︾ ᠤᠨ ᠲᠠᠪᠤᠳᠤᠭᠠᠷ ᠵᠦᠢᠯ ᠳᠤ ᠲᠤᠭᠳᠠᠭᠠᠭᠰᠠᠨ ᠭᠠᠶᠢᠯᠢ ᠲᠠᠳᠠᠪᠤᠷᠢᠯᠠᠬᠤ ᠦᠬᠡᠢ ᠬᠡᠷ ᠬᠦᠷᠦᠩᠬᠡ ᠠᠴᠠ ᠪᠤᠰᠤᠳ ᠲᠤ᠂ ᠭᠠᠶᠢᠯᠢ ᠲᠤᠰᠢᠶᠠᠬᠴᠢ ᠨᠢ ᠭᠠᠶᠢᠯᠢ ᠲᠤᠰᠢᠶᠠᠬᠤ ᠳᠤ ᠦᠨᠡᠨ ᠬᠦ ᠬᠦᠴᠢᠷ ᠲᠠᠢ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠬᠡᠷ ᠬᠦᠷᠦᠩᠬᠡ ᠶᠢᠨ ᠭᠠᠶᠢᠯᠢ ᠶᠢ ᠲᠤᠭᠳᠠᠮᠠᠯ ᠬᠤᠭᠤᠴᠠᠭ᠎ᠠ ᠲᠠᠢ ᠪᠠᠷ ᠲᠠᠳᠠᠪᠤᠷᠢᠯᠠᠬᠤ ᠶᠢ ᠬᠦᠡᠭᠬᠡᠷᠡᠬᠦᠯᠬᠦ ᠪᠤᠶᠤ ᠲᠠᠳᠠᠪᠤᠷᠢᠯᠠᠬᠤ ᠦᠬᠡᠢ ᠪᠠᠶᠢᠯᠭᠠᠬᠤ ᠪᠠᠷ ᠲᠤᠭᠳᠠᠭᠠᠵᠦ ᠪᠤᠯᠤᠨ᠎ᠠ᠃
ᠲᠠᠪᠤᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠶᠢ ᠵᠢᠯ ᠢᠶᠠᠷ ᠲᠠᠳᠠᠪᠤᠷᠢᠯᠠᠵᠦ᠂ ᠬᠠᠭᠠᠰ ᠵᠢᠯ ᠳᠤ ᠨᠢᠬᠡ ᠤᠳᠠᠭ᠎ᠠ ᠲᠤᠰᠢᠶᠠᠨ᠎ᠠ᠃ ᠪᠤᠳᠠᠳᠠᠢ ᠲᠤᠰᠢᠶᠠᠬᠤ ᠴᠠᠭ ᠬᠤᠭᠤᠴᠠᠭ᠎ᠠ ᠨᠢ ᠵᠢᠯ ᠪᠦᠷᠢ ᠶᠢᠨ 5 ᠳ᠋ᠤᠭᠠᠷ ᠰᠠᠷ᠎ᠠ ᠪᠠ 11 ᠳ᠋ᠦ᠋ᠬᠡᠷ ᠰᠠᠷ᠎ᠠ ᠪᠤᠯᠤᠨ᠎ᠠ᠃ ᠲᠠᠩᠰᠠᠨ ᠠᠴᠠ ᠬᠠᠰᠤᠬᠰᠠᠨ ᠭᠠᠶᠢᠯᠢ ᠲᠤᠰᠢᠶᠠᠬᠴᠢ ᠨᠢ ᠲᠠᠩᠰᠠᠨ ᠠᠴᠠ ᠬᠠᠰᠤᠬᠰᠠᠨ ᠲᠤᠰ ᠰᠠᠷ᠎ᠠ ᠳᠤ ᠬᠡᠷ ᠬᠦᠷᠦᠩᠬᠡ ᠶᠢᠨ ᠭᠠᠶᠢᠯᠢ ᠪᠠᠨ ᠲᠤᠰᠢᠶᠠᠵᠦ ᠲᠠᠭᠤᠰᠬᠠᠨ᠎ᠠ᠃
ᠵᠢᠷᠭᠤᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠶᠢ ᠬᠡᠷ ᠬᠦᠷᠦᠩᠬᠡ ᠶᠢᠨ ᠪᠠᠶᠢᠭ᠎ᠠ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠳᠠᠪᠤᠷᠢᠯᠠᠨ᠎ᠠ᠃
ᠲᠤᠯᠤᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠶᠢ ᠲᠠᠳᠠᠪᠤᠷᠢᠯᠠᠵᠦ ᠬᠠᠮᠢᠶᠠᠷᠬᠤ ᠳᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠶᠢᠯᠢ ᠲᠠᠳᠠᠪᠤᠷᠢᠯᠠᠬᠤ ᠬᠠᠮᠢᠶᠠᠷᠤᠯᠳᠠ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠶᠢᠯᠢ ᠲᠠᠳᠠᠪᠤᠷᠢᠯᠠᠬᠤ ᠬᠠᠮᠢᠶᠠᠷᠤᠯᠳᠠ ᠶᠢᠨ ᠬᠠᠤᠯᠢ ᠶᠢᠨ ᠬᠡᠷᠡᠭᠵᠢᠬᠦᠯᠬᠦ ᠨᠠᠷᠢᠨ ᠲᠦᠷᠢᠮ︾ ᠪᠤᠯᠤᠨ ᠲᠤᠰ ᠬᠡᠷᠡᠭᠵᠢᠬᠦᠯᠬᠦ ᠨᠠᠷᠢᠨ ᠲᠦᠷᠢᠮ ᠢ ᠵᠢᠷᠤᠮᠯᠠᠨ ᠬᠡᠷᠡᠭᠵᠢᠬᠦᠯᠦᠨ᠎ᠠ᠃
ᠨᠠᠢᠮᠠᠳᠤᠭᠠᠷ ᠵᠦᠢᠯ ᠲᠣᠰ ᠬᠡᠷᠡᠭᠵᠢᠬᠦᠯᠬᠦ ᠨᠠᠷᠢᠨ ᠲᠦᠷᠢᠮ ᠢ 1996 ᠤᠨ ᠤ 1 ᠳ᠋ᠦ᠋ᠬᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ᠃ 1987 ᠤᠨ ᠤ 3 ᠳ᠋ᠤᠭᠠᠷ ᠰᠠᠷ᠎ᠠ ᠶᠢᠨ 16 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠳᠡᠯᠡᠭᠰᠡᠨ ︽︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠷ ᠬᠦᠷᠦᠩᠬᠡ ᠶᠢᠨ ᠭᠠᠶᠢᠯᠢ ᠶᠢᠨ ᠲᠦᠷ ᠬᠡᠷᠡᠭᠵᠢᠬᠦᠯᠬᠦ ᠲᠦᠷᠢᠮ﹀ ᠤᠨ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠨᠠᠷᠢᠨ
ᠲᠦᠷᠢᠮ︾ ︵ᠦᠪᠦᠷ ᠵᠠᠰᠠᠭ ᠲᠠᠷᠬᠠᠭᠠᠭᠰᠠᠨ ﹇1987﹈ 33 ᠳ᠋ᠤᠭᠠᠷ ᠲᠤᠭᠠᠳᠤ︶ ᠢ ᠬᠠᠮᠳᠤ ᠳᠤ ᠨᠢ ᠬᠦᠴᠦᠨ ᠦᠬᠡᠢ ᠪᠤᠯᠭᠠᠨ᠎ᠠ᠃