ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | | 239 ᠳ᠋ᠤᠭᠡᠷ ᠲᠤᠭᠠᠳᠤ | | | ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠪᠦᠭᠦᠲᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ﹀ ᠪᠠ ︿ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ﹀ | ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠲᠤᠭᠲᠠᠭᠠᠯ︾ ᠢ 2019 ᠣᠨ ᠤ 2 ᠳ᠋ᠤᠭᠠᠷ ᠰᠠᠷ᠎ᠠ ᠶᠢᠨ 28 ᠤ ᠡᠳᠦᠷ ᠦᠪᠡᠷᠲᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ | ᠨᠢᠭᠡᠨᠲᠡ ᠬᠢᠨᠠᠨ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | 2019 ᠣᠨ ᠤ 3 ᠳ᠋ᠤᠭᠠᠷ ᠰᠠᠷ᠎ᠠ ᠶᠢᠨ 21 ᠤ ᠡᠳᠦᠷ | | | | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ︿ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ | ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ︾ ᠳᠤ ᠳᠤᠤᠷᠠᠬᠢ ᠮᠡᠲᠦ ᠵᠠᠰᠠᠪᠤᠷᠢ | ᠤᠷᠤᠭᠤᠯᠬᠤ ᠪᠠᠷ ᠲᠤᠭᠲᠠᠭᠠᠪᠠ᠄ | ᠨᠢᠭᠡ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠲᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︵2013 | ᠣᠨ ᠤ 2 ᠳ᠋ᠤᠭᠠᠷ ᠰᠡᠷ᠎ᠠ ᠶᠢᠨ 6 ᠤ ᠡᠳᠣᠷ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠢᠭ 192 ᠳ᠋ᠤᠭᠠᠷ ᠲᠣᠭᠠᠳᠣ ᠪᠠᠷ ᠨᠡᠶᠢᠳᠡᠯᠡᠪᠡ︶ | ᠭᠤᠷᠪᠠᠳᠤᠭᠠᠷ ᠵᠦᠢᠯ ᠳᠤ ᠨᠢᠭᠡ ᠵᠤᠷᠪᠤᠰ ᠨᠡᠮᠡᠵᠦ ᠬᠤᠶᠠᠳᠤᠭᠠᠷ ᠵᠤᠷᠪᠤᠰ ᠪᠣᠯᠭᠠᠪᠠ᠄ ︽2019 ᠣᠨ ᠤ 1 | ᠳ᠋ᠤᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ | ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ ᠤ ᠠᠵᠢᠯᠯᠠᠬᠤ ᠲᠡᠷᠭᠡ᠂ ᠲᠤᠰᠬᠠᠢ ᠬᠡᠷᠡᠭᠯᠡᠭᠡᠨ ᠤ | ᠬᠦᠷᠳᠦᠳᠦ ᠮᠧᠬᠠᠨᠢᠭ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ | ᠲᠤᠭ᠎ᠠ ᠶᠢ ᠡᠮᠦᠨᠡᠬᠢ ᠵᠤᠷᠪᠤᠰ ᠤᠨ ᠲᠣᠭᠲᠠᠭᠠᠯ ᠳᠠᠬᠢ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢᠨ | ᠪᠠᠷᠢᠮᠵᠢᠶᠠᠨ ᠤ 50% ᠪᠠᠷ ᠲᠦᠷ ᠲᠠᠲᠠᠪᠤᠷᠢᠯᠠᠨ᠎ᠠ᠃︾ | ᠳᠤᠯᠤᠳᠤᠭᠠᠷ ᠵᠦᠢᠯ ᠳᠤ᠄ ︽ᠲᠡᠷᠭᠡ ᠣᠩᠭᠤᠴᠠ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠬᠠᠷᠢᠭᠤᠴᠠᠵᠤ ᠲᠠᠲᠠᠪᠤᠷᠢᠯᠠᠨ᠎ᠠ︾ ᠭᠡᠵᠦ ᠵᠠᠰᠠᠪᠤᠷᠢ ᠤᠷᠤᠭᠤᠯᠪᠠ᠃ | ᠬᠤᠶᠠᠷ᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠡᠷ ᠬᠦᠷᠥᠩᠬᠡ ᠶᠢᠨ ᠭᠠᠶᠢᠯᠢ ᠶᠢᠨ | ᠭᠡᠷᠡᠭᠵᠢᠬᠦᠯᠬᠦ ᠨᠠᠷᠢᠨ ᠳᠥᠷᠢᠮ︾ ︵2016 ᠣᠨ ᠤ 1 ᠳ᠋ᠤᠭᠡᠷ ᠰᠠᠷ᠎ᠠ ᠶᠢᠨ 16 ᠤ ᠡᠳᠦᠷ ᠦᠪᠤᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 229 ᠳ᠋ᠤᠭᠡᠷ ᠲᠣᠭᠠᠳᠣ ᠪᠠᠷ | ᠨᠡᠶᠢᠳᠡᠯᠡᠪᠡ︶ | ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠨᠢᠭᠡ ᠵᠤᠷᠪᠤᠰ ᠨᠡᠮᠡᠪᠠ᠄ ︽2019 ᠣᠨ ᠤ 1 | ᠳ᠋ᠤᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ | ᠡᠮᠦᠨᠡᠬᠢ ᠵᠤᠷᠪᠤᠰ ᠲᠤ ᠲᠣᠭᠲᠠᠭᠠᠭᠰᠠᠨ ᠭᠡᠷ ᠬᠦᠷᠦᠩᠭᠡ ᠶᠢᠨ ᠤᠤᠯ ᠦᠷᠲᠡᠭ ᠢᠶᠠᠷ ᠨᠢᠭᠡ ᠤᠳᠠᠭ᠎ᠠ ᠳᠤ ᠬᠠᠰᠤᠬᠤ | ᠬᠠᠷᠢᠴᠠᠯ ᠢ 10% ᠠᠴᠠ 30% ᠪᠣᠯᠭᠠᠵᠤ ᠲᠦᠷ ᠲᠤᠬᠢᠷᠠᠭᠤᠯᠤᠨ᠎ᠠ᠃︾ | ᠵᠢᠷᠭᠤᠳᠤᠭᠠᠷ ᠵᠦᠢᠯ ᠳᠤ ︽ᠭᠡᠷ ᠬᠦᠷᠦᠩᠭᠡ ᠶᠢᠨ ᠭᠠᠶᠢᠯᠢ ᠶᠢ ᠭᠡᠷ ᠬᠦᠷᠦᠩᠭᠡ ᠶᠢᠨ ᠪᠠᠶᠢᠭ᠎ᠠ ᠭᠠᠵᠠᠷ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠲᠠᠪᠤᠷᠢᠯᠠᠨ᠎ᠠ︾ ᠭᠡᠵᠦ ᠵᠠᠰᠠᠪᠤᠷᠢ ᠤᠷᠤᠭᠤᠯᠪᠠ᠃ | ᠲᠤᠰ ᠲᠤᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠲᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ︾ | ᠳᠤ ᠲᠤᠰ ᠲᠤᠭᠲᠠᠭᠠᠯ ᠢ ᠦᠨᠳᠦᠰᠦᠯᠡᠵᠦ ᠵᠤᠬᠢᠬᠤ ᠵᠠᠰᠠᠪᠤᠷᠢ ᠤᠷᠤᠭᠤᠯᠵᠤ᠂ ᠳᠠᠬᠢᠵᠤ ᠰᠢᠨ᠎ᠡ ᠪᠠᠷ ᠨᠡᠶᠢᠲᠡᠯᠡᠨ᠎ᠡ᠃ | | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠪᠦᠭᠦᠲᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ | | | ︵2013 ᠣᠨ ᠤ 2 ᠳ᠋ᠣᠭᠠᠷ ᠰᠡᠷ᠎ᠠ ᠶᠢᠨ 6 ᠤ ᠡᠳᠣᠷ ᠦᠪᠤᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 192 ᠳ᠋ᠣᠭᠠᠷ ᠲᠣᠭᠠᠳᠣ ᠪᠠᠷ ᠨᠡᠶᠢᠳᠡᠯᠡᠪᠡ 2019 | ᠣᠨ ᠤ 3 ᠳ᠋ᠣᠭᠠᠷ ᠰᠡᠷ᠎ᠠ ᠶᠢᠨ 21 ᠤ ᠡᠳᠣᠷ ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ | ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾ ᠶᠢ | ᠬᠡᠷᠡᠭᠵᠢᠭᠦᠯᠬᠦ ᠠᠷᠭ᠎ᠠ﹀ ᠪᠠ ︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠡᠷ ᠬᠦᠷᠦᠩᠭᠡ ᠶᠢᠨ | ᠭᠠᠶᠢᠯᠢ ᠶᠢᠨ ᠬᠡᠷᠡᠭᠵᠢᠭᠦᠯᠬᠦ ᠨᠠᠷᠢᠨ ᠳᠥᠷᠢᠮ﹀ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ︾ ᠢ ᠦᠠᠳᠣᠰᠣᠯᠡᠨ ᠵᠠᠰᠠᠪᠦᠷᠢ | ᠣᠷᠣᠭᠤᠯᠪᠡ︶ | ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ | ᠭᠠᠶᠢᠯᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ | ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠤᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠡᠪᠴᠢᠶᠡᠨ ᠳᠣᠲᠣᠷᠠᠬᠢ ᠲᠤᠰ | ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ | ᠣᠩᠭᠤᠴᠠ ᠶᠢᠨ ᠭᠠᠶᠢᠯᠢ ᠶᠢᠨ ᠵᠦᠢᠯ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢᠨ ᠲᠣᠭᠲᠠᠭᠠᠯ ᠳᠤ | ᠬᠠᠷᠢᠶᠠᠯᠠᠭᠳᠠᠬᠤ ᠲᠡᠷᠭᠡ ᠬᠦᠰᠭᠡ᠂ ᠣᠩᠭᠤᠴᠠ ᠵᠠᠪᠢ ᠶᠢᠨ ᠥᠮᠴᠢᠯᠡᠭᠴᠢ ᠪᠤᠶᠤ ᠬᠠᠮᠢᠶᠠᠷᠤᠭᠴᠢ ᠪᠣᠯ ᠲᠡᠷᠭᠡ | ᠣᠩᠭᠤᠴᠠ ᠶᠢᠨ ᠭᠠᠶᠢᠯᠢ ᠲᠤᠰᠢᠶᠠᠭᠴᠢ ᠪᠣᠯᠬᠤ ᠲᠤᠯᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ ᠶᠢᠨ ᠬᠡᠷᠡᠭᠵᠢᠭᠦᠯᠬᠦ ᠳᠦᠷᠢᠮ︾ ᠪᠣᠯᠤᠨ ᠲᠤᠰ ᠠᠷᠭ᠎ᠠ ᠶᠢᠨ ᠶᠣᠰᠣᠭᠠᠷ | ᠲᠡᠷᠭᠡ ᠣᠩᠭᠤᠴᠠ ᠶᠢᠨ ᠭᠠᠶᠢᠯᠢ ᠲᠤᠰᠢᠶᠠᠬᠤ ᠬᠡᠷᠡᠭᠲᠡᠶ᠃ | ᠲᠤᠰ ᠠᠷᠭ᠎ᠠ ᠳᠤ ᠬᠡᠯᠡᠵᠦ ᠪᠠᠶᠢᠭ᠎ᠠ ᠲᠡᠷᠭᠡ ᠬᠥᠰᠭᠡ᠂ ᠣᠩᠭᠤᠴᠠ ᠵᠠᠪᠢ ᠭᠡᠳᠡᠭ ᠨᠢ ᠲᠡᠷᠭᠡ ᠣᠩᠭᠤᠴᠠ ᠶᠢ | ᠳᠠᠩᠰᠠᠯᠠᠵᠤ ᠲᠡᠮᠲᠡᠭᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠣ ᠲᠡᠮᠳᠡᠭᠯᠡᠭᠦᠯᠦᠭᠰᠡᠨ | ᠪᠠᠶᠢᠬᠤ ᠶᠣᠰᠤᠲᠠᠢ ᠮᠠᠰᠢᠨᠲᠤ ᠲᠡᠷᠭᠡ ᠪᠣᠯᠤᠨ ᠣᠩᠭᠤᠴᠠ ᠵᠠᠪᠢ᠂ ᠵᠢᠴᠢ ᠲᠡᠷᠭᠡ ᠣᠩᠭᠤᠴᠠ ᠶᠢ ᠳᠠᠩᠰᠠᠯᠠᠵᠤ | ᠲᠡᠮᠳᠡᠭᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠣ ᠲᠡᠮᠳᠡᠭᠯᠡᠭᠦᠯᠬᠦ ᠴᠢᠬᠤᠯᠠ ᠦᠭᠡᠶ | ᠨᠢᠭᠡᠴᠢ ᠶᠢᠨ ᠳᠣᠲᠣᠭᠠᠳᠤ ᠳᠠᠬᠢ ᠲᠠᠯᠠᠪᠤᠷ ᠭᠠᠵᠠᠷ ᠢᠶᠠᠷ ᠵᠢᠯᠤᠭᠤᠳᠴᠦ ᠪᠠᠶᠢᠭ᠎ᠠ ᠪᠤᠶᠤ ᠠᠵᠢᠯᠯᠠᠭᠤᠯᠵᠤ ᠪᠠᠶᠢᠭ᠎ᠠ | ᠮᠠᠰᠢᠨᠲᠤ ᠲᠡᠷᠭᠡ ᠪᠣᠯᠤᠨ ᠣᠩᠭᠤᠴᠠ ᠵᠠᠪᠢ ᠶᠢ ᠵᠢᠭᠠᠵᠤ ᠪᠤᠶ᠃ | ᠭᠤᠷᠪᠠᠳᠤᠭᠠᠷ ᠵᠦᠢᠯ ᠲᠡᠷᠭᠡ ᠣᠩᠭᠤᠴᠠ ᠶᠢᠨ ᠭᠠᠶᠢᠯᠢ ᠶᠢᠨ ᠵᠦᠢᠯ᠂ ᠭᠠᠶᠢᠯᠢ ᠶᠢᠨ ᠲᠤᠭ᠎ᠠ ᠶᠢ ᠲᠤᠰ | ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ | ᠣᠩᠭᠤᠴᠠ ᠶᠢᠨ ᠭᠠᠶᠢᠯᠢ ᠶᠢᠨ ᠵᠦᠢᠯ ᠭᠠᠶᠢᠯᠢ ᠶᠢᠨ ᠲᠤᠭ᠎ᠠ ᠶᠢᠨ ᠬᠦᠰᠦᠨᠦᠭᠲᠦ︾ ᠶᠢᠨ ᠶᠣᠰᠣᠭᠠᠷ | ᠬᠡᠷᠡᠭᠵᠢᠭᠦᠯᠦᠨ᠎ᠡ᠃ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ ᠤ ᠠᠵᠢᠯᠯᠠᠬᠤ ᠲᠡᠷᠭᠡ᠂ | ᠲᠤᠰᠬᠠᠢ ᠬᠡᠷᠡᠭᠯᠡᠭᠡᠨ ᠤ ᠬᠦᠷᠳᠦᠳᠦ ᠮᠧᠬᠠᠨᠢᠭ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠭᠤᠯᠤᠨ | ᠬᠡᠷᠡᠭᠯᠡᠬᠦ ᠭᠠᠶᠢᠯᠢ ᠶᠢᠨ ᠲᠤᠭ᠎ᠠ ᠶᠢ ᠡᠮᠦᠨᠡᠬᠢ ᠵᠤᠷᠪᠤᠰ ᠤᠨ ᠲᠣᠭᠲᠠᠭᠠᠯ ᠳᠠᠬᠢ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ | ᠲᠤᠭ᠎ᠠ ᠶᠢᠨ ᠪᠠᠷᠢᠮᠵᠢᠶᠠᠨ ᠤ 50% ᠪᠠᠷ ᠲᠦᠷ ᠲᠠᠲᠠᠪᠤᠷᠢᠯᠠᠨ᠎ᠠ᠃ | ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠲᠡᠷᠭᠡ ᠣᠩᠭᠤᠴᠠ ᠠᠴᠠ ᠲᠡᠷᠭᠡ ᠣᠩᠭᠤᠴᠠ ᠶᠢᠨ ᠭᠠᠶᠢᠯᠢ | ᠲᠠᠲᠠᠪᠤᠷᠢᠯᠠᠬᠤ ᠦᠭᠡᠢ᠄ | ︵ᠨᠢᠭᠡ︶ ᠠᠩᠨᠠᠵᠤ ᠱᠦᠭᠦᠬᠦ᠂ ᠲᠡᠵᠢᠭᠡᠨ ᠦᠷᠡᠵᠢᠭᠦᠯᠬᠦ ᠵᠢᠭᠠᠰᠤᠨ ᠤ ᠣᠩᠭᠤᠴᠠ︔ | ︵ᠬᠤᠶᠠᠷ︶ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠤᠰᠬᠠᠶ ᠬᠡᠷᠡᠭᠯᠡᠬᠦ ᠲᠡᠷᠭᠡ | ᠣᠩᠭᠤᠴᠠ︔ | ︵ᠭᠤᠷᠪᠠ︶ ᠴᠠᠭᠳᠠᠭᠠᠨ ᠤ ᠲᠡᠷᠭᠡ ᠣᠩᠭᠤᠴᠠ︔ | ︵ᠳᠥᠷᠪᠡ︶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠠᠶᠢᠯᠢ ᠲᠠᠲᠠᠪᠤᠷᠢᠯᠠᠬᠤ ᠦᠭᠡᠢ ᠪᠠᠶᠢᠬᠤ | ᠶᠤᠰᠤᠲᠠᠢ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠡᠯᠴᠢᠨ ᠰᠠᠶᠢᠳ ᠤᠨ ᠶᠠᠮᠤᠨ ᠺᠤᠨᠰᠦ᠋ᠯ ᠤᠨ | ᠭᠠᠵᠠᠷ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠠᠴᠠ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠬᠦ | ᠪᠠᠶᠢᠭᠤᠯᠤᠮᠵᠢ ᠵᠢᠴᠢ ᠲᠡᠳᠡᠭᠡᠷ ᠤᠨ ᠬᠤᠯᠪᠣᠭᠳᠠᠯ ᠪᠦᠬᠦᠢ ᠠᠵᠢᠯᠲᠠᠳ ᠤᠨ ᠲᠡᠷᠭᠡ ᠣᠩᠭᠤᠴᠠ︔ | ︵ᠲᠠᠪᠤ︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ︔ | ︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠪᠠᠶᠢᠭ᠎ᠠ ᠪᠥᠭᠡᠳ ᠭᠤᠤᠯᠳᠠᠭᠤ | ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠮᠤᠲ᠋ᠤᠷ᠂ ᠭᠤᠷᠪᠠᠨ ᠬᠦᠷᠳᠦᠲᠦ ᠮᠠᠰᠢᠨ ᠲᠡᠷᠭᠡ ᠪᠣᠯᠤᠨ ᠤᠳᠠᠭᠠᠨ | ᠬᠤᠷᠳᠤᠴᠠᠲᠤ ᠪᠠᠷᠠᠭ᠎ᠠ ᠠᠴᠢᠶᠠᠯᠠᠬᠤ ᠮᠠᠰᠢᠨ ᠲᠡᠷᠭᠡ᠃ | ᠲᠠᠪᠤᠳᠤᠭᠠᠷ ᠵᠦᠢᠯ ᠲᠣᠭᠲᠠᠭᠠᠯ ᠶᠣᠰᠣᠭᠠᠷ ᠣᠩᠭᠤᠴᠠ ᠵᠠᠪᠢ ᠶᠢᠨ ᠲᠣᠨ ᠢᠶᠠᠷ ᠲᠤᠭᠠᠴᠠᠯᠠᠬᠤ ᠭᠠᠶᠢᠯᠢ | ᠲᠤᠰᠢᠶᠠᠵᠤ ᠪᠠᠶᠢᠭ᠎ᠠ ᠮᠠᠰᠢᠨᠲᠤ ᠣᠩᠭᠤᠴᠠ ᠵᠠᠪᠢ ᠪᠣᠯᠤᠨ ᠲᠡᠷᠭᠡ ᠣᠩᠭᠤᠴᠠ ᠶᠢ ᠳᠠᠩᠰᠠᠯᠠᠨ ᠳᠡᠮᠳᠡᠭᠯᠡᠵᠦ | ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠤᠨ ᠳᠡᠮᠳᠡᠭᠯᠡᠭᠦᠯᠬᠦ ᠴᠢᠬᠤᠯᠠ ᠦᠭᠡᠶ ᠨᠢᠰᠬᠡᠯ ᠤᠨ | ᠪᠠᠭᠤᠳᠠᠯ᠂ ᠭᠠᠷᠠᠮ᠂ ᠲᠡᠮᠦᠷ ᠵᠠᠮ ᠤᠨ ᠥᠷᠲᠡᠭᠡ ᠲᠠᠯᠠᠪᠠᠢ ᠶᠢᠨ ᠳᠣᠲᠣᠭᠠᠳᠤ ᠳᠤ ᠪᠠᠨ ᠵᠢᠯᠤᠭᠤᠳᠬᠤ ᠪᠤᠶᠤ | ᠠᠵᠢᠯᠯᠠᠭᠤᠯᠵᠤ ᠪᠠᠶᠢᠭ᠎ᠠ ᠲᠡᠷᠭᠡ ᠣᠩᠭᠤᠴᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ | ᠣᠩᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 5 ᠵᠢᠯ ᠳᠤ ᠲᠡᠷᠭᠡ | ᠣᠩᠭᠤᠴᠠ ᠶᠢᠨ ᠭᠠᠶᠢᠯᠢ ᠲᠠᠲᠠᠪᠤᠷᠢᠯᠠᠬᠤ ᠦᠭᠡᠢ᠃ | ᠵᠢᠷᠭᠤᠳᠤᠭᠠᠷ ᠵᠦᠢᠯ ᠡᠨᠧᠷᠭᠢ ᠠᠷᠪᠢᠯᠠᠬᠤ᠂ ᠰᠢᠨ᠎ᠡ ᠡᠨᠧᠷᠭᠢ ᠬᠡᠷᠡᠭᠯᠡᠵᠦ ᠪᠦᠬᠦᠢ ᠲᠡᠷᠭᠡ ᠣᠩᠭᠤᠴᠠ ᠠᠴᠠ | ᠲᠡᠷᠭᠡ ᠣᠩᠭᠤᠴᠠ ᠶᠢᠨ ᠭᠠᠶᠢᠯᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠤᠨ᠎ᠠ᠃ ᠪᠣᠳᠠᠲᠠᠶ | ᠬᠡᠪᠴᠢᠶ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠠᠵᠠᠷ ᠬᠥᠳᠡᠯᠦᠯᠲᠡ᠂ ᠦᠶᠡᠷ ᠤᠰᠤᠲᠤᠯ ᠵᠡᠷᠭᠡ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠤᠨ | ᠨᠥᠯᠥᠭᠡ ᠠᠴᠠ ᠪᠣᠯᠵᠤ ᠭᠠᠶᠢᠯᠢ ᠲᠤᠰᠢᠶᠠᠬᠤ ᠳᠤ ᠬᠦᠴᠢᠷᠳᠡᠯ ᠲᠠᠢ ᠪᠣᠯᠤᠭᠰᠠᠨ ᠵᠢᠴᠢ ᠪᠤᠰᠤᠳ ᠣᠨᠴᠠᠭᠠᠢ | ᠰᠢᠯᠲᠠᠭᠠᠨ ᠠᠴᠠ ᠪᠣᠯᠣᠭᠠᠳ ᠭᠠᠶᠢᠯᠢ ᠬᠠᠰᠤᠵᠤ ᠬᠡᠯᠲᠦᠷᠢᠭᠦᠯᠬᠦ ᠦᠨᠡᠨ ᠬᠦ ᠴᠢᠬᠤᠯᠠᠲᠠᠶ ᠲᠡᠷᠭᠡ ᠣᠩᠭᠤᠴᠠ ᠠᠴᠠ | ᠵᠣᠬᠢᠬᠤ ᠬᠤᠭᠤᠴᠠᠭᠠᠨ ᠳᠤ ᠲᠡᠷᠭᠡ ᠣᠩᠭᠤᠴᠠ ᠶᠢᠨ ᠭᠠᠶᠢᠯᠢ ᠶᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ | ᠪᠣᠯᠤᠨ᠎ᠠ᠃ ᠪᠣᠳᠠᠲᠠᠶ ᠬᠠᠰᠤᠵᠤ ᠬᠡᠯᠲᠦᠷᠢᠭᠦᠯᠬᠦ ᠬᠤᠭᠤᠴᠠᠭ᠎ᠠ ᠪᠣᠯᠤᠨ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠵᠦ ᠳᠠᠩᠰᠠᠯᠠᠭᠤᠯᠤᠨ᠎ᠠ᠃ | ᠳᠣᠯᠤᠳᠤᠭᠠᠷ ᠵᠦᠢᠯ ᠲᠡᠷᠭᠡ ᠣᠩᠭᠤᠴᠠ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠬᠠᠷᠢᠭᠤᠴᠠᠵᠤ ᠲᠠᠲᠠᠪᠤᠷᠢᠯᠠᠨ᠎ᠠ᠃ | ᠨᠠᠶᠮᠠᠳᠤᠭᠠᠷ ᠵᠦᠢᠯ ᠮᠠᠰᠢᠨᠲᠤ ᠲᠡᠷᠭᠡᠨ ᠤ ᠭᠤᠷᠪᠠᠳᠠᠭᠴᠢ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭᠠᠲᠤ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠳᠠᠭᠠᠳᠬᠠᠯ ᠤᠨ ᠪᠠᠶᠢᠭᠤᠯᠤᠮᠵᠢ ᠪᠣᠯ ᠮᠠᠰᠢᠨᠲᠤ | ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠰᠠᠭᠤᠯᠭᠠᠨ ᠲᠤᠰᠢᠶᠠᠯᠭᠠᠬᠤ ᠡᠭᠦᠷᠭᠡᠳᠡᠨ ᠪᠣᠯᠬᠤ ᠲᠤᠯᠠ᠂ | ᠳᠠᠭᠠᠳᠬᠠᠯ ᠤᠨ ᠰᠦᠢᠳᠬᠡᠯ ᠬᠤᠷᠢᠶᠠᠬᠤ ᠳᠤ ᠪᠠᠨ ᠲᠡᠷᠭᠡ ᠣᠩᠭᠤᠴᠠ ᠶᠢᠨ ᠭᠠᠶᠢᠯᠢ ᠶᠢ ᠬᠠᠤᠯᠢ ᠶᠣᠰᠣᠭᠠᠷ ᠣᠷᠣᠯᠠᠨ | ᠲᠠᠲᠠᠪᠤᠷᠢᠯᠠᠬᠤ ᠶᠢᠨ ᠬᠠᠮᠲᠤ᠂ ᠭᠠᠶᠢᠯᠢ ᠶᠢᠨ ᠵᠣᠭᠤᠰ ᠢ ᠣᠷᠣᠯᠠᠨ ᠬᠤᠷᠢᠶᠠᠭᠰᠠᠨ ᠭᠡᠷᠡᠴᠢ ᠬᠢᠵᠦ ᠥᠭᠬᠦ ᠬᠡᠷᠡᠭᠲᠡᠶ᠃ | ᠶᠢᠰᠦᠳᠦᠭᠡᠷ ᠵᠦᠢᠯ ᠲᠡᠷᠭᠡ ᠣᠩᠭᠤᠴᠠ ᠶᠢᠨ ᠭᠠᠶᠢᠯᠢ ᠶᠢ ᠵᠢᠯ ᠢᠶᠠᠷ ᠮᠡᠳᠡᠭᠦᠯᠦᠨ᠂ ᠰᠠᠷ᠎ᠠ ᠪᠠᠷ ᠬᠤᠪᠢᠶᠠᠨ | ᠪᠣᠳᠣᠵᠤ᠂ ᠨᠢᠭᠡ ᠤᠳᠠᠭ᠎ᠠ ᠳᠤ ᠲᠤᠰᠢᠶᠠᠨ᠎ᠠ᠃ ᠭᠠᠶᠢᠯᠢ ᠲᠤᠰᠢᠶᠠᠬᠤ ᠣᠨ ᠨᠢ ᠨᠡᠶᠢᠲᠡ ᠶᠢᠨ ᠤᠯᠠᠷᠢᠯ ᠤᠨ 1 | ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ | ᠰᠠᠭᠤᠯᠭᠠᠨ ᠲᠤᠰᠢᠶᠠᠯᠭᠠᠬᠤ ᠡᠭᠦᠷᠭᠡᠳᠡᠨ ᠨᠢ ᠲᠡᠷᠭᠡ ᠣᠩᠭᠤᠴᠠ ᠶᠢᠨ ᠭᠠᠶᠢᠯᠢ ᠶᠢ ᠣᠷᠣᠯᠠᠨ ᠲᠠᠲᠠᠪᠤᠷᠢᠯᠠᠵᠤ | ᠲᠤᠰᠢᠶᠠᠯᠭᠠᠬᠤ ᠳᠤ᠂ ᠭᠠᠶᠢᠯᠢ ᠲᠤᠰᠢᠶᠠᠭᠴᠢ ᠨᠢ ᠮᠠᠰᠢᠨᠲᠤ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ | ᠬᠠᠷᠢᠭᠤᠴᠠᠯᠭ᠎ᠠ ᠶᠢᠨ ᠠᠯᠪᠠᠳᠠᠯᠭᠠᠲᠤ ᠳᠠᠭᠠᠳᠬᠠᠯ ᠢ ᠭᠦᠢᠴᠡᠳᠬᠡᠬᠦ ᠶᠢᠨ ᠵᠡᠷᠭᠡ ᠳᠤ ᠲᠡᠷᠭᠡ ᠣᠩᠭᠤᠴᠠ ᠶᠢᠨ ᠭᠠᠶᠢᠯᠢ | ᠲᠤᠰᠢᠶᠠᠬᠤ ᠬᠡᠷᠡᠭᠲᠡᠶ᠃ | ᠭᠠᠶᠢᠯᠢ ᠲᠤᠰᠢᠶᠠᠭᠴᠢ ᠨᠢ ᠲᠡᠷᠭᠡ ᠣᠩᠭᠤᠴᠠ ᠶᠢ ᠰᠢᠨ᠎ᠡ ᠪᠠᠷ ᠬᠤᠳᠠᠯᠳᠤᠨ ᠠᠪᠤᠭᠰᠠᠨ ᠪᠦᠬᠡᠳ ᠲᠡᠷᠭᠡ | ᠣᠩᠭᠤᠴᠠ ᠶᠢᠨ ᠭᠠᠶᠢᠯᠢ ᠶᠢ ᠲᠤᠰᠢᠶᠠᠬᠤ ᠪᠠᠨ ᠥᠪᠡᠷ ᠢᠶᠠᠨ ᠮᠡᠳᠡᠭᠦᠯᠪᠡᠯ᠂ ᠭᠠᠶᠢᠯᠢ ᠲᠤᠰᠢᠶᠠᠬᠤ ᠡᠭᠦᠷᠭᠡ ᠲᠠᠢ | ᠪᠤᠯᠤᠭᠰᠠᠨ ᠤ ᠳᠠᠷᠠᠭᠠᠬᠢ ᠰᠠᠷ᠎ᠠ ᠶᠢᠨ 30 ᠤ ᠡᠳᠦᠷ ᠠᠴᠠ ᠡᠮᠦᠨ᠎ᠡ ᠲᠡᠷᠭᠡ ᠣᠩᠭᠤᠴᠠ ᠶᠢᠨ ᠭᠠᠶᠢᠯᠢ ᠪᠠᠨ | ᠲᠤᠰᠢᠶᠠᠬᠤ ᠬᠡᠷᠡᠭᠲᠡᠶ᠃ | ᠠᠷᠪᠠᠳᠤᠭᠠᠷ ᠵᠦᠢᠯ ᠳᠠᠭᠠᠳᠬᠠᠯ ᠤᠨ ᠪᠠᠶᠢᠭᠤᠯᠤᠮᠵᠢ ᠨᠢ ᠲᠡᠷᠭᠡ ᠣᠩᠭᠤᠴᠠ ᠶᠢᠨ ᠭᠠᠶᠢᠯᠢ ᠶᠢ ᠣᠷᠣᠯᠠᠨ | ᠲᠠᠲᠠᠪᠤᠷᠢᠯᠠᠵᠤ ᠲᠤᠰᠢᠶᠠᠯᠭᠠᠬᠤ ᠭᠠᠷᠳᠠᠮ ᠤᠨ ᠰᠦᠢᠳᠬᠡᠯ ᠤᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢᠨ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ | ᠳᠦᠷᠢᠮ︾ ᠵᠢᠴᠢ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠡᠷᠭᠡ ᠣᠩᠭᠤᠴᠠ ᠭᠡᠳᠡᠭ ᠨᠢ ᠬᠠᠤᠯᠢ ᠶᠣᠰᠣᠭᠠᠷ ᠲᠡᠭᠡᠭᠡᠪᠦᠷᠢᠯᠡᠨ ᠡᠵᠡᠩᠨᠡᠬᠦ ᠬᠢᠷᠢ ᠭᠡᠮ ᠲᠠᠢ | ᠪᠠᠶᠢᠵᠤ᠂ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠢᠯᠧᠲ ᠤᠨ ᠦᠨ᠎ᠡ ᠶᠢᠨ ᠪᠠᠷᠢᠮᠵᠢᠶ᠎ᠠ ᠶᠢ | ᠬᠡᠷᠡᠭᠵᠢᠭᠦᠯᠵᠦ᠂ ᠲᠣᠭᠲᠠᠭᠰᠠᠨ ᠴᠠᠭ᠂ ᠵᠠᠮ ᠱᠤᠭᠤᠮ ᠪᠣᠯᠤᠨ ᠥᠷᠲᠡᠭᠡ ᠴᠡᠭ ᠢᠶᠠᠷ ᠲᠡᠭᠡᠭᠡᠪᠦᠷᠢᠯᠡᠨ ᠡᠵᠡᠩᠨᠡᠵᠦ᠂ | ᠣᠯᠠᠨ ᠨᠡᠶᠢᠲᠡ ᠶᠢᠨ ᠬᠢᠨ ᠢ ᠲᠡᠷᠭᠡ ᠣᠩᠭᠤᠴᠠᠨ ᠳᠤ ᠰᠠᠭᠤᠯᠭᠠᠬᠤ ᠶᠢᠨ ᠬᠠᠮᠲᠤ ᠨᠡᠶᠢᠭᠡᠮ ᠤᠨ ᠬᠡᠰᠡᠭ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠢ ᠡᠭᠦᠷᠭᠡᠯᠡᠵᠦ ᠪᠠᠶᠢᠭ᠎ᠠ ᠪᠤᠶᠤ ᠵᠠᠰᠠᠭ ᠤᠨ ᠣᠷᠳᠣᠨ ᠤ ᠵᠠᠷᠯᠢᠭ ᠤᠨ | ᠴᠢᠨᠠᠷᠲᠠᠶ ᠡᠭᠦᠷᠭᠡ ᠶᠢ ᠭᠦᠢᠴᠡᠳᠬᠡᠵᠣ ᠪᠠᠶᠢᠭ᠎ᠠ ᠲᠡᠷᠭᠡ ᠣᠩᠭᠤᠴᠠ ᠶᠢ ᠵᠢᠭᠠᠵᠤ ᠪᠤᠶ᠃ | ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2013 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2007 ᠣᠨ ᠤ 8 ᠳ᠋ᠤᠭᠠᠷ ᠰᠠᠷ᠎ᠠ ᠶᠢᠨ 23 ᠤ ᠡᠳᠦᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 149 ᠳ᠋ᠤᠭᠡᠷ ᠲᠣᠭᠠᠲᠤ︶ ᠶᠢ ᠬᠠᠮᠲᠤ ᠳᠤ ᠨᠢ ᠬᠦᠴᠦᠨ | ᠦᠭᠡᠶ ᠪᠣᠯᠭᠠᠨ᠎ᠠ᠃ | | | ᠬᠦᠰᠦᠨᠦᠭᠲᠦ ᠨᠢᠭᠡ | ᠬᠦᠰᠦᠨᠦᠭᠲᠦ ᠬᠤᠶᠠᠷ | | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ | ᠬᠦᠷᠦᠩᠬᠡ ᠶᠢᠨ ᠭᠠᠶᠢᠯᠢ ᠶᠢᠨ ᠬᠡᠷᠡᠭᠵᠢᠬᠦᠯᠬᠦ ᠨᠠᠷᠢᠨ ᠲᠦᠷᠢᠮ | | | ︵1996 ᠤᠨ ᠤ 8 ᠳ᠋ᠤᠭᠠᠷ ᠰᠠᠷ᠎ᠠ ᠶᠢᠨ 5 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 74 ᠳ᠋ᠦ᠋ᠬᠡᠷ ᠲᠤᠭᠠᠳᠤ ᠪᠠᠷ ᠨᠡᠶᠢᠳᠡᠯᠡᠪᠡ 2010 ᠤᠨ ᠤ | 11 ᠳ᠋ᠦ᠋ᠬᠡᠷ ᠰᠠᠷ᠎ᠠ ᠶᠢᠨ 26 ᠤ ᠡᠳᠦᠷ ︽ᠬᠡᠰᠡᠭ ᠲᠦᠷᠢᠮ ᠲᠤᠬᠳᠠᠭᠠᠯ ᠳᠤ ᠵᠠᠰᠠᠪᠤᠷᠢ ᠤᠷᠤᠭᠤᠯᠬᠤ ᠲᠤᠬᠠᠢ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠬᠳᠠᠭᠠᠯ︾ ᠢ | ᠦᠨᠳᠦᠰᠦᠯᠡᠨ ᠠᠩᠬᠠᠳᠤᠭᠠᠷ ᠤᠳᠠᠭ᠎ᠠ ᠵᠠᠰᠠᠪᠤᠷᠢ ᠤᠷᠤᠭᠤᠯᠪᠠ 2018 ᠤᠨ ᠤ 1 ᠳ᠋ᠦ᠋ᠬᠡᠷ ᠰᠠᠷ᠎ᠠ ᠶᠢᠨ 16 ᠤ | ᠡᠳᠦᠷ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ ᠬᠦᠷᠦᠩᠬᠡ ᠶᠢᠨ ᠭᠠᠶᠢᠯᠢ ᠶᠢᠨ | ᠬᠡᠷᠡᠭᠵᠢᠬᠦᠯᠬᠦ ᠨᠠᠷᠢᠨ ᠲᠦᠷᠢᠮ﹀ ᠪᠠ ︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠ | ᠪᠠᠯᠭᠠᠰᠤ ᠶᠢᠨ ᠭᠠᠵᠠᠷ ᠰᠢᠷᠤᠢ ᠶᠢᠨ ᠬᠡᠷᠡᠭᠯᠡᠬᠦ ᠭᠠᠶᠢᠯᠢ ᠶᠢᠨ ᠬᠡᠷᠡᠭᠵᠢᠬᠦᠯᠬᠦ ᠠᠷᠭ᠎ᠠ﹀ ᠳᠤ ᠵᠠᠰᠠᠪᠤᠷᠢ ᠤᠷᠤᠭᠤᠯᠬᠤ | ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ︾ | ᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠤᠷᠢ ᠤᠷᠤᠭᠤᠯᠪᠠ 2019 ᠤᠨ ᠤ 3 ᠳ᠋ᠤᠭᠠᠷ ᠰᠠᠷ᠎ᠠ ᠶᠢᠨ 21 ᠤ | ᠡᠳᠦᠷ ︽︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠲᠡᠷᠬᠡ ᠤᠡᠭᠭᠤᠴᠠ ᠶᠢᠨ ᠭᠠᠶᠢᠯᠢ ᠶᠢᠨ ᠬᠠᠤᠯᠢ︾ ᠶᠢ ᠬᠡᠷᠡᠭᠵᠢᠬᠦᠯᠬᠦ ᠠᠷᠭ᠎ᠠ﹀ ᠪᠠ ︿ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ ᠬᠦᠷᠦᠩᠬᠡ ᠶᠢᠨ ᠭᠠᠶᠢᠯᠢ ᠶᠢᠨ ᠬᠡᠷᠡᠭᠵᠢᠬᠦᠯᠬᠦ ᠨᠠᠷᠢᠨ ᠲᠦᠷᠢᠮ﹀ | ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠲᠤᠭᠳᠠᠭᠠᠯ︾ ᠢ ᠦᠨᠳᠦᠰᠦᠯᠡᠨ ᠭᠤᠷᠪᠠᠳᠡᠬᠢ ᠤᠳᠠᠭ᠎ᠠ ᠵᠠᠰᠠᠪᠤᠷᠢ ᠤᠷᠤᠭᠤᠯᠪᠠ︶ | ᠨᠢᠬᠡᠳᠦᠬᠡᠷ ᠵᠦᠢᠯ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠷ ᠬᠦᠷᠦᠩᠬᠡ ᠶᠢᠨ | ᠭᠠᠶᠢᠯᠢ ᠶᠢᠨ ᠲᠦᠷ ᠬᠡᠷᠡᠭᠵᠢᠬᠦᠯᠬᠦ ᠲᠦᠷᠢᠮ︾ ︵ᠲᠤᠷᠤᠬᠰᠢ ︽ᠲᠦᠷᠢᠮ︾ ᠬᠡᠵᠦ ᠲᠤᠪᠴᠢᠯᠠᠨ᠎ᠠ︶ ᠢ | ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠦ᠂ ᠲᠤᠰ ᠬᠡᠷᠡᠭᠵᠢᠬᠦᠯᠬᠦ ᠨᠠᠷᠢᠨ | ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠬᠡᠷ ᠬᠦᠷᠦᠩᠬᠡ ᠶᠢᠨ ᠭᠠᠶᠢᠯᠢ ᠶᠢᠨ ᠲᠠᠳᠠᠪᠤᠷᠢᠯᠠᠬᠤ | ᠬᠦᠷᠢᠶ᠎ᠠ ᠬᠡᠪᠴᠢᠶ᠎ᠠ ᠪᠤᠯ᠄ | ︵ᠨᠢᠬᠡ︶ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠦᠪᠰᠢᠶᠡᠷᠡᠨ ᠪᠠᠶᠢᠭᠤᠯᠤᠬᠰᠠᠨ ᠬᠤᠳᠠ︔ | ︵ᠬᠤᠶᠠᠷ︶ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ | ᠪᠠᠯᠭᠠᠰᠤ︔ | ︵ᠭᠤᠷᠪᠠ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠨ | ᠪᠠᠶᠢᠭᠤᠯᠤᠬᠰᠠᠨ ᠪᠠᠶᠢᠭᠤᠯᠤᠯᠳᠠᠳᠤ ᠪᠠᠯᠭᠠᠰᠤ︔ | ︵ᠲᠦᠷᠪᠡ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠨ | ᠪᠠᠶᠢᠭᠤᠯᠤᠬᠰᠠᠨ ᠠᠵᠦ ᠦᠢᠯᠡᠳᠪᠦᠷᠢ ᠠᠭᠤᠷᠬᠠᠢ ᠶᠢᠨ ᠲᠤᠭᠤᠷᠢᠭ᠃ | ᠭᠤᠷᠪᠠᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠳᠤ ᠦᠨ᠎ᠠ ᠪᠠ ᠲᠦᠷᠢᠶᠡᠰᠤ ᠬᠤᠶᠠᠷ ᠵᠦᠢᠯ ᠢᠶᠠᠷ | ᠪᠤᠳᠤᠵᠦ ᠲᠠᠳᠠᠪᠤᠷᠢᠯᠠᠬᠤ ᠠᠷᠭ᠎ᠠ ᠶᠢ ᠬᠡᠷᠡᠭᠯᠡᠨ᠎ᠠ᠃ | ᠦᠨ᠎ᠠ ᠪᠠᠷ ᠪᠤᠳᠤᠵᠦ ᠲᠠᠳᠠᠪᠤᠷᠢᠯᠠᠬᠤ ᠳᠤ᠂ ᠵᠢᠯ ᠪᠦᠷᠢ ᠬᠡᠷ ᠬᠦᠷᠦᠩᠬᠡ ᠶᠢᠨ ᠤᠤᠯ ᠤᠨ ᠦᠷᠳᠡᠭ ᠠᠴᠠ | ᠨᠢᠬᠡ ᠤᠳᠠᠭ᠎ᠠ ᠳᠤ 10% ᠶᠢ ᠬᠠᠰᠤᠬᠰᠠᠨ ᠤ ᠲᠠᠷᠠᠭ᠎ᠠ ᠦᠯᠡᠳᠡᠭᠰᠡᠨ ᠦᠷᠳᠡᠭ ᠤᠨ 1.2% ᠢᠶᠠᠷ ᠬᠡᠷ | ᠬᠦᠷᠦᠩᠬᠡ ᠶᠢᠨ ᠭᠠᠶᠢᠯᠢ ᠲᠠᠳᠠᠪᠤᠷᠢᠯᠠᠨ᠎ᠠ᠃ | 2019 ᠤᠨ ᠤ 1 ᠳ᠋ᠦ᠋ᠬᠡᠷ ᠰᠠᠷ᠎ᠠ ᠶᠢᠨ 1 ᠤ ᠡᠳᠦᠷ ᠠᠴᠠ 2021 ᠤᠨ ᠤ 12 ᠳ᠋ᠤᠭᠠᠷ ᠰᠠᠷ᠎ᠠ ᠶᠢᠨ | 31 ᠤ ᠡᠳᠦᠷ ᠪᠤᠯᠳᠠᠯ᠎ᠠ᠂ ᠡᠮᠦᠨᠡᠬᠢ ᠵᠤᠷᠪᠤᠰ ᠲᠤ ᠲᠤᠭᠳᠠᠭᠠᠭᠰᠠᠨ ᠬᠡᠷ ᠬᠦᠷᠦᠩᠬᠡ ᠶᠢᠨ ᠤᠤᠯ ᠤᠨ ᠦᠷᠳᠡᠭ ᠠᠴᠠ | ᠨᠢᠬᠡ ᠤᠳᠠᠭ᠎ᠠ ᠳᠤ ᠬᠠᠰᠤᠬᠤ ᠬᠠᠷᠢᠴᠠᠯ ᠢ 10% ᠪᠠᠶᠢᠬᠰᠠᠨ ᠠᠴᠠ 30% ᠪᠤᠯᠭᠠᠵᠦ ᠲᠦᠷ | ᠲᠤᠬᠢᠷᠠᠭᠤᠯᠤᠨ᠎ᠠ᠃ | ᠲᠦᠷᠢᠶᠡᠰᠤ ᠪᠠᠷ ᠪᠤᠳᠤᠵᠦ ᠲᠠᠳᠠᠪᠤᠷᠢᠯᠠᠬᠤ ᠳᠤ᠂ ᠵᠢᠯ ᠪᠦᠷᠢ ᠬᠡᠷ ᠬᠦᠷᠦᠩᠬᠡ ᠶᠢᠨ ᠲᠦᠷᠢᠶᠡᠰᠤᠨ | ᠮᠦᠡᠭᠬᠦᠨ ᠤ ᠤᠷᠤᠯᠭ᠎ᠠ ᠶᠢᠨ12% ᠢᠶᠠᠷ ᠬᠡᠷ ᠬᠦᠷᠦᠩᠬᠡ ᠶᠢᠨ ᠭᠠᠶᠢᠯᠢ ᠲᠠᠳᠠᠪᠤᠷᠢᠯᠠᠨ᠎ᠠ᠃ | ᠡᠯᠡᠭᠳᠡᠯ ᠪᠤᠳᠤᠬᠤ ᠬᠡᠯᠪᠡᠷᠢ ᠪᠠᠷ ᠬᠡᠷ ᠬᠦᠷᠦᠩᠬᠡ ᠬᠡᠷᠡᠭᠯᠡᠭᠰᠡᠨ ᠪᠠᠶᠢᠪᠠᠯ᠂ ᠦᠨ᠎ᠠ ᠪᠠᠷ ᠪᠤᠳᠤᠵᠦ | ᠲᠠᠳᠠᠪᠤᠷᠢᠯᠠᠬᠤ ᠠᠷᠭ᠎ᠠ ᠶᠤᠰᠤᠭᠠᠷ ᠬᠡᠷ ᠬᠦᠷᠦᠩᠬᠡ ᠶᠢᠨ ᠭᠠᠶᠢᠯᠢ ᠲᠠᠳᠠᠪᠤᠷᠢᠯᠠᠨ᠎ᠠ᠃ | ᠲᠦᠷᠪᠡᠳᠦᠬᠡᠷ ᠵᠦᠢᠯ ︽ᠲᠦᠷᠢᠮ︾ ᠤᠨ ᠲᠠᠪᠤᠳᠤᠭᠠᠷ ᠵᠦᠢᠯ ᠳᠤ ᠲᠤᠭᠳᠠᠭᠠᠭᠰᠠᠨ ᠭᠠᠶᠢᠯᠢ ᠲᠠᠳᠠᠪᠤᠷᠢᠯᠠᠬᠤ | ᠦᠬᠡᠢ ᠬᠡᠷ ᠬᠦᠷᠦᠩᠬᠡ ᠠᠴᠠ ᠪᠤᠰᠤᠳ ᠲᠤ᠂ ᠭᠠᠶᠢᠯᠢ ᠲᠤᠰᠢᠶᠠᠬᠴᠢ ᠨᠢ ᠭᠠᠶᠢᠯᠢ ᠲᠤᠰᠢᠶᠠᠬᠤ ᠳᠤ ᠦᠨᠡᠨ ᠬᠦ | ᠬᠦᠴᠢᠷ ᠲᠠᠢ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠬᠡᠷ | ᠬᠦᠷᠦᠩᠬᠡ ᠶᠢᠨ ᠭᠠᠶᠢᠯᠢ ᠶᠢ ᠲᠤᠭᠳᠠᠮᠠᠯ ᠬᠤᠭᠤᠴᠠᠭ᠎ᠠ ᠲᠠᠢ ᠪᠠᠷ ᠲᠠᠳᠠᠪᠤᠷᠢᠯᠠᠬᠤ ᠶᠢ ᠬᠦᠡᠭᠬᠡᠷᠡᠬᠦᠯᠬᠦ ᠪᠤᠶᠤ | ᠲᠠᠳᠠᠪᠤᠷᠢᠯᠠᠬᠤ ᠦᠬᠡᠢ ᠪᠠᠶᠢᠯᠭᠠᠬᠤ ᠪᠠᠷ ᠲᠤᠭᠳᠠᠭᠠᠵᠦ ᠪᠤᠯᠤᠨ᠎ᠠ᠃ | ᠲᠠᠪᠤᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠶᠢ ᠵᠢᠯ ᠢᠶᠠᠷ ᠲᠠᠳᠠᠪᠤᠷᠢᠯᠠᠵᠦ᠂ ᠬᠠᠭᠠᠰ ᠵᠢᠯ ᠳᠤ ᠨᠢᠬᠡ | ᠤᠳᠠᠭ᠎ᠠ ᠲᠤᠰᠢᠶᠠᠨ᠎ᠠ᠃ ᠪᠤᠳᠠᠳᠠᠢ ᠲᠤᠰᠢᠶᠠᠬᠤ ᠴᠠᠭ ᠬᠤᠭᠤᠴᠠᠭ᠎ᠠ ᠨᠢ ᠵᠢᠯ ᠪᠦᠷᠢ ᠶᠢᠨ 5 ᠳ᠋ᠤᠭᠠᠷ ᠰᠠᠷ᠎ᠠ ᠪᠠ 11 | ᠳ᠋ᠦ᠋ᠬᠡᠷ ᠰᠠᠷ᠎ᠠ ᠪᠤᠯᠤᠨ᠎ᠠ᠃ ᠲᠠᠩᠰᠠᠨ ᠠᠴᠠ ᠬᠠᠰᠤᠬᠰᠠᠨ ᠭᠠᠶᠢᠯᠢ ᠲᠤᠰᠢᠶᠠᠬᠴᠢ ᠨᠢ ᠲᠠᠩᠰᠠᠨ ᠠᠴᠠ ᠬᠠᠰᠤᠬᠰᠠᠨ | ᠲᠤᠰ ᠰᠠᠷ᠎ᠠ ᠳᠤ ᠬᠡᠷ ᠬᠦᠷᠦᠩᠬᠡ ᠶᠢᠨ ᠭᠠᠶᠢᠯᠢ ᠪᠠᠨ ᠲᠤᠰᠢᠶᠠᠵᠦ ᠲᠠᠭᠤᠰᠬᠠᠨ᠎ᠠ᠃ | ᠵᠢᠷᠭᠤᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠶᠢ ᠬᠡᠷ ᠬᠦᠷᠦᠩᠬᠡ ᠶᠢᠨ ᠪᠠᠶᠢᠭ᠎ᠠ ᠭᠠᠵᠠᠷ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠳᠠᠪᠤᠷᠢᠯᠠᠨ᠎ᠠ᠃ | ᠲᠤᠯᠤᠳᠤᠭᠠᠷ ᠵᠦᠢᠯ ᠭᠡᠷ ᠬᠦᠷᠦᠩᠬᠡ ᠶᠢᠨ ᠭᠠᠶᠢᠯᠢ ᠶᠢ ᠲᠠᠳᠠᠪᠤᠷᠢᠯᠠᠵᠦ ᠬᠠᠮᠢᠶᠠᠷᠬᠤ ᠳᠤ᠂ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠶᠢᠯᠢ ᠲᠠᠳᠠᠪᠤᠷᠢᠯᠠᠬᠤ ᠬᠠᠮᠢᠶᠠᠷᠤᠯᠳᠠ ᠶᠢᠨ ᠬᠠᠤᠯᠢ︾᠂ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠶᠢᠯᠢ ᠲᠠᠳᠠᠪᠤᠷᠢᠯᠠᠬᠤ ᠬᠠᠮᠢᠶᠠᠷᠤᠯᠳᠠ ᠶᠢᠨ ᠬᠠᠤᠯᠢ ᠶᠢᠨ | ᠬᠡᠷᠡᠭᠵᠢᠬᠦᠯᠬᠦ ᠨᠠᠷᠢᠨ ᠲᠦᠷᠢᠮ︾ ᠪᠤᠯᠤᠨ ᠲᠤᠰ ᠬᠡᠷᠡᠭᠵᠢᠬᠦᠯᠬᠦ ᠨᠠᠷᠢᠨ ᠲᠦᠷᠢᠮ ᠢ ᠵᠢᠷᠤᠮᠯᠠᠨ ᠬᠡᠷᠡᠭᠵᠢᠬᠦᠯᠦᠨ᠎ᠠ᠃ | ᠨᠠᠢᠮᠠᠳᠤᠭᠠᠷ ᠵᠦᠢᠯ ᠲᠣᠰ ᠬᠡᠷᠡᠭᠵᠢᠬᠦᠯᠬᠦ ᠨᠠᠷᠢᠨ ᠲᠦᠷᠢᠮ ᠢ 1996 ᠤᠨ ᠤ 1 ᠳ᠋ᠦ᠋ᠬᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠬᠦᠯᠦᠨ᠎ᠠ᠃ 1987 ᠤᠨ ᠤ 3 ᠳ᠋ᠤᠭᠠᠷ ᠰᠠᠷ᠎ᠠ ᠶᠢᠨ 16 ᠤ ᠡᠳᠦᠷ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠳᠡᠯᠡᠭᠰᠡᠨ ︽︿ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠬᠡᠷ ᠬᠦᠷᠦᠩᠬᠡ ᠶᠢᠨ ᠭᠠᠶᠢᠯᠢ ᠶᠢᠨ ᠲᠦᠷ ᠬᠡᠷᠡᠭᠵᠢᠬᠦᠯᠬᠦ ᠲᠦᠷᠢᠮ﹀ ᠤᠨ ᠲᠤᠬᠠᠢ ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠨᠠᠷᠢᠨ | ᠲᠦᠷᠢᠮ︾ ︵ᠦᠪᠦᠷ ᠵᠠᠰᠠᠭ ᠲᠠᠷᠬᠠᠭᠠᠭᠰᠠᠨ ﹇1987﹈ 33 ᠳ᠋ᠤᠭᠠᠷ ᠲᠤᠭᠠᠳᠤ︶ ᠢ ᠬᠠᠮᠳᠤ ᠳᠤ ᠨᠢ ᠬᠦᠴᠦᠨ | ᠦᠬᠡᠢ ᠪᠤᠯᠭᠠᠨ᠎ᠠ᠃ | |