ᠥᠪᠥᠷ ᠵᠠᠰᠠᠭ ᠠᠯᠪᠠᠨ ᠲᠠᠷᠬᠠᠭᠠᠭᠰᠠᠨ ﹇2019﹈ 10 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠣᠯᠵᠢᠯᠠᠯ ᠤᠨ | ᠵᠦᠢᠯᠡᠰ ᠤᠨ ᠳᠠᠪᠳᠠᠨ ᠪᠠᠶᠢᠴᠠᠭᠠᠵᠤ ᠳᠠᠬᠢᠨ ᠬᠢᠨᠠᠬᠤ ᠠᠷᠭ᠎ᠠ︾ ᠶᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | | ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠵᠠᠬᠢᠳᠠᠯ ᠰᠤᠷᠪᠣᠯᠵᠢᠯᠠᠯ ᠤᠨ ᠵᠦᠢᠯᠡᠰ ᠤᠨ ᠳᠠᠪᠳᠠᠨ | ᠪᠠᠶᠢᠴᠠᠭᠠᠵᠤ ᠳᠠᠬᠢᠨ ᠬᠢᠨᠠᠬᠤ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠬᠢᠳᠠᠯ ᠰᠣᠷᠪᠣᠯᠵᠢᠯᠠᠯ ᠤᠨ ᠵᠦᠢᠯᠡᠰ ᠤᠨ ᠳᠠᠪᠳᠠᠨ ᠪᠠᠶᠢᠴᠠᠭᠠᠵᠤ ᠳᠠᠬᠢᠨ ᠬᠢᠨᠠᠬᠤ | ᠠᠵᠢᠯ ᠢ ᠵᠢᠷᠤᠮᠵᠢᠭᠤᠯᠵᠤ᠂ ᠵᠠᠬᠢᠳᠡᠯ ᠰᠣᠷᠪᠣᠯᠵᠢᠯᠠᠯ ᠤᠨ ᠡᠮᠬᠢ ᠵᠢᠷᠤᠮ ᠢ ᠬᠠᠮᠠᠭᠠᠯᠠᠨ᠂ ᠵᠠᠬᠢᠳᠡᠯ ᠰᠣᠷᠪᠣᠯᠵᠢᠯᠠᠯ | ᠬᠢᠭᠰᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠵᠠᠬᠢᠳᠡᠯ ᠰᠣᠷᠪᠣᠯᠵᠢᠯᠠᠯ ᠤᠨ | ᠳᠦᠷᠢᠮ︾ ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠳᠠᠪᠳᠠᠨ ᠪᠠᠶᠢᠴᠠᠭᠠᠬᠤ ᠭᠡᠳᠡᠭ ᠪᠣᠯ ᠵᠠᠬᠢᠳᠡᠯ | ᠰᠣᠷᠪᠣᠯᠵᠢᠯᠠᠯ ᠬᠢᠭᠴᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨ ᠤ ᠵᠠᠬᠢᠳᠡᠯ ᠰᠣᠷᠪᠣᠯᠵᠢᠯᠠᠯ ᠤᠨ ᠵᠦᠢᠯᠡᠰ ᠢ | ᠰᠢᠢᠳᠪᠦᠷᠢᠯᠡᠭᠰᠡᠨ ᠰᠠᠨᠠᠯ ᠢ ᠬᠦᠯᠢᠶᠡᠬᠦ ᠦᠭᠡᠢ᠂ ᠣᠣᠯ ᠤᠨ ᠭᠦᠢᠴᠡᠳᠭᠡᠭᠰᠡᠨ ᠪᠠᠶᠢᠭᠤᠯᠭ᠎ᠠ ᠶᠢᠨ ᠳᠡᠭᠡᠳᠦ ᠨᠢᠭᠡ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠠᠪᠳᠠᠨ ᠪᠠᠶᠢᠴᠠᠭᠠᠯᠭᠠᠬᠤ ᠭᠤᠶᠤᠴᠢᠯᠠᠯ ᠭᠠᠷᠭᠠᠵᠤ᠂ ᠳᠡᠭᠡᠳᠦ | ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠤᠰᠤᠭᠠᠷ ᠳᠠᠪᠳᠠᠨ ᠪᠠᠶᠢᠴᠠᠭᠠᠬᠤ ᠶᠢᠨ ᠬᠠᠮᠲᠤ᠂ | ᠳᠠᠪᠳᠠᠨ ᠪᠠᠶᠢᠴᠠᠭᠠᠭᠰᠠᠨ ᠰᠠᠨᠠᠯ ᠪᠢᠴᠢᠵᠦ ᠥᠭᠬᠦ ᠠᠵᠢᠯᠯᠠᠭ᠎ᠠ ᠶᠢ ᠵᠢᠭᠠᠵᠤ ᠪᠣᠢ᠃ | ᠲᠤᠰ ᠠᠷᠭ᠎ᠠ ᠳᠤ ᠬᠡᠯᠡᠵᠦ ᠪᠠᠶᠢᠭ᠎ᠠ ᠳᠠᠬᠢᠨ ᠬᠢᠨᠠᠬᠤ ᠭᠡᠳᠡᠭ ᠪᠣᠯ ᠵᠠᠬᠢᠳᠡᠯ ᠰᠣᠷᠪᠣᠯᠵᠢᠯᠠᠯ ᠬᠢᠭᠴᠢ ᠨᠢ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠢᠨ ᠤ ᠵᠠᠬᠢᠳᠡᠯ ᠰᠣᠷᠪᠣᠯᠵᠢᠯᠠᠯ ᠤᠨ ᠵᠦᠢᠯᠡᠰ ᠢ ᠳᠠᠪᠳᠠᠨ ᠪᠠᠶᠢᠴᠠᠭᠠᠭᠰᠠᠨ ᠰᠠᠨᠠᠯ ᠢ | ᠬᠦᠯᠢᠶᠡᠬᠦ ᠦᠭᠡᠢ᠂ ᠳᠠᠪᠳᠠᠨ ᠪᠠᠶᠢᠴᠠᠭᠠᠭᠰᠠᠨ ᠪᠠᠶᠢᠭᠤᠯᠭ᠎ᠠ ᠶᠢᠨ ᠳᠡᠭᠡᠳᠦ ᠨᠢᠭᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠳᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠵᠤ᠂ ᠳᠡᠭᠡᠳᠦ ᠨᠢᠭᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠨᠢ ᠬᠠᠤᠯᠢ ᠶᠤᠰᠤᠭᠠᠷ ᠳᠠᠬᠢᠨ ᠬᠢᠨᠠᠬᠤ ᠶᠢᠨ ᠬᠠᠮᠲᠤ᠂ ᠳᠠᠬᠢᠨ ᠬᠢᠨᠠᠭᠰᠠᠨ ᠰᠠᠨᠠᠯ ᠪᠢᠴᠢᠵᠦ ᠥᠭᠬᠦ | ᠠᠵᠢᠯᠯᠠᠭ᠎ᠠ ᠶᠢ ᠵᠢᠭᠠᠵᠤ ᠪᠣᠢ᠃ | ᠭᠤᠷᠪᠠᠳᠤᠭᠠᠷ ᠵᠦᠢᠯ ᠵᠠᠬᠢᠳᠠᠯ ᠰᠣᠷᠪᠣᠯᠵᠢᠯᠠᠯ ᠤᠨ ᠵᠦᠢᠯᠡᠰ ᠤᠨ ᠳᠠᠪᠳᠠᠨ ᠪᠠᠶᠢᠴᠠᠭᠠᠵᠤ ᠳᠠᠬᠢᠨ ᠬᠢᠨᠠᠬᠤ | ᠠᠵᠢᠯ ᠨᠢ ᠬᠡᠨ ᠭᠦᠢᠴᠡᠳᠭᠡᠪᠡᠯ ᠲᠡᠷᠡ ᠬᠠᠷᠢᠭᠤᠴᠠᠬᠤ ᠪᠠ ᠦᠨᠡᠨ ᠪᠣᠲᠠᠲᠠᠢ ᠶᠢ ᠡᠷᠬᠢᠮᠯᠡᠬᠦ᠂ ᠭᠤᠣᠯᠴᠢ ᠪᠦᠭᠡᠳ | ᠵᠦᠢ ᠶᠤᠰᠤᠨ ᠳᠤ ᠨᠡᠶᠢᠴᠡᠬᠦ᠂ ᠪᠣᠷᠤᠭᠤ ᠪᠠᠶᠢᠪᠠᠯ ᠵᠠᠪᠠᠯ ᠵᠠᠯᠠᠷᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠲᠡᠭᠦᠨ ᠤ ᠠᠵᠢᠯ ᠤᠨ ᠰᠠᠯᠠᠭ᠎ᠠ ᠮᠦᠴᠢᠷ ᠪᠣᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠪᠠᠶᠢᠵᠤ᠂ | ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄ | ︵ᠨᠢᠭᠡ︶ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠢ ᠬᠦᠯᠢᠶᠡᠨ ᠠᠪᠴᠤ | ᠰᠢᠢᠳᠪᠦᠷᠢᠯᠡᠬᠦ ᠪᠠ ᠬᠢᠨᠠᠨ ᠪᠠᠶᠢᠴᠠᠭᠠᠬᠤ︔ | ︵ᠬᠤᠶᠠᠷ︶ ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠪᠢᠴᠢᠵᠦ ᠥᠭᠬᠦ︔ | ︵ᠭᠤᠷᠪᠠ︶ ᠳᠠᠪᠳᠠᠨ ᠪᠠᠶᠢᠴᠠᠭᠠᠵᠤ ᠳᠠᠬᠢᠨ ᠬᠢᠨᠠᠬᠤ ᠠᠵᠢᠯ ᠤᠨ ᠶᠠᠪᠤᠴᠠ ᠳᠤ ᠢᠯᠡᠷᠡᠭᠰᠡᠨ ᠠᠰᠠᠭᠤᠳᠠᠯ ᠢ | ᠰᠤᠳᠤᠯᠵᠤ᠂ ᠬᠤᠯᠪᠣᠭᠳᠠᠯ ᠪᠦᠬᠦᠢ ᠪᠠᠶᠢᠭᠤᠯᠭ᠎ᠠ ᠳᠤ ᠠᠵᠢᠯ ᠢᠶᠠᠨ ᠰᠠᠶᠢᠵᠢᠷᠠᠭᠤᠯᠬᠤ ᠲᠠᠯ᠎ᠠ ᠪᠠᠷ ᠬᠢ ᠰᠠᠨᠠᠭᠤᠯᠭ᠎ᠠ ᠶᠢ | ᠴᠠᠭ ᠲᠣᠬᠠᠢ ᠳᠤ ᠨᠢ ᠳᠤᠷᠠᠳᠤᠨ ᠭᠠᠷᠭᠠᠵᠤ ᠥᠭᠬᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠳᠤ ᠲᠣᠭᠲᠠᠭᠠᠭᠰᠠᠨ | ᠪᠤᠰᠤᠳ ᠡᠭᠦᠷᠭᠡ ᠬᠠᠷᠢᠭᠤᠴᠠᠯᠭ᠎ᠠ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠳᠠᠪᠳᠠᠨ ᠪᠠᠶᠢᠴᠠᠭᠠᠵᠤ ᠳᠠᠬᠢᠨ ᠬᠢᠨᠠᠬᠤ ᠵᠦᠪᠯᠡᠯ ᠪᠤᠶᠤ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠳᠤᠤᠷᠠᠬᠢ | ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄ | ︵ᠨᠢᠭᠡ︶ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠦᠯᠢᠶᠡᠨ ᠠᠪᠴᠤ ᠰᠢᠢᠳᠪᠦᠷᠢᠯᠡᠪᠡᠰᠦ | ᠵᠣᠬᠢᠬᠤ ᠳᠠᠪᠳᠠᠨ ᠪᠠᠶᠢᠴᠠᠭᠠᠵᠤ ᠳᠠᠬᠢᠨ ᠬᠢᠨᠠᠬᠤ ᠵᠠᠬᠢᠳᠠᠯ ᠰᠣᠷᠪᠣᠯᠵᠢᠯᠠᠯ ᠤᠨ ᠵᠦᠢᠯᠡᠰ ᠢ ᠪᠠᠶᠢᠴᠠᠭᠠᠵᠤ ᠬᠢᠨᠠᠨ | ᠬᠠᠷᠭᠤᠭᠤᠯᠬᠤ ᠪᠠᠷ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠦᠴᠢᠷ ᠤᠳ ᠢ | ᠱᠠᠭᠠᠷᠳᠠᠬᠤ︔ | ︵ᠬᠤᠶᠠᠷ︶ ᠲᠤᠰ ᠭᠠᠵᠠᠷ ᠣᠷᠣᠨ ᠤ ᠳᠠᠪᠳᠠᠨ ᠪᠠᠶᠢᠴᠠᠭᠠᠵᠤ ᠳᠠᠬᠢᠨ ᠬᠢᠨᠠᠬᠤ ᠠᠵᠢᠯ ᠢ ᠵᠢᠯᠤᠭᠤᠳᠬᠤ ᠪᠠ | ᠬᠢᠨᠠᠯᠲᠠ ᠲᠠᠯᠪᠢᠨ᠎ᠠ᠃ ᠳᠣᠣᠷ᠎ᠠ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠠᠪᠳᠠᠨ ᠪᠠᠶᠢᠴᠠᠭᠠᠬᠤ᠂ ᠳᠠᠬᠢᠨ | ᠬᠢᠨᠠᠬᠤ ᠶᠠᠪᠤᠴᠠ ᠳᠤ ᠣᠷᠤᠰᠢᠵᠤ ᠪᠠᠶᠢᠭ᠎ᠠ ᠠᠰᠠᠭᠤᠳᠠᠯ ᠢ ᠨᠢ ᠵᠠᠯᠠᠷᠠᠭᠤᠯᠬᠤ ᠶᠢᠨ ᠬᠠᠮᠲᠤ᠂ ᠪᠠᠶᠢᠳᠠᠯ ᠢ ᠨᠢ ᠦᠵᠡᠵᠦ | ᠪᠠᠶᠢᠭᠠᠳ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠭᠠᠷᠭᠠᠵᠤ ᠥᠭᠭᠦᠨ᠎ᠡ᠃ | ᠵᠠᠬᠢᠳᠠᠯ ᠰᠣᠷᠪᠣᠯᠵᠢᠯᠠᠯ ᠤᠨ ᠵᠦᠢᠯᠡᠰ ᠤᠨ ᠳᠠᠪᠳᠠᠨ ᠪᠠᠶᠢᠴᠠᠭᠠᠵᠤ ᠳᠠᠬᠢᠨ ᠬᠢᠨᠠᠬᠤ ᠵᠦᠪᠯᠡᠯ ᠪᠤᠶᠤ ᠲᠤᠰᠬᠠᠢ | ᠠᠵᠢᠯ ᠤᠨ ᠳᠤᠭᠤᠶᠢᠯᠠᠩ ᠤᠨ ᠠᠯᠪᠠᠨ ᠭᠡᠷ ᠢ ᠵᠠᠬᠢᠳᠠᠯ ᠰᠣᠷᠪᠣᠯᠵᠢᠯᠠᠯ ᠤᠨ ᠠᠵᠢᠯ ᠤᠨ ᠪᠠᠶᠢᠭᠤᠯᠤᠮᠵᠢ ᠳᠤ | ᠪᠠᠶᠢᠭᠤᠯᠵᠤ᠂ ᠡᠳᠦᠷ ᠲᠤᠳᠤᠮ ᠤᠨ ᠠᠵᠢᠯ ᠤᠳ ᠢ ᠬᠠᠷᠢᠭᠤᠴᠠᠭᠤᠯᠤᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠵᠠᠰᠠᠭ ᠤᠨ ᠣᠷᠳᠣᠨ ᠠᠴᠠ ᠤᠳᠤᠷᠢᠳᠬᠤ᠂ ᠰᠠᠯᠠᠭ᠎ᠠ ᠮᠦᠴᠢᠷ ᠤᠳ ᠬᠠᠷᠢᠭᠤᠴᠠᠬᠤ᠂ ᠨᠡᠶᠢᠭᠡᠮ ᠤᠨ ᠬᠢᠨ | ᠣᠷᠤᠯᠴᠠᠭᠰᠠᠨ ᠳᠠᠪᠳᠠᠨ ᠪᠠᠶᠢᠴᠠᠭᠠᠵᠤ ᠳᠠᠬᠢᠨ ᠬᠢᠨᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ ᠨᠡᠶᠢᠭᠡᠮ ᠤᠨ ᠪᠦᠯᠬᠦᠮ ᠤᠨ ᠠᠵᠢᠯᠲᠠᠳ᠂ ᠡᠷᠳᠡᠮᠳᠡᠨ ᠮᠡᠷᠭᠡᠵᠢᠯᠲᠡᠨ᠂ | ᠨᠡᠶᠢᠭᠡᠮ ᠤᠨ ᠰᠠᠶᠢᠨ ᠳᠤᠷᠠᠴᠤᠳ᠂ ᠬᠠᠤᠯᠢ ᠴᠠᠭᠠᠵᠠ ᠶᠢᠨ ᠠᠵᠢᠯᠲᠠᠳ ᠵᠡᠷᠭᠡ ᠪᠠᠷ ᠪᠦᠷᠢᠯᠳᠦᠭᠰᠡᠨ ᠳᠠᠪᠳᠠᠨ | ᠪᠠᠶᠢᠴᠠᠭᠠᠵᠤ ᠳᠠᠬᠢᠨ ᠬᠢᠨᠠᠬᠤ ᠠᠵᠢᠯ ᠤᠨ ᠲᠤᠰᠬᠠᠢ ᠮᠡᠷᠭᠡᠵᠢᠯᠲᠡᠳ ᠤᠨ ᠬᠦᠮᠦᠷᠭᠡ ᠶᠢ ᠪᠠᠶᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠭᠤᠶᠤᠴᠢᠯᠠᠬᠤ | ᠳᠤᠯᠤᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠭᠤᠶᠤᠴᠢᠯᠠᠭᠴᠢ ᠭᠡᠳᠡᠭ ᠨᠢ ᠳᠠᠪᠳᠠᠨ | ᠪᠠᠶᠢᠴᠠᠭᠠᠯᠭᠠᠵᠤ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠵᠠᠬᠢᠳᠠᠯ ᠰᠣᠷᠪᠣᠯᠵᠢᠯᠠᠯ ᠬᠢᠭᠴᠢ ᠶᠢ ᠵᠢᠭᠠᠵᠤ ᠪᠣᠢ᠃ | ᠭᠤᠶᠤᠴᠢᠯᠠᠬᠳᠠᠭᠴᠢ ᠭᠡᠳᠡᠭ ᠨᠢ ᠣᠣᠯ ᠤᠨ ᠵᠠᠬᠢᠳᠠᠯ ᠰᠣᠷᠪᠣᠯᠵᠢᠯᠠᠯ ᠤᠨ ᠵᠦᠢᠯᠡᠰ ᠤᠳ ᠢ ᠰᠢᠢᠳᠪᠦᠷᠢᠯᠡᠬᠦ | ᠪᠠᠶᠢᠭᠤᠯᠭ᠎ᠠ ᠪᠣᠯᠣᠨ ᠳᠠᠪᠳᠠᠨ ᠪᠠᠶᠢᠴᠠᠭᠠᠬᠤ ᠪᠠᠶᠢᠭᠤᠯᠭ᠎ᠠ ᠶᠢ ᠵᠢᠭᠠᠵᠤ ᠪᠣᠢ᠃ | ᠨᠠᠢᠮᠠᠳᠤᠭᠠᠷ ᠵᠦᠢᠯ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠬᠤ ᠳᠤ ᠪᠢᠴᠢᠭ ᠤᠨ | ᠭᠤᠶᠤᠴᠢᠯᠠᠯ ᠤᠨ ᠪᠢᠴᠢᠭ ᠪᠣᠯᠣᠨ ᠭᠤᠶᠤᠴᠢᠯᠠᠭᠳᠠᠭᠴᠢ ᠶᠢᠨ ᠭᠠᠷᠭᠠᠭᠰᠠᠨ ᠰᠢᠢᠳᠪᠦᠷᠢᠯᠡᠵᠦ᠂ ᠳᠠᠪᠳᠠᠨ | ᠪᠠᠶᠢᠴᠠᠭᠠᠭᠰᠠᠨ ᠰᠠᠨᠠᠯ ᠤᠨ ᠪᠢᠴᠢᠭ ᠵᠢᠴᠢ ᠬᠥᠷᠭᠡᠭᠰᠡᠨ ᠤ ᠬᠠᠷᠢᠭᠤ ᠪᠠᠷᠢᠮᠲᠠ ᠶᠢᠨ ᠤᠭ ᠮᠠᠲ᠋ᠧᠷᠢᠶᠠᠯ ᠪᠤᠶᠤ | ᠬᠠᠭᠤᠯᠪᠤᠷᠢ ᠶᠢ ᠲᠤᠰᠢᠶᠠᠬᠤ ᠬᠡᠷᠡᠭᠲᠡᠢ᠃ | ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠨᠢᠭᠤᠷᠳᠠᠨ ᠥᠭᠬᠦ᠂ | ᠰᠢᠦᠳᠠᠨ ᠢᠶᠠᠷ ᠶᠠᠪᠤᠭᠤᠯᠬᠤ᠂ ᠡᠯᠧᠺᠲᠷᠣᠨ ᠰᠢᠦᠳᠠᠨ ᠵᠦᠢᠯ ᠪᠤᠶᠤ ᠳᠥᠷᠰᠦ ᠳᠠᠮᠵᠢᠭᠤᠯᠬᠤ ᠵᠡᠷᠭᠡ ᠬᠡᠯᠪᠡᠷᠢ ᠪᠠᠷ | ᠲᠤᠰᠢᠶᠠᠵᠤ ᠪᠣᠯᠣᠨ᠎ᠠ᠃ | ᠶᠢᠰᠦᠳᠦᠭᠡᠷ ᠵᠦᠢᠯ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠢ ᠭᠤᠶᠤᠴᠢᠯᠠᠭᠴᠢ ᠲᠤᠰ | ᠬᠦᠮᠦᠨ ᠨᠢ ᠳᠤᠷᠠᠳᠤᠨ ᠭᠠᠷᠭᠠᠬᠤ ᠬᠡᠷᠡᠭᠲᠡᠢ᠃ ᠲᠤᠰ ᠬᠦᠮᠦᠨ ᠨᠢ ᠦᠨᠡᠨ ᠬᠦ ᠡᠷᠡᠭᠦᠯ ᠮᠡᠨᠳᠦ ᠵᠡᠷᠭᠡ ᠶᠢᠨ | ᠰᠢᠯᠲᠠᠭᠠᠨ ᠠᠴᠠ ᠪᠣᠯᠵᠤ ᠭᠤᠶᠤᠴᠢᠯᠠᠵᠤ ᠴᠢᠳᠠᠬᠤ ᠦᠭᠡᠢ ᠪᠠᠶᠢᠪᠠᠯ᠂ ᠣᠷᠤᠯᠠᠭᠴᠢ ᠳᠤ ᠨᠠᠶᠢᠳᠠᠨ ᠭᠤᠶᠤᠴᠢᠯᠠᠭᠤᠯᠵᠤ | ᠪᠣᠯᠣᠨ᠎ᠠ᠃ | ᠣᠯᠠᠨ ᠬᠦᠮᠦᠨ ᠨᠢᠭᠡ ᠯᠡ ᠵᠦᠢᠯᠡᠰ ᠲᠤ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ | ᠭᠠᠷᠭᠠᠭᠰᠠᠨ ᠪᠠᠶᠢᠪᠠᠯ᠂ ᠭᠤᠶᠤᠴᠢᠯᠠᠭᠴᠢᠳ ᠠᠴᠠ ᠲᠦᠯᠦᠭᠡᠯᠡᠭᠴᠢ ᠰᠤᠩᠭᠤᠵᠤ ᠭᠠᠷᠭᠠᠬᠤ ᠬᠡᠷᠡᠭᠲᠡᠢ᠂ | ᠲᠦᠯᠦᠭᠡᠯᠡᠭᠴᠢᠳ ᠤᠨ ᠲᠤᠭ᠎ᠠ ᠶᠢ 5 ᠬᠦᠮᠦᠨ ᠠᠴᠠ ᠬᠡᠲᠦᠷᠡᠭᠦᠯᠵᠦ ᠪᠣᠯᠬᠤ ᠦᠭᠡᠢ᠃ | ᠠᠷᠪᠠᠳᠤᠭᠠᠷ ᠵᠦᠢᠯ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠬᠤ ᠳᠤ ᠳᠣᠣᠷᠠᠬᠢ | ᠨᠦᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠭᠤᠶᠤᠴᠢᠯᠠᠭᠴᠢ ᠪᠣᠯ ᠰᠢᠢᠳᠪᠦᠷᠢᠯᠡᠵᠦ ᠳᠠᠪᠳᠠᠨ ᠪᠠᠶᠢᠴᠠᠭᠠᠭᠰᠠᠨ ᠰᠠᠨᠠᠯ ᠢ ᠦᠯᠦ ᠬᠦᠯᠢᠶᠡᠬᠦ | ᠣᠣᠯ ᠤᠨ ᠵᠠᠬᠢᠳᠠᠯ ᠰᠣᠷᠪᠣᠯᠵᠢᠯᠠᠯ ᠬᠢᠭᠴᠢ︔ | ︵ᠬᠤᠶᠠᠷ︶ ᠭᠤᠶᠤᠴᠢᠯᠠᠬᠤ ᠠᠭᠤᠯᠭ᠎ᠠ ᠨᠢ ᠣᠣᠯ ᠤᠨ ᠵᠠᠬᠢᠳᠠᠯ ᠰᠣᠷᠪᠣᠯᠵᠢᠯᠠᠯ ᠤᠨ ᠵᠦᠢᠯᠡᠰ ᠤᠨ | ᠰᠢᠢᠳᠪᠦᠷᠢᠯᠡᠭᠦᠯᠬᠦ᠂ ᠳᠠᠪᠳᠠᠨ ᠪᠠᠶᠢᠴᠠᠭᠠᠯᠭᠠᠬᠤ ᠪᠠᠷ ᠭᠤᠶᠤᠴᠢᠯᠠᠭᠰᠠᠨ ᠬᠡᠪᠴᠢᠶ᠎ᠡ ᠠᠴᠠ ᠳᠠᠪᠠᠵᠤ ᠪᠣᠯᠬᠤ ᠦᠭᠡᠢ︔ | ︵ᠭᠤᠷᠪᠠ︶ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠪᠣᠲᠠᠲᠠᠢ ᠭᠤᠶᠤᠴᠢᠯᠠᠯ ᠪᠣᠯᠣᠨ ᠪᠣᠳᠠᠳᠤ | ᠶᠠᠪᠤᠳᠠᠯ ᠤᠨ ᠤᠴᠢᠷ ᠰᠢᠯᠲᠠᠭᠠᠨ ᠪᠠᠶᠢᠬᠤ ᠬᠡᠷᠡᠭᠲᠡᠢ︔ | ︵ᠳᠥᠷᠪᠡ︶ ᠬᠠᠤᠯᠢ ᠪᠠᠷ ᠲᠣᠭᠲᠠᠭᠠᠭᠰᠠᠨ ᠭᠤᠶᠤᠴᠢᠯᠠᠯ ᠤᠨ ᠴᠠᠭ ᠬᠤᠭᠤᠴᠠᠭᠠᠨ ᠳᠤ ᠳᠤᠷᠠᠳᠤᠨ | ᠭᠠᠷᠭᠠᠬᠤ ᠬᠡᠷᠡᠭᠲᠡᠢ᠃ ᠬᠤᠷᠢᠭᠯᠠᠭᠳᠠᠰᠢ ᠦᠭᠡᠢ ᠬᠦᠴᠦᠨ ᠵᠡᠷᠭᠡ ᠰᠢᠯᠲᠠᠭᠠᠨ ᠠᠴᠠ ᠪᠣᠯᠵᠤ ᠭᠤᠶᠤᠴᠢᠯᠠᠬᠤ ᠴᠠᠭ | ᠬᠤᠭᠤᠴᠠᠭ᠎ᠠ ᠠᠴᠠ ᠬᠤᠵᠢᠭᠳᠠᠭᠰᠠᠨ ᠪᠠᠶᠢᠪᠠᠯ᠂ ᠬᠤᠷᠢᠭᠯᠠᠭᠳᠠᠰᠢ ᠦᠭᠡᠢ ᠬᠦᠴᠦᠨ ᠠᠷᠢᠯᠤᠭᠰᠠᠨ ᠡᠳᠦᠷ ᠠᠴᠠ | ᠡᠬᠢᠯᠡᠵᠦ 30 ᠡᠳᠦᠷ ᠲᠤ ᠭᠤᠶᠤᠴᠢᠯᠠᠯ ᠭᠠᠷᠭᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠭᠤᠶᠤᠴᠢᠯᠠᠭᠴᠢ ᠨᠢ ᠳᠣᠣᠷᠠᠬᠢ ᠲᠣᠭᠲᠠᠭᠠᠯ ᠶᠤᠰᠤᠭᠠᠷ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠬᠤ | ᠬᠡᠷᠡᠭᠲᠡᠢ᠄ | ︵ᠨᠢᠭᠡ︶ ᠭᠤᠶᠤᠴᠢᠯᠠᠭᠳᠠᠭᠴᠢ ᠨᠢ ᠠᠷᠠᠳ ᠤᠨ ᠵᠠᠰᠠᠭ ᠤᠨ ᠣᠷᠳᠣᠨ ᠪᠠᠶᠢᠪᠠᠯ᠂ ᠳᠡᠭᠡᠳᠦ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠨ᠎ᠠ︔ | ︵ᠬᠤᠶᠠᠷ︶ ᠭᠤᠶᠣᠴᠢᠯᠠᠭᠳᠠᠭᠴᠢ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠦᠴᠢᠷ ᠪᠠᠶᠢᠪᠠᠯ᠂ ᠳᠡᠭᠡᠳᠦ ᠨᠢᠭᠡ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ | ᠭᠠᠷᠭᠠᠨ᠎ᠠ︔ | ︵ᠭᠤᠷᠪᠠ︶ ᠭᠤᠶᠤᠴᠢᠯᠠᠭᠳᠠᠭᠴᠢ ᠨᠢ ᠤᠯᠤᠰ ᠤᠨ ᠠᠮᠦᠷ ᠲᠥᠪᠰᠢᠨ ᠤ ᠪᠠᠶᠢᠭᠤᠯᠭ᠎ᠠ ᠪᠤᠶᠤ ᠤᠯᠤᠰ ᠠᠴᠠ | ᠰᠢᠭᠤᠳ ᠬᠠᠮᠢᠶᠠᠷᠤᠯᠲᠠ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠪᠠᠯ᠂ ᠳᠡᠭᠡᠳᠦ ᠨᠢᠭᠡ | ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠎ᠠ︔ | ︵ᠳᠥᠷᠪᠡ︶ ᠭᠤᠶᠤᠴᠢᠯᠠᠭᠳᠠᠭᠴᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ | ᠳᠦᠷᠢᠮ ᠢᠶᠠᠷ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠪᠠᠶᠢᠪᠠᠯ᠂ ᠲᠤᠰ ᠵᠣᠬᠢᠶᠠᠨ ᠪᠠᠶᠢᠭᠤᠯᠤᠯᠲᠠ ᠶᠢ | ᠬᠠᠮᠢᠶᠠᠷᠴᠤ ᠪᠠᠶᠢᠭ᠎ᠠ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠶᠣ ᠠᠷᠠᠳ ᠤᠨ ᠵᠠᠰᠠᠭ ᠤᠨ ᠣᠷᠳᠣᠨ ᠳᠤ | ᠭᠤᠶᠤᠴᠢᠯᠠᠯ ᠭᠠᠷᠭᠠᠨ᠎ᠠ︔ | ︵ᠲᠠᠪᠤ︶ ᠭᠤᠶᠤᠴᠢᠯᠠᠭᠳᠠᠭᠴᠢ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠶᠤᠰᠤᠭᠠᠷ ᠪᠠᠶᠢᠭᠤᠯᠤᠭᠰᠠᠨ ᠲᠣᠮᠢᠯᠠᠭᠰᠠᠨ ᠪᠠᠶᠢᠭᠤᠯᠭ᠎ᠠ ᠪᠠᠶᠢᠪᠠᠯ᠂ ᠲᠤᠰ ᠲᠣᠮᠢᠯᠠᠭᠰᠠᠨ | ᠪᠠᠶᠢᠭᠤᠯᠭ᠎ᠠ ᠶᠢ ᠪᠠᠶᠢᠭᠤᠯᠤᠭᠰᠠᠨ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠨ᠎ᠠ︔ | ︵ᠵᠢᠷᠭᠤᠭ᠎ᠠ︶ ᠭᠤᠶᠤᠴᠢᠯᠠᠬᠳᠠᠭᠴᠢ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠦᠴᠢᠷ ᠤᠨ ᠬᠠᠤᠯᠢ ᠶᠤᠰᠤᠭᠠᠷ ᠪᠠᠶᠢᠭᠤᠯᠤᠭᠰᠠᠨ ᠲᠣᠮᠢᠯᠠᠭᠰᠠᠨ | ᠪᠠᠶᠢᠭᠤᠯᠤᠮᠵᠢ ᠪᠠᠶᠢᠪᠠᠯ᠂ ᠲᠤᠰ ᠲᠣᠮᠢᠯᠠᠭᠰᠠᠨ ᠪᠠᠶᠢᠭᠤᠯᠤᠮᠵᠢ ᠶᠢ ᠪᠠᠶᠢᠭᠤᠯᠤᠭᠰᠠᠨ ᠰᠠᠯᠠᠭ᠎ᠠ ᠮᠦᠴᠢᠷ ᠲᠤ | ᠭᠤᠶᠤᠴᠢᠯᠠᠯ ᠭᠠᠷᠭᠠᠨ᠎ᠠ︔ | ︵ᠲᠤᠯᠤᠭ᠎ᠠ︶ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠲᠤ ᠪᠠᠷ ᠭᠠᠷᠭᠠᠭᠰᠠᠨ | ᠰᠢᠢᠳᠪᠦᠷᠢᠯᠡᠬᠦ ᠰᠠᠨᠠᠯ ᠢ ᠬᠦᠯᠢᠶᠡᠬᠦ ᠦᠭᠡᠢ ᠪᠣᠯ ᠲᠡᠳᠡᠨ ᠤ ᠬᠠᠮᠲᠤ ᠶᠢᠨ ᠳᠡᠭᠡᠳᠦ ᠨᠢᠭᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠨ᠎ᠠ︔ | ︵ᠨᠠᠢᠮᠠ︶ ᠭᠤᠶᠤᠴᠢᠯᠠᠭᠳᠠᠭᠴᠢ ᠨᠢ ᠬᠦᠴᠦᠨ ᠦᠭᠡᠢ ᠪᠣᠯᠭᠠᠭᠳᠠᠭᠰᠠᠨ ᠪᠠᠶᠢᠪᠠᠯ᠂ ᠲᠡᠭᠦᠨ ᠤ ᠡᠷᠬᠡ | ᠲᠤᠰᠢᠶᠠᠯ ᠢ ᠦᠷᠭᠦᠯᠵᠢᠯᠡᠨ ᠭᠦᠢᠴᠡᠳᠭᠡᠵᠦ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠡᠭᠡᠳᠦ ᠨᠢᠭᠡ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠨ᠎ᠠ᠂ ᠲᠡᠭᠦᠨ ᠤ ᠡᠷᠬᠡ ᠲᠤᠰᠢᠶᠠᠯ ᠢ ᠨᠢ | ᠦᠷᠭᠦᠯᠵᠢᠯᠡᠨ ᠭᠦᠢᠴᠡᠳᠭᠡᠬᠦ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠬᠤ ᠦᠭᠡᠢ ᠪᠣᠯ᠂ ᠬᠦᠴᠦᠨ ᠦᠭᠡᠢ ᠪᠣᠯᠭᠠᠬᠤ | ᠲᠣᠭᠲᠠᠭᠠᠯ ᠭᠠᠷᠭᠠᠭᠰᠠᠨ ᠪᠠᠶᠢᠭᠤᠯᠭ᠎ᠠ ᠳᠤ ᠭᠤᠶᠤᠴᠢᠯᠠᠯ ᠭᠠᠷᠭᠠᠨ᠎ᠠ᠃ | ᠭᠤᠷᠪᠠᠳᠤᠭᠠᠷ ᠪᠦᠯᠦᠭ ᠬᠦᠯᠢᠶᠡᠨ ᠠᠪᠴᠤ ᠰᠢᠢᠳᠪᠦᠷᠢᠯᠡᠬᠦ | ᠠᠷᠪᠠᠨ ᠬᠤᠶᠠᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠳᠠᠪᠳᠠᠨ | ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠢ ᠣᠯᠪᠠᠯ ᠳᠠᠩᠰᠠᠯᠠᠨ ᠲᠡᠮᠲᠡᠭᠯᠡᠬᠦ ᠶᠢᠨ ᠬᠠᠮᠲᠤ᠂ 15 | ᠡᠳᠦᠷ ᠲᠤ ᠳᠣᠣᠷᠠᠬᠢ ᠠᠳᠠᠯᠢ ᠪᠣᠰᠤ ᠪᠠᠶᠢᠳᠠᠯ ᠢ ᠦᠨᠳᠦᠰᠦᠯᠡᠨ ᠵᠣᠬᠢᠴᠠᠩᠭᠤᠢ ᠪᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠲᠤᠰ ᠠᠷᠭ᠎ᠠ ᠶᠢᠨ ᠲᠣᠭᠲᠠᠭᠠᠯ ᠳᠤ ᠨᠡᠶᠢᠴᠡᠬᠦ ᠭᠤᠶᠤᠴᠢᠯᠠᠯ ᠢ ᠬᠦᠯᠢᠶᠡᠨ ᠠᠪᠴᠤ | ᠰᠢᠢᠳᠪᠦᠷᠢᠯᠡᠬᠦ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠨ᠎ᠡ︔ | ︵ᠬᠤᠶᠠᠷ︶ ᠲᠤᠰ ᠠᠷᠭ᠎ᠠ ᠶᠢᠨ ᠲᠣᠭᠲᠠᠭᠠᠯ ᠳᠤ ᠦᠯᠦ ᠨᠡᠶᠢᠴᠡᠬᠦ ᠭᠤᠶᠤᠴᠢᠯᠠᠯ ᠢ ᠦᠯᠦ ᠬᠦᠯᠢᠶᠡᠨ ᠠᠪᠴᠤ | ᠰᠢᠢᠳᠪᠦᠷᠢᠯᠡᠬᠦ ᠶᠢᠨ ᠬᠠᠮᠲᠤ᠂ ᠭᠤᠶᠤᠴᠢᠯᠠᠭᠴᠢ ᠳᠤ ᠦᠯᠦ ᠬᠦᠯᠢᠶᠡᠨ ᠠᠪᠴᠤ ᠰᠢᠢᠳᠪᠦᠷᠢᠯᠡᠬᠦ ᠶᠢᠨ ᠤᠴᠢᠷ | ᠰᠢᠯᠲᠠᠭᠠᠨ ᠢ ᠨᠢ ᠮᠡᠳᠡᠭᠳᠡᠨ᠎ᠡ︔ | ︵ᠭᠤᠷᠪᠠ︶ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠤᠶᠤ ᠲᠤᠳᠤᠷᠬᠠᠢ ᠦᠭᠦᠯᠡᠭᠰᠡᠨ ᠦᠭᠡᠢ ᠪᠣᠯ᠂ | ᠲᠡᠷᠡ ᠳᠣᠣᠷ᠎ᠠ ᠨᠢ ᠡᠰᠡᠭᠦᠯ᠎ᠡ 5 ᠠᠵᠢᠯᠯᠠᠬᠤ ᠡᠳᠦᠷ ᠤᠨ ᠲᠤᠳᠤᠷ᠎ᠠ ᠭᠤᠶᠤᠴᠢᠯᠠᠭᠴᠢ ᠳᠤ ᠨᠦᠬᠦᠪᠦᠷᠢᠯᠡᠬᠦ | ᠴᠢᠬᠤᠯᠠ ᠲᠠᠢ ᠪᠦᠬᠦ ᠠᠭᠤᠯᠭ᠎ᠠ ᠪᠣᠯᠣᠨ ᠨᠦᠬᠦᠪᠦᠷᠢᠯᠡᠵᠦ ᠵᠠᠯᠠᠷᠠᠭᠤᠯᠬᠤ ᠴᠠᠭ ᠬᠤᠭᠤᠴᠠᠭ᠎ᠠ ᠶᠢ ᠨᠢᠭᠡ ᠯᠡ | ᠤᠳᠠᠭ᠎ᠠ ᠳᠤ ᠮᠡᠳᠡᠭᠳᠡᠬᠦ ᠬᠡᠷᠡᠭᠲᠡᠢ᠃ ᠬᠤᠭᠤᠴᠠᠭ᠎ᠠ ᠨᠢ ᠬᠡᠲᠦᠷᠡᠭᠡᠳ ᠨᠦᠬᠦᠪᠦᠷᠢᠯᠡᠨ ᠵᠠᠯᠠᠷᠠᠭᠤᠯᠤᠭᠰᠠᠨ ᠦᠭᠡᠢ | ᠪᠠᠶᠢᠪᠠᠯ᠂ ᠦᠯᠦ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ ᠭᠤᠶᠤᠴᠢᠯᠠᠭᠴᠢ ᠳᠤ ᠦᠯᠦ ᠬᠦᠯᠢᠶᠡᠨ ᠠᠪᠴᠤ | ᠰᠢᠢᠳᠪᠦᠷᠢᠯᠡᠬᠦ ᠶᠢᠨ ᠤᠴᠢᠷ ᠰᠢᠯᠲᠠᠭᠠᠨ ᠢ ᠨᠢ ᠮᠡᠳᠡᠭᠳᠡᠨ᠎ᠠ︔ | ︵ᠳᠥᠷᠪᠡ︶ ᠲᠤᠰ ᠪᠠᠶᠢᠭᠤᠯᠭ᠎ᠠ ᠶᠢᠨ ᠬᠦᠯᠢᠶᠡᠨ ᠠᠪᠴᠤ ᠰᠢᠢᠳᠪᠦᠷᠢᠯᠡᠬᠦ ᠳᠤ ᠦᠯᠦ ᠬᠠᠷᠢᠶᠠᠯᠠᠭᠳᠠᠬᠤ | ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠪᠣᠯ᠂ ᠰᠢᠢᠳᠪᠦᠷᠢᠯᠡᠬᠦ ᠡᠷᠬᠡ ᠲᠠᠢ ᠵᠠᠰᠠᠭ ᠵᠠᠬᠢᠷᠭᠠᠨ ᠤ | ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠶᠢ ᠭᠤᠶᠤᠴᠢᠯᠠᠭᠴᠢ ᠳᠤ ᠮᠡᠳᠡᠭᠳᠡᠨ᠎ᠠ᠃ | ᠠᠷᠪᠠᠨ ᠭᠤᠷᠪᠠᠳᠤᠭᠠᠷ ᠵᠦᠢᠯ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠳᠤ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠬᠦᠯᠢᠶᠡᠨ ᠠᠪᠴᠤ | ᠰᠢᠢᠳᠪᠦᠷᠢᠯᠡᠬᠦ ᠦᠭᠡᠢ᠄ | ︵ᠨᠢᠭᠡ︶ ᠵᠠᠷᠭᠤᠯᠳᠤᠬᠤ᠂ ᠬᠦᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦ ᠵᠡᠷᠭᠡ | ᠬᠠᠤᠯᠢ ᠪᠠᠷ ᠲᠣᠭᠲᠠᠭᠠᠭᠰᠠᠨ ᠠᠷᠭ᠎ᠠ ᠵᠠᠮ ᠢᠶᠠᠷ ᠬᠠᠤᠯᠢ ᠶᠤᠰᠤᠭᠠᠷ ᠰᠢᠢᠳᠪᠦᠷᠢᠯᠡᠬᠦ ᠶᠤᠰᠤᠲᠠᠢ ᠪᠣᠶᠣ ᠨᠢᠭᠡᠨᠲᠡ | ᠰᠢᠢᠳᠪᠦᠷᠢᠯᠡᠭᠰᠡᠨ ᠪᠠᠶᠢᠬᠤ︔ | ︵ᠬᠤᠶᠠᠷ︶ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ | ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠵᠤ ᠪᠠᠶᠢᠬᠤ︔ | ︵ᠭᠤᠷᠪᠠ︶ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠶᠣᠰᠤᠭᠠᠷ ᠭᠠᠷᠭᠠᠭᠰᠠᠨ ᠬᠢᠨᠠᠨ | ᠲᠣᠭᠲᠠᠭᠠᠬᠤ᠂ ᠮᠠᠭᠠᠳᠯᠠᠨ ᠲᠣᠭᠲᠠᠭᠠᠬᠤ᠂ ᠪᠠᠶᠢᠴᠠᠭᠠᠨ ᠰᠢᠨᠵᠢᠬᠦ᠂ ᠪᠠᠶᠢᠴᠠᠭᠠᠨ ᠰᠢᠯᠭᠠᠬᠤ ᠪᠠ ᠬᠢᠵᠢᠭ | ᠪᠠᠶᠢᠴᠠᠭᠠᠭᠰᠠᠨ ᠵᠡᠷᠭᠡ ᠳ᠋ᠦᠩᠨᠡᠯᠲᠡ ᠳᠤ ᠵᠠᠭᠠᠯᠳᠤᠯᠭ᠎ᠠ ᠬᠢᠬᠦ ᠭᠤᠶᠤᠴᠢᠯᠠᠯ︔ | ︵ᠳᠥᠷᠪᠡ︶ ᠵᠠᠬᠢᠳᠠᠯ ᠰᠣᠷᠪᠣᠯᠵᠢᠯᠠᠯ ᠤᠨ ᠵᠦᠢᠯᠡᠰ ᠨᠢ ᠶᠠᠭ ᠰᠢᠢᠳᠪᠦᠷᠢᠯᠡᠵᠦ᠂ ᠳᠠᠪᠳᠠᠨ ᠪᠠᠶᠢᠴᠠᠭᠠᠵᠤ | ᠳᠠᠬᠢᠨ ᠬᠢᠨᠠᠬᠤ ᠶᠠᠪᠤᠴᠠ ᠳᠤ ᠪᠠᠨ ᠪᠠᠶᠢᠬᠤ︔ | ︵ᠲᠠᠪᠤ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ | ᠬᠡᠪᠴᠢᠶᠡᠨ ᠠᠴᠠ ᠨᠢ ᠬᠡᠲᠦᠷᠡᠭᠰᠡᠨ ᠪᠠᠶᠢᠬᠤ︔ | ︵ᠵᠢᠷᠭᠤᠭ᠎ᠠ︶ ︽ᠵᠠᠬᠢᠳᠠᠯ ᠰᠣᠷᠪᠣᠯᠵᠢᠯᠠᠯ ᠤᠨ ᠳᠦᠷᠢᠮ︾ ᠢ ᠨᠡᠶᠢᠲᠡᠯᠡᠬᠦ ᠠᠴᠠ ᠡᠮᠦᠨ᠎ᠡ ᠵᠠᠬᠢᠳᠠᠯ | ᠰᠣᠷᠪᠣᠯᠵᠢᠯᠠᠯ ᠤᠨ ᠵᠦᠢᠯᠡᠰ ᠢ ᠨᠢᠭᠡᠨᠲᠡ ᠭᠦᠢᠴᠡᠳᠭᠡᠵᠦ ᠳᠠᠭᠤᠰᠬᠠᠭᠰᠠᠨ ᠪᠠᠶᠢᠵᠤ᠂ ᠭᠤᠶᠤᠴᠢᠯᠠᠭᠴᠢ ᠨᠢ ᠪᠣᠳᠠᠳᠤ | ᠶᠠᠪᠤᠳᠠᠯ ᠪᠣᠶᠣ ᠤᠴᠢᠷ ᠰᠢᠯᠲᠠᠭᠠᠨ ᠢ ᠰᠢᠨ᠎ᠡ ᠪᠠᠷ ᠳᠤᠷᠠᠳᠤᠨ ᠭᠠᠷᠭᠠᠵᠤ ᠦᠯᠦ ᠳᠡᠶᠢᠯᠬᠦ︔ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠳᠤ ᠲᠣᠭᠲᠠᠭᠠᠭᠰᠠᠨ | ᠦᠯᠦ ᠬᠦᠯᠢᠶᠡᠨ ᠠᠪᠴᠤ ᠰᠢᠢᠳᠪᠦᠷᠢᠯᠡᠬᠦ ᠪᠤᠰᠤᠳ ᠪᠠᠶᠢᠳᠠᠯ᠃ | ᠠᠷᠪᠠᠨ ᠳᠥᠷᠪᠡᠳᠦᠭᠡᠷ ᠵᠦᠢᠯ ᠠᠳᠠᠯᠢ ᠪᠤᠰᠤ ᠭᠤᠶᠤᠴᠢᠯᠠᠭᠴᠢ ᠠᠴᠠ ᠲᠤᠰ ᠲᠤᠰ ᠲᠤ ᠪᠠᠨ ᠭᠠᠷᠭᠠᠭᠰᠠᠨ | ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠨᠢ ᠨᠢᠭᠡ ᠯᠡ ᠵᠠᠬᠢᠳᠠᠯ ᠰᠣᠷᠪᠣᠯᠵᠢᠯᠠᠯ ᠤᠨ | ᠵᠦᠢᠯᠡᠰ ᠲᠤ ᠬᠠᠷᠢᠶᠠᠯᠠᠭᠳᠠᠪᠠᠯ᠂ ᠨᠡᠶᠢᠯᠡᠭᠦᠯᠦᠭᠡᠳ ᠵᠡᠷᠭᠡ ᠳᠤ ᠨᠢ ᠰᠢᠢᠳᠪᠦᠷᠢᠯᠡᠵᠦ ᠪᠣᠯᠣᠨ᠎ᠠ᠂ ᠭᠡᠪᠡᠴᠦ ᠳᠠᠪᠳᠠᠨ | ᠪᠠᠶᠢᠴᠠᠭᠠᠵᠤ ᠳᠠᠬᠢᠨ ᠬᠢᠨᠠᠭᠰᠠᠨ ᠰᠠᠨᠠᠯ ᠢ ᠭᠤᠶᠤᠴᠢᠯᠠᠭᠴᠢ ᠳᠤ ᠲᠤᠰ ᠲᠤᠰ ᠲᠤ ᠨᠢ ᠪᠢᠴᠢᠭ ᠤᠨ ᠬᠡᠯᠪᠡᠷᠢ ᠪᠠᠷ | ᠮᠡᠳᠡᠭᠳᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠳᠠᠪᠳᠠᠨ ᠪᠠᠶᠢᠴᠠᠭᠠᠵᠤ | ᠳᠠᠬᠢᠨ ᠬᠢᠨᠠᠭᠰᠠᠨ ᠰᠠᠨᠠᠯ ᠭᠠᠷᠭᠠᠭᠰᠠᠨ ᠤ ᠳᠠᠷᠠᠭ᠎ᠠ᠂ ᠪᠤᠰᠤᠳ ᠵᠠᠬᠢᠳᠠᠯ ᠰᠣᠷᠪᠣᠯᠵᠢᠯᠠᠯ ᠬᠢᠭᠴᠢ ᠨᠢ ᠨᠢᠭᠡ ᠯᠡ | ᠵᠠᠬᠢᠳᠠᠯ ᠰᠣᠷᠪᠣᠯᠵᠢᠯᠠᠯ ᠤᠨ ᠵᠦᠢᠯᠡᠰ ᠲᠤ ᠪᠠᠰᠠ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ | ᠭᠠᠷᠭᠠᠭᠰᠠᠨ ᠪᠠᠶᠢᠪᠠᠯ᠂ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠨᠢᠭᠡᠨᠲᠡ ᠭᠠᠷᠭᠠᠭᠰᠠᠨ ᠳᠠᠪᠳᠠᠨ | ᠪᠠᠶᠢᠴᠠᠭᠠᠵᠤ ᠳᠠᠬᠢᠨ ᠬᠢᠨᠠᠭᠰᠠᠨ ᠰᠠᠨᠠᠯ ᠢᠶᠠᠷ ᠵᠠᠬᠢᠳᠠᠯ ᠰᠣᠷᠪᠣᠯᠵᠢᠯᠠᠯ ᠬᠢᠭᠴᠢ ᠳᠤ ᠬᠠᠷᠢᠭᠤ ᠥᠭᠴᠦ ᠪᠣᠯᠣᠨ᠎ᠠ᠃ | ᠠᠷᠪᠠᠨ ᠵᠢᠷᠭᠤᠳᠤᠭᠠᠷ ᠵᠦᠢᠯ ᠭᠤᠶᠤᠴᠢᠯᠠᠭᠴᠢ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ | ᠭᠠᠷᠭᠠᠭᠰᠠᠨ ᠳᠤ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ ᠨᠢ ᠵᠦᠢ ᠶᠤᠰᠤᠨ ᠤ ᠰᠢᠯᠲᠠᠭᠠᠨ ᠦᠭᠡᠢ ᠪᠠᠷ ᠦᠯᠦ | ᠬᠦᠯᠢᠶᠡᠨ ᠠᠪᠴᠤ ᠰᠢᠢᠳᠪᠦᠷᠢᠯᠡᠬᠦ ᠳᠤ ᠬᠦᠷᠪᠡᠯ᠂ ᠲᠤᠰ ᠪᠠᠶᠢᠭᠤᠯᠭ᠎ᠠ ᠶᠢᠨ ᠳᠡᠭᠡᠳᠦ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠪᠠᠷ ᠬᠢᠨᠠᠨ ᠬᠠᠷᠭᠤᠭᠤᠯᠵᠤ ᠨᠤᠲᠠᠯᠠᠭᠤᠯᠤᠭᠰᠠᠨ ᠤ ᠳᠠᠷᠠᠭ᠎ᠠ᠂ ᠬᠦᠯᠢᠶᠡᠨ ᠠᠪᠴᠤ ᠰᠢᠢᠳᠪᠦᠷᠢᠯᠡᠭᠦᠯᠬᠦ ᠪᠠᠷ | ᠱᠠᠭᠠᠷᠳᠠᠬᠤ ᠬᠡᠷᠡᠭᠲᠡᠢ᠃ | ᠠᠷᠪᠠᠨ ᠳᠤᠯᠤᠳᠤᠭᠠᠷ ᠵᠦᠢᠯ ᠭᠤᠶᠤᠴᠢᠯᠠᠭᠴᠢ ᠨᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠳᠠᠪᠳᠠᠨ | ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠭᠰᠠᠨ ᠦᠭᠡᠢ ᠪᠣᠯ᠂ ᠳᠠᠪᠲᠠᠨ ᠪᠠᠶᠢᠴᠠᠭᠠᠵᠤ ᠳᠠᠬᠢᠨ | ᠬᠢᠨᠠᠬᠤ ᠪᠠᠶᠢᠭᠤᠯᠭ᠎ᠠ ᠠᠴᠠ ᠳᠠᠬᠢᠵᠤ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠭᠡᠪᠡᠴᠦ | ᠭᠤᠶᠤᠴᠢᠯᠠᠬᠳᠠᠭᠴᠢ ᠶᠢᠨ ᠭᠠᠷᠭᠠᠭᠰᠠᠨ ᠰᠢᠢᠳᠪᠦᠷᠢᠯᠡᠵᠦ᠂ ᠳᠠᠪᠳᠠᠨ ᠪᠠᠶᠢᠴᠠᠭᠠᠭᠰᠠᠨ ᠰᠠᠨᠠᠯ ᠳᠤ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠳᠠᠪᠲᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ | ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠄ | ︵ᠨᠢᠭᠡ︶ ᠪᠤᠳᠠᠳᠤ ᠶᠠᠪᠤᠳᠠᠯ ᠨᠢ ᠲᠤᠳᠤᠷᠬᠠᠢ ᠦᠭᠡᠢ᠂ ᠭᠡᠷᠡᠴᠢ ᠪᠠᠷᠢᠮᠲᠠ ᠨᠢ ᠭᠦᠢᠴᠡᠳ ᠦᠭᠡᠢ ᠪᠠᠶᠢᠬᠤ︔ | | ︵ᠬᠤᠶᠠᠷ︶ ᠲᠣᠬᠢᠷᠠᠭᠤᠯᠤᠨ ᠬᠡᠷᠡᠭᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠨᠢ ᠪᠣᠷᠤᠭᠤ ᠪᠠᠶᠢᠬᠤ︔ | ︵ᠭᠤᠷᠪᠠ︶ ᠬᠠᠤᠯᠢ ᠪᠠᠷ ᠲᠣᠭᠲᠠᠭᠠᠭᠰᠠᠨ ᠵᠢᠷᠤᠮ ᠠᠴᠠ ᠵᠦᠷᠢᠴᠡᠭᠰᠡᠨ ᠪᠠᠶᠢᠬᠤ︔ | ︵ᠳᠥᠷᠪᠡ︶ ᠡᠷᠬᠡ ᠲᠤᠰᠢᠶᠠᠯ ᠠᠴᠠ ᠪᠠᠨ ᠳᠠᠪᠠᠭᠰᠠᠨ ᠪᠤᠶᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ | ᠪᠠᠶᠢᠬᠤ᠃ | ᠠᠷᠪᠠᠨ ᠨᠠᠢᠮᠠᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠳᠠᠪᠳᠠᠨ | ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠬᠠᠷᠢᠭᠤ | ᠮᠠᠷᠭᠤᠬᠤ ᠮᠡᠳᠡᠭᠳᠡᠯ ᠤᠨ ᠪᠢᠴᠢᠭ ᠪᠣᠯᠣᠨ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠤᠨ | ᠬᠠᠭᠤᠯᠪᠤᠷᠢ ᠳᠡᠪᠲᠡᠷ ᠢ ᠭᠤᠶᠤᠴᠢᠯᠠᠭᠳᠠᠭᠴᠢ ᠳᠤ ᠬᠦᠷᠭᠡᠬᠦ ᠬᠡᠷᠡᠭᠲᠡᠢ᠃ | ᠭᠤᠶᠤᠴᠢᠯᠠᠭᠳᠠᠭᠴᠢ ᠨᠢ ᠬᠠᠷᠢᠭᠤ ᠮᠠᠷᠭᠤᠬᠤ ᠮᠡᠳᠡᠭᠳᠡᠯ ᠤᠨ ᠪᠢᠴᠢᠭ ᠢ ᠣᠯᠣᠭᠰᠠᠨ ᠡᠳᠦᠷ ᠠᠴᠠ ᠡᠬᠢᠯᠡᠨ | 15 ᠡᠳᠦᠷ ᠲᠤ ᠪᠢᠴᠢᠭ ᠤᠨ ᠬᠠᠷᠢᠭᠤᠯᠲᠠ ᠪᠠᠨ ᠲᠤᠰᠢᠶᠠᠬᠤ ᠶᠢᠨ ᠬᠠᠮᠲᠤ᠂ ᠣᠣᠯ ᠤᠨ ᠰᠢᠢᠳᠪᠦᠷᠢᠯᠡᠭᠰᠡᠨ | ᠰᠠᠨᠠᠯ ᠤᠨ ᠭᠡᠷᠡᠴᠢ ᠪᠠᠷᠢᠮᠲᠠ᠂ ᠦᠨᠳᠦᠰᠦᠯᠡᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠤᠳ ᠢ ᠲᠤᠰᠢᠶᠠᠬᠤ | ᠬᠡᠷᠡᠭᠲᠡᠢ᠃ | ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ ᠪᠠ ᠰᠢᠢᠳᠪᠦᠷᠢ ᠭᠠᠷᠭᠠᠬᠤ | ᠠᠷᠪᠠ ᠶᠢᠰᠦᠳᠦᠭᠡᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠳᠤ ᠵᠠᠷᠴᠢᠮ ᠳᠡᠭᠡᠷ᠎ᠡ ᠪᠠᠨ ᠪᠢᠴᠢᠭ ᠤᠨ | ᠬᠡᠯᠪᠡᠷᠢ ᠪᠠᠷ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠠᠪᠤᠨ᠎ᠠ᠃ ᠭᠡᠪᠡᠴᠦ ᠭᠤᠶᠤᠴᠢᠯᠠᠭᠴᠢ ᠨᠢ ᠱᠠᠭᠠᠷᠳᠠᠯᠭ᠎ᠠ | ᠳᠤᠷᠠᠳᠤᠭᠰᠠᠨ ᠪᠤᠶᠤ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠴᠢᠬᠤᠯᠠ ᠲᠠᠢ ᠭᠡᠵᠦ ᠦᠵᠡᠬᠦ ᠳᠤ | ᠬᠦᠷᠪᠡᠯ᠂ ᠭᠤᠶᠤᠴᠢᠯᠠᠭᠴᠢ ᠶᠢᠨ ᠲᠣᠭᠠᠴᠢᠯᠲᠠ ᠶᠢ ᠰᠤᠨᠤᠰᠴᠤ᠂ ᠭᠤᠶᠤᠴᠢᠯᠠᠬᠳᠠᠭᠴᠢ᠂ ᠬᠤᠯᠪᠣᠭᠳᠠᠯ ᠪᠦᠬᠦᠢ | ᠵᠣᠬᠢᠶᠠᠨ ᠪᠠᠶᠢᠭᠤᠯᠤᠯᠲᠠ ᠪᠣᠯᠣᠨ ᠬᠦᠮᠦᠰ ᠢ ᠪᠠᠶᠢᠳᠠᠯ ᠢᠶᠠᠨ ᠲᠤᠳᠤᠷᠬᠠᠶᠢᠯᠠᠵᠤ ᠥᠭᠬᠦ ᠪᠠᠷ ᠱᠠᠭᠠᠷᠳᠠᠵᠤ᠂ | ᠪᠠᠶᠢᠴᠠᠭᠠᠬᠤ ᠪᠠ ᠬᠠᠶᠢᠨ ᠰᠢᠯᠭᠠᠵᠤ ᠪᠣᠯᠣᠨ᠎ᠠ᠃ | ᠬᠤᠷᠢᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠠᠵᠢᠯᠲᠠᠳ ᠨᠢ ᠪᠠᠶᠢᠴᠠᠭᠠᠬᠤ ᠪᠠ ᠬᠠᠶᠢᠨ | ᠰᠢᠯᠭᠠᠬᠤ ᠳᠤ ᠪᠠᠨ᠂ ᠬᠤᠯᠪᠣᠭᠳᠠᠯ ᠪᠦᠬᠦᠢ ᠮᠠᠲ᠋ᠧᠷᠢᠶᠠᠯ ᠤᠳ ᠢ ᠡᠷᠢᠵᠦ ᠦᠵᠡᠬᠦ᠂ ᠪᠠᠭᠤᠯᠭᠠᠬᠤ ᠪᠠ ᠰᠢᠯᠵᠢᠭᠦᠯᠦᠨ | ᠠᠪᠴᠤ᠂ ᠪᠠᠶᠢᠴᠠᠭᠠᠯᠲᠠ ᠬᠠᠶᠢᠨ ᠰᠢᠯᠭᠠᠯᠲᠠ ᠶᠢᠨ ᠲᠡᠮᠲᠡᠭᠯᠡᠯ ᠬᠢᠵᠦ ᠪᠣᠯᠣᠨ᠎ᠠ᠃ ᠳᠠᠪᠳᠠᠨ ᠪᠠᠶᠢᠴᠠᠭᠠᠵᠤ ᠳᠠᠬᠢᠨ | ᠬᠢᠨᠠᠬᠤ ᠠᠵᠢᠯᠲᠠᠨ ᠢ 2 ᠬᠦᠮᠦᠨ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠬᠤᠷᠢᠨ ᠨᠢᠭᠡᠳᠦᠭᠡᠷ ᠵᠦᠢᠯ ᠴᠢᠬᠤᠯᠠ ᠶᠡᠭᠡ᠂ ᠬᠦᠴᠢᠷ ᠲᠦᠪᠡᠭᠲᠡᠢ᠂ ᠪᠣᠳᠣᠯᠢᠶᠠᠨᠲᠠᠢ ᠵᠠᠬᠢᠳᠠᠯ | ᠰᠣᠷᠪᠣᠯᠵᠢᠯᠠᠯ ᠤᠨ ᠵᠦᠢᠯᠡᠰ ᠢ ᠪᠤᠯ᠂ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠵᠤ ᠪᠣᠯᠣᠨ᠎ᠠ᠃ | ᠬᠤᠷᠢᠨ ᠬᠤᠶᠠᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠬᠤᠭᠤᠴᠠᠭᠠᠨ ᠳᠤ᠂ | ᠭᠤᠶᠤᠴᠢᠯᠠᠭᠴᠢ ᠨᠢ ᠠᠰᠢᠭ ᠬᠤᠣᠷ ᠤᠨ ᠬᠠᠷᠢᠴᠠᠭ᠎ᠠ ᠲᠠᠢ ᠬᠦᠮᠦᠨ ᠯᠦᠭᠡ ᠦᠪᠡᠷᠰᠡᠳ ᠢᠶᠠᠨ ᠡᠶᠡᠲᠡᠵᠦ ᠪᠣᠯᠣᠨ᠎ᠠ᠃ | ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠴᠤ ᠵᠣᠬᠢᠶᠠᠨ ᠪᠠᠶᠢᠭᠤᠯᠵᠤ ᠡᠶᠡᠲᠡᠭᠦᠯᠵᠦ ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠬᠤᠭᠤᠴᠠᠭᠠᠨ ᠳᠤ᠂ | ᠭᠤᠶᠤᠴᠢᠯᠠᠭᠴᠢ ᠨᠢ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠢᠶᠠᠨ ᠪᠤᠴᠠᠭᠠᠬᠤ ᠪᠠᠷ ᠪᠣᠯᠪᠠᠯ᠂ | ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ ᠪᠣᠴᠠᠭᠠᠵᠤ ᠪᠣᠯᠣᠨ᠎ᠠ᠂ ᠲᠡᠭᠡᠪᠡᠯ | ᠵᠠᠬᠢᠳᠠᠯ ᠰᠤᠷᠪᠣᠯᠵᠢᠯᠠᠯ ᠤᠨ ᠳᠡᠰ ᠳᠠᠷᠠᠭᠠᠯᠠᠯ ᠨᠢ ᠳᠠᠭᠤᠰᠤᠨ᠎ᠠ᠃ ᠭᠤᠶᠤᠴᠢᠯᠠᠭᠴᠢ ᠦᠪᠡᠷ ᠤᠨ ᠦᠨᠡᠨ ᠪᠣᠳᠠᠳᠣ | ᠬᠦᠰᠡᠯ ᠡᠷᠡᠮᠡᠯᠵᠡᠯ ᠠᠴᠠ ᠪᠠᠨ ᠵᠦᠷᠢᠴᠡᠵᠦ ᠭᠤᠶᠤᠴᠢᠯᠠᠯ ᠢᠶᠠᠨ ᠪᠣᠴᠠᠭᠠᠭᠰᠠᠨ ᠢ ᠭᠡᠷᠡᠴᠢᠯᠡᠵᠦ ᠴᠢᠳᠠᠬᠤ ᠠᠴᠠ | ᠪᠤᠰᠤᠳ ᠪᠠᠶᠢᠳᠠᠯ ᠳᠣᠣᠷ᠎ᠠ ᠭᠤᠶᠤᠴᠢᠯᠠᠭᠴᠢ ᠠᠳᠠᠯᠢ ᠨᠢᠭᠡᠨ ᠪᠤᠳᠠᠳᠤ ᠶᠠᠪᠤᠳᠠᠯ ᠪᠣᠯᠣᠨ ᠤᠴᠢᠷ ᠰᠢᠯᠲᠠᠭᠠᠨ ᠢᠶᠠᠷ | ᠳᠠᠬᠢᠨᠲᠠ ᠭᠤᠶᠤᠴᠢᠯᠠᠯ ᠭᠠᠷᠭᠠᠵᠤ ᠪᠣᠯᠬᠤ ᠦᠭᠡᠢ᠃ | ᠬᠤᠷᠢᠨ ᠳᠥᠷᠪᠡᠳᠦᠭᠡᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠠᠪᠳᠠᠨ ᠪᠠᠶᠢᠴᠠᠭᠠᠵᠤ ᠳᠠᠬᠢᠨ | ᠬᠢᠨᠠᠬᠤ ᠪᠠᠶᠢᠭᠤᠯᠭ᠎ᠠ ᠨᠢ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠨ ᠳᠤᠷᠭᠤᠨ ᠵᠤᠭᠰᠤᠭᠠᠬᠤ ᠬᠡᠷᠡᠭᠲᠡᠢ᠄ | ︵ᠨᠢᠭᠡ︶ ᠭᠤᠣᠯ ᠪᠣᠯᠬᠤ ᠭᠡᠷᠡᠴᠢ ᠪᠠᠷᠢᠮᠲᠠ ᠨᠢ ᠪᠤᠰᠤᠳ ᠬᠠᠤᠯᠢ ᠪᠠᠷ ᠲᠣᠭᠲᠠᠭᠠᠭᠰᠠᠨ ᠵᠢᠷᠤᠮ ᠢᠶᠠᠷ | ᠨᠤᠲᠠᠯᠠᠵᠤ ᠪᠠᠶᠢᠭ᠎ᠠ ᠶᠠᠪᠤᠴᠠ ᠳᠤ ᠪᠠᠶᠢᠬᠤ︔ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠬᠤᠯᠪᠣᠭᠳᠠᠭᠰᠠᠨ ᠪᠤᠶᠤ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠨ ᠬᠡᠷᠡᠭᠯᠡᠭᠳᠡᠬᠦ ᠠᠰᠠᠭᠤᠳᠠᠯ ᠢ ᠡᠷᠬᠡᠲᠦ ᠪᠠᠶᠢᠭᠤᠯᠭ᠎ᠠ ᠠᠴᠠ | ᠲᠠᠶᠢᠯᠪᠤᠷᠢᠯᠠᠵᠤ ᠥᠭᠬᠦ ᠪᠤᠶᠤ ᠨᠤᠲᠠᠯᠠᠵᠤ ᠥᠭᠬᠦ ᠴᠢᠬᠤᠯᠠᠲᠠᠢ ᠪᠠᠶᠢᠬᠤ︔ | ︵ᠭᠤᠷᠪᠠ︶ ᠳᠣᠷᠭᠤᠨ ᠵᠤᠭᠰᠤᠭᠠᠬᠤ ᠴᠢᠬᠤᠯᠠᠲᠠᠢ ᠪᠤᠰᠤᠳ ᠪᠠᠶᠢᠳᠠᠯ᠃ | ᠳᠣᠷᠭᠤᠨ ᠵᠤᠭᠰᠤᠭᠠᠬᠤ ᠰᠢᠯᠲᠠᠭᠠᠨ ᠠᠷᠢᠯᠤᠭᠰᠠᠨ ᠤ ᠳᠠᠷᠠᠭ᠎ᠠ ᠳᠠᠪᠳᠠᠨ ᠪᠠᠶᠢᠴᠠᠭᠠᠵᠤ ᠳᠠᠬᠢᠨ ᠬᠢᠨᠠᠬᠤ ᠳᠡᠰ | ᠳᠠᠷᠠᠭᠠᠯᠠᠯ ᠢ ᠴᠠᠭ ᠲᠣᠬᠠᠢ ᠳᠤ ᠨᠢ ᠰᠡᠷᠭᠦᠭᠡᠬᠦ ᠬᠡᠷᠡᠭᠲᠡᠢ᠃ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ | ᠳᠡᠰ ᠳᠠᠷᠠᠭᠠᠯᠠᠯ ᠢ ᠳᠣᠷᠭᠤᠨ ᠵᠤᠭᠰᠤᠭᠠᠬᠤ ᠪᠤᠶᠤ ᠰᠡᠷᠭᠦᠭᠡᠭᠰᠡᠨ ᠪᠣᠯ᠂ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠬᠢᠨᠠᠨ | ᠪᠠᠶᠢᠴᠠᠭᠠᠬᠤ ᠪᠠᠷ ᠳᠠᠮᠵᠢᠨ ᠣᠣᠯ ᠤᠨ ᠰᠢᠢᠳᠪᠦᠷᠢᠯᠡᠵᠦ᠂ ᠳᠠᠪᠳᠠᠨ ᠪᠠᠶᠢᠴᠠᠭᠠᠭᠰᠠᠨ ᠰᠠᠨᠠᠯ ᠳᠠᠬᠢ ᠮᠠᠭᠠᠳᠯᠠᠨ | ᠲᠣᠭᠲᠠᠭᠠᠭᠰᠠᠨ ᠪᠣᠳᠠᠳᠤ ᠶᠠᠪᠤᠳᠠᠯ ᠨᠢ ᠲᠤᠳᠤᠷᠬᠠᠢ᠂ ᠭᠡᠷᠡᠴᠢ ᠪᠠᠷᠢᠮᠲᠠ ᠨᠢ ᠦᠨᠡᠨ ᠯᠠᠪᠲᠠᠢ᠂ ᠲᠣᠬᠢᠷᠠᠭᠤᠯᠤᠨ | ᠬᠡᠷᠡᠭᠯᠡᠭᠰᠡᠨ ᠦᠨᠳᠦᠰᠦᠯᠡᠯ ᠨᠢ ᠵᠥᠪ ᠣᠨᠣᠪᠴᠢᠲᠠᠢ᠂ ᠳᠡᠰ ᠳᠠᠷᠠᠭᠠᠯᠠᠯ ᠨᠢ ᠬᠠᠤᠯᠢ ᠶᠤᠰᠤᠨ ᠳᠤ ᠨᠡᠶᠢᠴᠡᠵᠦ᠂ | ᠠᠭᠤᠯᠭ᠎ᠠ ᠨᠢ ᠲᠣᠬᠢᠷᠠᠮᠵᠢᠲᠠᠢ ᠭᠡᠵᠦ ᠦᠵᠡᠵᠦ ᠪᠠᠶᠢᠪᠠᠯ ᠬᠡᠪ ᠢᠶᠠᠷ ᠨᠢ ᠪᠠᠶᠢᠯᠭᠠᠨ᠎ᠠ᠃ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠠᠷᠪᠠᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠦᠯᠦ | ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠪᠣᠯᠪᠠᠴᠤ ᠭᠤᠶᠤᠴᠢᠯᠠᠬᠳᠠᠭᠴᠢ ᠨᠢ ᠨᠢᠭᠡᠨᠲᠡ | ᠵᠠᠬᠢᠳᠠᠯ ᠰᠣᠷᠪᠣᠯᠵᠢᠯᠠᠯ ᠤᠨ ᠳᠡᠰ ᠳᠠᠷᠠᠭᠠᠯᠠᠯ ᠢᠶᠠᠷ ᠰᠢᠢᠳᠪᠦᠷᠢᠯᠡᠭᠰᠡᠨ ᠪᠠᠶᠢᠪᠠᠯ᠂ ᠳᠠᠪᠳᠠᠨ ᠪᠠᠶᠢᠴᠠᠭᠠᠵᠤ ᠳᠠᠬᠢᠨ | ᠬᠢᠨᠠᠬᠤ ᠪᠠᠶᠢᠭᠤᠯᠭ᠎ᠠ ᠨᠢ ᠣᠣᠯ ᠤᠨ ᠰᠢᠢᠳᠪᠦᠷᠢᠯᠡᠵᠦ᠂ ᠳᠠᠪᠳᠠᠨ ᠪᠠᠶᠢᠴᠠᠭᠠᠭᠰᠠᠨ ᠰᠠᠨᠠᠯ ᠢ ᠬᠦᠴᠦᠨ ᠦᠭᠡᠢ | ᠪᠣᠯᠭᠠᠬᠤ ᠶᠢᠨ ᠬᠠᠮᠲᠤ᠂ ᠭᠤᠶᠤᠴᠢᠯᠠᠭᠴᠢ ᠳᠤ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠳᠤ ᠪᠤᠰᠤᠳ ᠳᠡᠰ | ᠳᠠᠷᠠᠭᠠᠯᠠᠯ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠮᠡᠳᠡᠭᠳᠡᠬᠦ ᠬᠡᠷᠡᠭᠲᠡᠢ᠃ | ᠬᠤᠷᠢᠨ ᠳᠤᠯᠤᠳᠤᠭᠠᠷ ᠵᠦᠢᠯ ᠣᠣᠯ ᠤᠨ ᠰᠢᠢᠳᠪᠦᠷᠢᠯᠡᠵᠦ᠂ ᠳᠠᠪᠳᠠᠨ ᠪᠠᠶᠢᠴᠠᠭᠠᠭᠰᠠᠨ ᠰᠠᠨᠠᠯ ᠳᠤ | ᠲᠣᠬᠢᠷᠠᠭᠤᠯᠤᠨ ᠬᠡᠷᠡᠭᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠭᠳᠠᠭᠠᠯ ᠲᠦᠷᠢᠮ ᠪᠤᠶᠤ ᠲᠥᠷᠥ ᠶᠢᠨ | ᠪᠣᠳᠣᠯᠭ᠎ᠠ ᠨᠢ ᠪᠣᠷᠤᠭᠤ ᠪᠠᠶᠢᠪᠠᠯ᠂ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠬᠤᠪᠢᠷᠠᠭᠠᠨ | ᠵᠠᠯᠠᠷᠠᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠬᠢᠨᠠᠨ ᠪᠠᠶᠢᠴᠠᠭᠠᠭᠠᠳ᠂ | ᠣᠣᠯ ᠤᠨ ᠰᠢᠢᠳᠪᠦᠷᠢᠯᠡᠵᠦ᠂ ᠳᠠᠪᠳᠠᠨ ᠪᠠᠶᠢᠴᠠᠭᠠᠭᠰᠠᠨ ᠰᠠᠨᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠳᠠᠬᠢᠨ ᠰᠢᠢᠳᠪᠦᠷᠢᠯᠡᠭᠦᠯᠬᠦ ᠪᠠᠷ ᠭᠤᠶᠤᠴᠢᠯᠠᠭᠳᠠᠭᠴᠢ ᠳᠤ ᠪᠤᠴᠠᠭᠠᠬᠤ ᠬᠡᠷᠡᠭᠲᠡᠢ᠄ | ︵ᠨᠢᠭᠡ︶ ᠭᠤᠣᠯ ᠪᠣᠯᠬᠤ ᠪᠤᠳᠠᠳᠤ ᠶᠠᠪᠤᠳᠠᠯ ᠨᠢ ᠲᠤᠳᠤᠷᠬᠠᠢ ᠦᠭᠡᠢ᠂ ᠭᠡᠷᠡᠴᠢ ᠪᠠᠷᠢᠮᠲᠠ ᠨᠢ ᠭᠦᠢᠴᠡᠳ | ᠦᠭᠡᠢ ᠪᠠᠶᠢᠬᠤ︔ | ︵ᠬᠤᠶᠠᠷ︶ ᠬᠠᠤᠯᠢ ᠪᠠᠷ ᠲᠣᠭᠲᠠᠭᠠᠭᠰᠠᠨ ᠵᠢᠷᠤᠮ ᠠᠴᠠ ᠵᠦᠷᠢᠴᠡᠭᠰᠡᠨ ᠪᠠᠶᠢᠬᠤ︔ | ︵ᠭᠤᠷᠪᠠ︶ ᠭᠤᠶᠤᠴᠢᠯᠠᠭᠴᠢ ᠶᠢᠨ ᠵᠠᠬᠢᠳᠠᠯ ᠰᠣᠷᠪᠣᠯᠵᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠵᠦ | ᠰᠠᠨᠠᠯ ᠭᠠᠷᠭᠠᠭᠰᠠᠨ ᠦᠭᠡᠢ ᠪᠠᠶᠢᠬᠤ︔ | ︵ᠳᠥᠷᠪᠡ︶ ᠭᠤᠶᠤᠴᠢᠯᠠᠭᠴᠢ ᠶᠢᠨ ᠵᠠᠬᠢᠳᠠᠯ ᠰᠣᠷᠪᠣᠯᠵᠢᠯᠠᠯ ᠤᠨ ᠬᠦᠰᠡᠯ ᠱᠠᠭᠠᠷᠳᠠᠯᠭ᠎ᠠ ᠳᠤ ᠳᠤᠲᠠᠭᠤ | ᠳᠣᠷᠭᠤᠨ ᠬᠠᠷᠢᠭᠤᠯᠲᠠ ᠥᠭᠭᠦᠭᠰᠡᠨ ᠪᠠᠶᠢᠬᠤ︔ | ︵ᠲᠠᠪᠤ︶ ᠰᠢᠢᠳᠪᠦᠷᠢᠯᠡᠭᠰᠡᠨ ᠦᠷ᠎ᠡ ᠳ᠋ᠦᠩᠨᠡᠯᠲᠡ ᠨᠢ ᠢᠯᠡᠳᠲᠡ ᠵᠣᠬᠢᠰ ᠦᠭᠡᠢ ᠪᠠᠶᠢᠬᠤ᠃ | ᠬᠤᠷᠢ ᠶᠢᠰᠦᠳᠦᠭᠡᠷ ᠵᠦᠢᠯ ᠳᠠᠬᠢᠵᠦ ᠰᠢᠢᠳᠪᠦᠷᠢᠯᠡᠭᠦᠯᠬᠦ ᠪᠠᠷ ᠪᠣᠴᠠᠭᠠᠭᠰᠠᠨ ᠪᠣᠯ᠂ ᠭᠤᠶᠤᠴᠢᠯᠠᠬᠳᠠᠭᠴᠢ ᠨᠢ | ᠲᠣᠭᠲᠠᠭᠰᠠᠨ ᠬᠤᠭᠤᠴᠠᠭᠠᠨ ᠳᠤ ᠳᠠᠬᠢᠵᠦ ᠰᠢᠢᠳᠪᠦᠷᠢᠯᠡᠬᠦ ᠰᠠᠨᠠᠯ ᠭᠠᠷᠭᠠᠨ᠎ᠠ᠂ ᠭᠡᠬᠦ ᠳᠤ ᠪᠠᠨ ᠨᠢᠭᠡ ᠯᠡ ᠪᠤᠳᠠᠳᠤ | ᠶᠠᠪᠤᠳᠠᠯ ᠪᠣᠯᠣᠨ ᠤᠴᠢᠷ ᠰᠢᠯᠲᠠᠭᠠᠨ ᠢᠶᠠᠷ ᠣᠣᠯ ᠤᠨ ᠰᠢᠢᠳᠪᠦᠷᠢᠯᠡᠭᠰᠡᠨ ᠰᠠᠨᠠᠯ ᠤᠨ ᠠᠭᠤᠯᠭ᠎ᠠ ᠲᠠᠢ ᠠᠳᠠᠯᠢ ᠪᠤᠶᠤ | ᠦᠨᠳᠦᠰᠦᠨ ᠳᠤ ᠪᠠᠨ ᠠᠳᠠᠯᠢ ᠪᠣᠯᠬᠤ ᠰᠠᠨᠠᠯ ᠢ ᠭᠠᠷᠭᠠᠵᠤ ᠪᠣᠯᠬᠤ ᠦᠭᠡᠢ᠃ ᠡᠭᠦᠨ ᠳᠤ ᠬᠠᠤᠯᠢ ᠪᠠᠷ | ᠲᠣᠭᠲᠠᠭᠠᠭᠰᠠᠨ ᠵᠢᠷᠤᠮ ᠠᠴᠠ ᠵᠦᠷᠢᠴᠡᠭᠰᠡᠨ ᠠᠴᠠ ᠪᠣᠯᠵᠤ ᠳᠠᠬᠢᠵᠦ ᠰᠢᠢᠳᠪᠦᠷᠢᠯᠡᠭᠦᠯᠬᠦ ᠪᠠᠷ ᠪᠣᠴᠠᠭᠠᠭᠰᠠᠨ ᠨᠢ ᠲᠤᠰ | ᠪᠠᠶᠢᠳᠠᠯ ᠳᠤ ᠪᠠᠭᠲᠠᠬᠤ ᠦᠭᠡᠢ᠃ | ᠭᠤᠴᠢᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠳᠠᠪᠳᠠᠨ ᠪᠠᠶᠢᠴᠠᠭᠠᠵᠤ ᠳᠠᠬᠢᠨ | ᠬᠢᠨᠠᠭᠰᠠᠨ ᠳ᠋ᠦᠩᠨᠡᠯᠲᠡ ᠭᠠᠷᠭᠠᠬᠤ ᠳᠤ᠂ ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠤᠨ ᠪᠢᠴᠢᠭ | ᠵᠣᠬᠢᠶᠠᠬᠤ ᠶᠢᠨ ᠬᠠᠮᠲᠤ᠂ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠶᠢᠨ ᠲᠠᠮᠠᠭ᠎ᠠ ᠪᠤᠶᠤ ᠲᠤᠰᠬᠠᠢ | ᠲᠠᠮᠠᠭ᠎ᠠ ᠶᠢ ᠳᠠᠷᠤᠬᠤ ᠬᠡᠷᠡᠭᠲᠡᠢ᠃ | ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠤᠨ ᠪᠢᠴᠢᠭ ᠲᠤ ᠭᠤᠶᠤᠴᠢᠯᠠᠭᠴᠢ ᠪᠣᠯᠣᠨ | ᠭᠤᠶᠤᠴᠢᠯᠠᠬᠳᠠᠭᠴᠢ ᠶᠢᠨ ᠦᠨᠳᠦᠰᠦᠨ ᠪᠠᠶᠢᠳᠠᠯ᠂ ᠭᠤᠣᠯ ᠬᠦᠰᠡᠯ ᠱᠠᠭᠠᠷᠳᠠᠯᠭ᠎ᠠ᠂ ᠣᠣᠯ ᠤᠨ ᠰᠢᠢᠳᠪᠦᠷᠢᠯᠡᠭᠰᠡᠨ | ᠪᠠᠶᠢᠳᠠᠯ᠂ ᠳᠠᠪᠳᠠᠨ ᠪᠠᠶᠢᠴᠠᠭᠠᠵᠤ ᠲᠤᠳᠤᠯᠠᠭᠰᠠᠨ ᠪᠤᠳᠠᠳᠤ ᠶᠠᠪᠤᠳᠠᠯ᠂ ᠬᠠᠤᠯᠢ ᠴᠠᠭᠠᠵᠠ ᠪᠣᠯᠣᠨ ᠲᠥᠷᠥ ᠶᠢᠨ | ᠪᠣᠳᠣᠯᠭ᠎ᠠ᠂ ᠦᠨᠳᠦᠰᠦᠯᠡᠯ ᠪᠣᠯᠣᠨ ᠤᠴᠢᠷ ᠰᠢᠯᠲᠠᠭᠠᠨ᠂ ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠵᠢᠴᠢ | ᠭᠤᠶᠤᠴᠢᠯᠠᠭᠴᠢ ᠶᠢᠨ ᠳᠠᠬᠢᠨ ᠬᠢᠨᠠᠭᠤᠯᠬᠤ ᠪᠠᠷ ᠭᠤᠶᠤᠴᠢᠯᠠᠬᠤ ᠡᠷᠬᠡ ᠪᠠ ᠬᠤᠭᠤᠴᠠᠭ᠎ᠠ ᠬᠢᠵᠠᠭᠠᠷ ᠢ ᠳᠤᠲᠤᠷᠬᠠᠢ | ᠲᠡᠮᠲᠡᠭᠯᠡᠵᠦ᠂ ᠳᠠᠬᠢᠨ ᠬᠢᠨᠠᠭᠰᠠᠨ ᠰᠠᠨᠠᠯ ᠤᠨ ᠪᠢᠴᠢᠭ ᠲᠤ ᠳᠠᠬᠢᠨ ᠬᠢᠨᠠᠭᠰᠠᠨ ᠰᠠᠨᠠᠯ ᠨᠢ ᠵᠠᠬᠢᠳᠠᠯ ᠰᠣᠷᠪᠣᠯᠵᠢᠯᠠᠯ ᠤᠨ | ᠵᠦᠢᠯᠡᠰ ᠤᠨ ᠡᠴᠦᠰ ᠤᠨ ᠴᠢᠨᠠᠷᠲᠠᠢ ᠰᠠᠨᠠᠯ ᠪᠣᠯᠣᠨ᠎ᠠ ᠭᠡᠰᠡᠨ ᠢ ᠮᠡᠳᠡᠭᠳᠡᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠳᠠᠬᠢᠨ ᠬᠢᠨᠠᠬᠤ ᠪᠠᠶᠢᠭᠤᠯᠭ᠎ᠠ ᠶᠢᠨ ᠭᠠᠷᠭᠠᠭᠰᠠᠨ ᠳᠠᠬᠢᠨ ᠬᠢᠨᠠᠭᠰᠠᠨ ᠰᠠᠨᠠᠯ | ᠪᠣᠯᠣᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠳᠠᠪᠳᠠᠨ | ᠪᠠᠶᠢᠴᠠᠭᠠᠭᠰᠠᠨ ᠰᠠᠨᠠᠯ ᠪᠣᠯ ᠵᠠᠬᠢᠳᠠᠯ ᠰᠣᠷᠪᠣᠯᠵᠢᠯᠠᠯ ᠤᠨ ᠵᠦᠢᠯᠡᠰ ᠤᠨ ᠡᠴᠦᠰ ᠤᠨ ᠴᠢᠨᠠᠷᠲᠠᠢ ᠰᠠᠨᠠᠯ ᠪᠣᠯᠣᠨ᠎ᠠ᠃ | ᠭᠤᠶᠤᠴᠢᠯᠠᠭᠴᠢ ᠵᠠᠬᠢᠳᠠᠯ ᠰᠣᠷᠪᠣᠯᠵᠢᠯᠠᠯ ᠤᠨ ᠵᠦᠢᠯᠡᠰ ᠤᠨ ᠡᠴᠦᠰ ᠤᠨ ᠴᠢᠨᠠᠷᠲᠠᠢ ᠰᠠᠨᠠᠯ ᠢ ᠬᠦᠯᠢᠶᠡᠬᠦ | ᠦᠭᠡᠢ᠂ ᠮᠦᠨ ᠬᠦ᠋ ᠨᠢᠭᠡ ᠯᠡ ᠪᠤᠳᠠᠳᠤ ᠶᠠᠪᠤᠳᠠᠯ ᠪᠣᠯᠣᠨ ᠤᠴᠢᠷ ᠰᠢᠯᠲᠠᠭᠠᠨ ᠢᠶᠠᠷ ᠵᠠᠬᠢᠳᠠᠯ ᠰᠣᠷᠪᠣᠯᠵᠢᠯᠠᠯ ᠤᠨ | ᠬᠦᠰᠡᠯ ᠱᠠᠭᠠᠷᠳᠠᠯᠭ᠎ᠠ ᠳᠤᠷᠠᠳᠤᠨ ᠭᠠᠷᠭᠠᠬᠤ ᠳᠤ ᠬᠦᠷᠪᠡᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠵᠠᠬᠢᠳᠠᠯ ᠰᠣᠷᠪᠣᠯᠵᠢᠯᠠᠯ ᠤᠨ ᠠᠵᠢᠯ ᠤᠨ ᠪᠠᠶᠢᠭᠤᠯᠤᠮᠵᠢ ᠪᠣᠯᠣᠨ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠨᠢ | ᠳᠠᠬᠢᠵᠦ ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠭᠤᠴᠢᠨ ᠬᠤᠶᠠᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠭᠠᠷᠭᠠᠭᠰᠠᠨ | ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠤᠨ ᠪᠢᠴᠢᠭ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠵᠠᠷᠭᠤ ᠶᠢᠨ ᠬᠠᠤᠯᠢ︾ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠭᠤᠶᠤᠴᠢᠯᠠᠭᠴᠢ ᠪᠣᠯᠣᠨ | ᠭᠤᠶᠤᠴᠢᠯᠠᠬᠳᠠᠭᠴᠢ ᠳᠤ ᠬᠦᠷᠭᠡᠬᠦ ᠬᠡᠷᠡᠭᠲᠡᠢ᠃ | ᠲᠠᠪᠤᠳᠤᠭᠠᠷ ᠪᠦᠯᠦᠭ ᠵᠢᠯᠤᠭᠤᠳᠬᠤ ᠪᠠ ᠬᠢᠨᠠᠯᠲᠠ ᠲᠠᠯᠪᠢᠬᠤ | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠪᠦᠬᠦᠢ | ᠠᠵᠢᠯ ᠤᠨ ᠰᠠᠯᠠᠭ᠎ᠠ ᠮᠦᠴᠢᠷ ᠪᠣᠯᠣᠨ ᠳᠣᠣᠷ᠎ᠠ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠠᠪᠳᠠᠨ | ᠪᠠᠶᠢᠴᠠᠭᠠᠵᠤ ᠳᠠᠬᠢᠨ ᠬᠢᠨᠠᠬᠤ ᠠᠵᠢᠯ ᠳᠤ ᠬᠢᠨᠠᠯᠲᠠ ᠲᠠᠯᠪᠢᠬᠤ᠂ ᠪᠠᠶᠢᠴᠠᠭᠠᠬᠤ ᠪᠠ ᠵᠢᠯᠤᠭᠤᠳᠬᠤ ᠪᠠᠨ ᠴᠢᠩᠭᠠᠳᠬᠠᠬᠤ | ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠲᠤᠰ | ᠪᠠᠶᠢᠭᠤᠯᠭ᠎ᠠ ᠶᠢᠨ ᠭᠠᠷᠭᠠᠭᠰᠠᠨ ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠳᠤ ᠪᠠᠨ ᠬᠠᠷᠢᠭᠤᠴᠠᠯᠭ᠎ᠠ | ᠡᠭᠦᠷᠭᠡᠯᠡᠨ᠎ᠡ᠃ | ᠵᠠᠬᠢᠳᠠᠯ ᠰᠣᠷᠪᠣᠯᠵᠢᠯᠠᠯ ᠬᠢᠭᠴᠢ ᠶᠢᠨ ᠪᠠᠶᠢᠭ᠎ᠠ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠨᠢ | ᠡᠴᠦᠰ ᠤᠨ ᠰᠠᠨᠠᠯ ᠢ ᠨᠠᠶᠢᠳᠠᠪᠤᠷᠢᠵᠢᠭᠤᠯᠬᠤ ᠪᠠ ᠵᠠᠬᠢᠳᠠᠯ ᠰᠣᠷᠪᠣᠯᠵᠢᠯᠠᠯ ᠬᠢᠭᠴᠢ ᠶᠢ ᠬᠦᠮᠦᠵᠢᠭᠦᠯᠦᠨ ᠵᠠᠯᠠᠵᠤ | ᠵᠢᠯᠤᠭᠤᠳᠬᠤ ᠵᠡᠷᠭᠡ ᠠᠵᠢᠯ ᠢ ᠬᠠᠷᠢᠭᠤᠴᠠᠵᠤ ᠰᠠᠶᠢᠲᠤᠷ ᠬᠢᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠳᠠᠪᠳᠠᠨ ᠪᠠᠶᠢᠴᠠᠭᠠᠵᠤ ᠳᠠᠬᠢᠨ ᠬᠢᠨᠠᠬᠤ ᠪᠠᠶᠢᠭᠤᠯᠭ᠎ᠠ ᠨᠢ ᠳᠠᠪᠳᠠᠨ ᠪᠠᠶᠢᠴᠠᠭᠠᠵᠤ | ᠳᠠᠬᠢᠨ ᠬᠢᠨᠠᠭᠰᠠᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢᠶᠠᠨ ᠴᠠᠭ ᠲᠣᠬᠠᠢ ᠳᠤ ᠨᠢ ᠳᠠᠩᠰᠠᠨ ᠳᠤ | ᠣᠷᠤᠭᠤᠯᠬᠤ ᠶᠢᠨ ᠬᠠᠮᠲᠤ᠂ ᠵᠠᠬᠢᠳᠠᠯ ᠰᠣᠷᠪᠣᠯᠵᠢᠯᠠᠯ ᠤᠨ ᠵᠦᠢᠯᠡᠰ ᠤᠨ ᠳᠠᠪᠳᠠᠨ ᠪᠠᠶᠢᠴᠠᠭᠠᠵᠤ᠂ ᠳᠠᠬᠢᠨ ᠬᠢᠨᠠᠭᠰᠠᠨ | ᠮᠡᠳᠡᠭᠡ ᠵᠠᠩᠭᠢ ᠶᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠣᠯᠵᠢᠯᠠᠯ ᠤᠨ ᠮᠡᠳᠡᠭᠡ | ᠵᠠᠩᠭᠢ ᠶᠢᠨ ᠰᠢᠰᠲ᠋ᠧᠮ ᠳᠤ ᠲᠡᠮᠲᠡᠭᠯᠡᠨ ᠣᠷᠤᠭᠤᠯᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠳᠦ ᠱᠠᠲᠤᠨ ᠤ | ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠪᠠᠶᠢᠳᠠᠯ ᠨᠢ ᠬᠦᠨᠳᠦ | ᠨᠣᠴᠢᠲᠠᠢ ᠪᠠᠶᠢᠪᠠᠯ᠂ ᠡᠷᠬᠡᠲᠦ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠦᠬᠦᠢ ᠭᠤᠣᠯᠴᠢᠯᠠᠨ ᠬᠠᠮᠢᠶᠠᠷᠬᠤ | ᠬᠦᠮᠦᠨ ᠪᠣᠯᠣᠨ ᠪᠤᠰᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠣᠰᠤᠭᠠᠷ ᠰᠢᠢᠳᠭᠡᠯ ᠥᠭᠬᠦ ᠬᠡᠷᠡᠭᠲᠡᠢ᠄ | ︵ᠨᠢᠭᠡ︶ ᠳᠠᠪᠳᠠᠨ ᠪᠠᠶᠢᠴᠠᠭᠠᠵᠤ ᠳᠠᠬᠢᠨ ᠬᠢᠨᠠᠭᠰᠠᠨ ᠰᠠᠨᠠᠯ ᠭᠠᠷᠭᠠᠬᠤ ᠦᠭᠡᠢ ᠪᠣᠶᠣ ᠲᠣᠭᠲᠠᠭᠠᠯ ᠠᠴᠠ | ᠵᠦᠷᠢᠴᠡᠵᠦ ᠭᠠᠷᠭᠠᠭᠰᠠᠨ ᠪᠠᠶᠢᠬᠤ︔ | ︵ᠬᠤᠶᠠᠷ︶ ᠳᠠᠪᠳᠠᠨ ᠪᠠᠶᠢᠴᠠᠭᠠᠵᠤ ᠳᠠᠬᠢᠨ ᠬᠢᠨᠠᠬᠤ ᠵᠦᠢᠯᠡᠰ ᠢ ᠰᠢᠯᠲᠠᠭᠯᠠᠵᠤ ᠤᠨᠵᠢᠷᠠᠭᠤᠯᠤᠨ | ᠭᠦᠢᠴᠡᠳᠭᠡᠭᠰᠡᠨ ᠪᠠᠶᠢᠬᠤ︔ | ︵ᠭᠤᠷᠪᠠ︶ ᠰᠢᠢᠳᠪᠦᠷᠢᠯᠡᠵᠦ᠂ ᠳᠠᠪᠳᠠᠨ ᠪᠠᠶᠢᠴᠠᠭᠠᠭᠰᠠᠨ ᠰᠠᠨᠠᠯ ᠢ ᠳᠡᠭᠡᠳᠦ ᠱᠠᠲᠤᠨ ᠠᠴᠠ ᠬᠦᠴᠦᠨ ᠦᠭᠡᠢ | ᠪᠣᠯᠭᠠᠭᠰᠠᠨ ᠤ ᠳᠠᠷᠠᠭ᠎ᠠ ᠵᠠᠯᠠᠷᠠᠭᠤᠯᠬᠤ ᠶᠢ ᠲᠡᠪᠴᠢᠭᠰᠡᠨ ᠪᠤᠶᠤ ᠴᠠᠭ ᠲᠣᠬᠠᠢ ᠳᠤ ᠨᠢ ᠳᠠᠬᠢᠵᠦ ᠭᠦᠢᠴᠡᠳᠭᠡᠭᠰᠡᠨ | ᠦᠭᠡᠢ ᠪᠠᠶᠢᠬᠤ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠳᠤᠯᠤᠳᠤᠭᠠᠷ ᠵᠦᠢᠯ ᠨᠡᠶᠢᠭᠡᠮ ᠤᠨ ᠪᠦᠯᠬᠦᠮ ᠪᠣᠯᠣᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠳᠠᠪᠳᠠᠨ ᠪᠠᠶᠢᠴᠠᠭᠠᠵᠤ ᠳᠠᠬᠢᠨ ᠬᠢᠨᠠᠬᠤ ᠠᠵᠢᠯ ᠨᠢ ᠲᠤᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠵᠦ ᠪᠣᠯᠣᠨ᠎ᠠ᠃ | ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢ 2019 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |