ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠯᠲᠠ︾᠎ ᠶᠢᠨ ᠲᠠᠪᠴᠠᠩ ᠤᠨ ᠠᠰᠠᠭᠤᠳᠠᠯ ᠤᠨ ᠰᠦᠪᠡᠭᠴᠢ ᠪᠠ ᠨᠡᠶᠢᠲᠡᠯᠢᠭ ᠲᠤᠷᠰᠢᠯᠭ᠎ᠠ ᠶᠢᠨ ᠠᠷᠭ᠎ᠠ ᠬᠡᠮᠵᠢᠶ᠎ᠡ ᠶᠢ ᠴᠤᠭᠯᠠᠭᠤᠯᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2019/7/8
     ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠲᠥᠷᠦ ᠶᠢᠨ ᠶᠠᠪᠤᠳᠠᠯ ᠤᠨ ᠬᠤᠷᠢᠶ᠎ᠠ 7 ᠳ᠋ᠤᠭᠠᠷ ᠰᠠᠷ᠎ᠠ ᠶᠢᠨ ᠳᠤᠮᠳᠠᠴᠢ ᠪᠠᠷ ᠵᠢᠷᠭᠤᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠪᠠᠷ ᠲᠣᠭᠲᠠᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠴᠠᠭᠠᠬᠤ ᠳᠤᠭᠤᠶᠢᠯᠠᠩ ᠲᠣᠮᠢᠯᠠᠨ ᠣᠴᠢᠭᠤᠯᠵᠤ ᠲᠤᠬᠠᠶ ᠶᠢᠨ ᠭᠠᠵᠠᠷ ᠲᠤ ᠨᠢ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠪᠣᠯᠣᠨ᠎ᠠ᠃ ︽ᠡᠭᠦᠳᠡ ᠪᠠᠨ ᠨᠡᠭᠡᠭᠡᠵᠦ ᠰᠢᠮᠳᠠᠭᠤᠯᠤᠨ ᠪᠠᠶᠢᠴᠠᠭᠠᠯᠲᠠ ᠬᠢᠬᠦ︾ ᠵᠠᠷᠴᠢᠮ ᠶᠣᠰᠣᠭᠠᠷ᠂ ᠥᠷᠭᠡᠨ ᠣᠯᠠᠨ ᠲᠦᠮᠡᠨ ᠢ ᠬᠦᠰᠡᠬᠦ ᠨᠢ᠂ 7 ᠳ᠋ᠤᠭᠠᠷ ᠰᠠᠷ᠎ᠠ ᠶᠢᠨ 6᠎ ᠤ ᠡᠳᠦᠷ ᠠᠴᠠ 7 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠯᠲᠠ︾᠎ ᠶᠢᠨ ᠲᠠᠪᠴᠠᠩ ᠤᠨ ᠵᠢᠵᠢᠭ ᠫᠷᠤᠭ᠍ᠷᠠᠮ ︵ᠵᠢᠵᠢᠭ ᠫᠷᠤᠭ᠍ᠷᠠᠮ ᠤᠨ ᠺᠣᠳ᠋ ᠢ ᠵᠢᠷᠤᠭ ᠲᠤ ᠯᠠᠪᠯᠠ︶᠎ ᠳᠤ ᠭᠠᠷᠴᠤ᠂ ᠭᠠᠶᠢᠯᠢ ᠶᠢ ᠬᠥᠩᠭᠡᠯᠡᠵᠦ ᠵᠠᠷᠤᠳᠠᠯ ᠢ ᠪᠠᠭᠠᠰᠬᠠᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ ᠵᠠᠰᠠᠭ ᠤᠨ ᠣᠷᠳᠣᠨ ᠤ ᠠᠵᠢᠯ ᠳᠤ ᠣᠷᠣᠰᠢᠵᠤ ᠪᠠᠶᠢᠭ᠎ᠠ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠵᠢᠴᠢ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠵᠡᠷᠭᠡ ᠠᠰᠠᠭᠤᠳᠠᠯ ᠤᠨ ᠰᠦᠪᠡᠭᠴᠢ ᠶᠢ ᠭᠤᠤᠯᠳᠠᠯᠭ᠎ᠠ ᠲᠠᠢ ᠬᠠᠩᠭᠠᠬᠤ ᠪᠣᠯᠪᠠᠤ᠃ ᠡᠭᠦᠨ ᠤ ᠬᠠᠮᠲᠤ᠂ ᠪᠠᠰᠠ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠ᠂ ᠦᠷ᠎ᠡ ᠪᠦᠲᠦᠮᠵᠢ ᠢᠯᠡᠷᠬᠡᠶ᠂ ᠪᠦᠬᠦ ᠤᠯᠤᠰ ᠲᠤ ᠳᠡᠯᠭᠡᠷᠡᠭᠦᠯᠬᠦ ᠦᠨ᠎ᠡ ᠥᠷᠲᠡᠭ ᠲᠠᠢ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠲᠠᠨᠢᠯᠴᠠᠭᠤᠯᠵᠤ ᠪᠣᠯᠤᠨ᠎ᠠ᠃ ᠲᠥᠷᠦ ᠶᠢᠨ ᠶᠠᠪᠤᠳᠠᠯ ᠤᠨ ᠬᠤᠷᠢᠶᠠᠨ ᠤ ᠬᠢᠨ ᠲᠡᠭᠦᠨ ᠤ ᠳᠣᠲᠣᠷᠠᠬᠢ ᠲᠥᠯᠥᠭᠡᠯᠡᠬᠦ ᠴᠢᠨᠠᠷᠲᠠᠶ ᠠᠰᠠᠭᠤᠳᠠᠯ ᠤᠨ ᠰᠦᠪᠡᠭᠴᠢ ᠪᠣᠯᠤᠨ ᠬᠡᠰᠡᠭ ᠪᠦᠯᠦᠭ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠳᠤ ᠲᠤᠬᠠᠶ ᠶᠢᠨ ᠭᠠᠵᠠᠷ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠣᠯᠤᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠢᠴᠠᠭᠠᠬᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕
      ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠯᠲᠠ︾᠎ ᠶᠢᠨ ᠲᠠᠪᠴᠠᠩ ᠤᠨ ᠵᠢᠵᠢᠭ ᠫᠷᠤᠭ᠍ᠷᠠᠮ ᠤᠨ ᠺᠣᠳ᠋
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号