7 ᠳ᠋ᠤᠭᠠᠷ ᠰᠠᠷ᠎ᠠ ᠶᠢᠨ 5 ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠡᠨ | ᠲᠢᠩᠬᠢᠮ ᠬᠦᠬᠡᠬᠤᠳᠠ ᠳᠤ ︽ᠤᠬ ᠰᠠᠨᠠᠭ᠎ᠠ ᠪᠠᠨ ᠪᠠᠲᠤ ᠰᠠᠬᠢᠵᠤ ᠡᠬᠦᠷᠭᠡ ᠬᠠᠷᠢᠭᠤᠴᠠᠯᠭ᠎ᠠ ᠪᠠᠨ ᠳᠠᠭᠠᠭᠠᠨ | ᠡᠬᠦᠷᠭᠡᠯᠡᠵᠦ᠂ ᠡᠭᠡ ᠤᠯᠤᠰ ᠤᠨ ᠮᠡᠨᠳᠦᠯᠡᠭᠰᠡᠨ 70 ᠵᠢᠯ ᠤᠨ ᠤᠢ ᠶᠢ ᠪᠡᠯᠡᠭᠯᠡᠬᠦ︾ ᠤᠷᠠᠨ ᠰᠠᠶᠢᠬᠠᠨ ᠤ | ᠦᠳᠡᠰᠢᠯᠡᠭᠡ ᠡᠷᠬᠢᠯᠡᠵᠦ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠬᠳᠤᠵᠦ᠂ | ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ 98 ᠵᠢᠯ ᠤᠨ ᠤᠢ ᠪᠣᠯᠤᠨ ᠦᠪᠡᠷᠲᠡᠭᠡᠨ ᠵᠠᠰᠠᠬᠤ | ᠤᠷᠤᠨ ᠪᠠᠶᠢᠭᠤᠯᠤᠭᠳᠠᠭᠰᠠᠨ 72 ᠵᠢᠯ ᠤᠨ ᠤᠢ ᠶᠢ ᠪᠡᠯᠭᠡᠯᠡᠵᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ᠂ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠠᠢ ᠯᠢ ᠬᠤᠸᠠ᠂ ᠡᠸᠦ ᠶᠠᠩ ᠰᠢᠶᠤᠤ ᠬᠤᠢ᠂ ᠯᠢ ᠪᠢᠩ | ᠷᠦᠩ᠂ ᠪᠤᠤ ᠭᠠᠩ᠂ ᠵᠧᠩ ᠬᠤᠩ ᠹᠠᠨ ᠲᠤᠬᠯᠠᠯᠳᠠ ᠶᠢ ᠰᠤᠨᠢᠷᠬᠠᠬᠤ ᠶᠢᠨ ᠬᠠᠮᠳᠦ ᠲᠤᠬᠯᠠᠯᠳᠠ ᠳᠤ | ᠤᠷᠤᠯᠴᠠᠵᠠᠢ᠃ | ᠦᠳᠡᠰᠢᠯᠡᠭᠡ ᠨᠢ ︽ᠮᠠᠬᠳᠠᠭᠠᠯ ᠳᠠᠭᠤᠤ︾ ᠶᠢᠨ ᠢᠷᠠᠭᠤ ᠰᠠᠶᠢᠬᠠᠨ ᠠᠶᠠᠰ ᠢᠶᠠᠷ ᠬᠦᠰᠢᠭᠡ ᠪᠠᠨ ᠨᠡᠭᠡᠭᠡᠪᠡ᠃ | ᠤᠷᠤᠰᠢᠯ᠂ ᠭᠠᠶᠢᠬᠠᠮᠰᠢᠬᠳᠤ ᠣᠨ ᠰᠠᠷ᠎ᠠ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨᠠᠮ᠂ ᠤᠬ ᠰᠠᠨᠠᠭ᠎ᠠ ᠪᠠᠨ | ᠦᠯᠦ ᠮᠠᠷᠲᠠᠨᠠᠮ᠂ ᠲᠡᠬᠦᠰᠭᠡᠯ ᠵᠡᠷᠭᠡ ᠲᠠᠪᠤᠨ ᠭᠡᠰᠡᠭ ᠢᠶᠠᠷ ᠪᠦᠷᠢᠯᠳᠦᠵᠦ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭᠤᠯᠵᠤ ᠦᠩᠭᠡᠷᠡᠬᠦᠯᠦᠭᠰᠡᠨ ᠭᠡᠷᠡᠯ ᠰᠠᠴᠤᠷᠠᠩᠭᠤᠢ ᠲᠡᠦᠭᠡ ᠶᠢ ᠡᠷᠬᠢᠴᠡᠬᠦᠯᠤᠨ᠂ ᠡᠭᠡ ᠤᠯᠤᠰ ᠤᠨ | ᠤᠮᠠᠷᠠᠳᠦ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠤ 70 ᠵᠢᠯ ᠤᠨ ᠯᠤᠳᠤ ᠶᠡᠭᠡ ᠬᠤᠪᠢᠷᠠᠯᠳᠠ ᠶᠢ | ᠬᠠᠷᠠᠭᠤᠯᠵᠤ᠂ ᠴᠢᠩ ᠦᠨᠡᠨᠴᠢ ᠵᠦᠩᠨᠡᠯ ᠢᠶᠠᠨ ᠠᠭᠤᠤ ᠶᠡᠭᠡ ᠡᠪ ᠬᠠᠮᠲᠦ ᠨᠠᠮ ᠪᠤᠯᠤᠨ ᠡᠯᠢᠭᠡᠨ ᠬᠠᠶᠢᠷᠠᠳᠦ ᠡᠭᠡ | ᠤᠯᠤᠰ ᠲᠤ ᠪᠠᠨ ᠡᠷᠬᠦᠨ᠂ ︽ᠲᠠᠯ᠎ᠠ ᠨᠤᠳᠤᠭ ᠤᠨ ᠬᠦᠪᠡᠬᠦᠳ ᠦᠬᠢᠳ ᠨᠠᠮ ᠢᠶᠠᠨ ᠳᠠᠭᠠᠵᠦ᠂ ᠡᠭᠡ ᠤᠯᠤᠰ ᠢᠶᠠᠨ | ᠪᠤᠲᠤᠵᠤ᠂ ᠬᠡᠳᠦᠢ ᠬᠤᠯᠠ ᠶᠠᠪᠤᠬᠰᠠᠨ ᠴᠦ᠂ ᠬᠡᠵᠢᠶ᠎ᠡ ᠴᠦ ᠭᠡᠰᠡᠨ ᠴᠦᠮ ᠡᠪ ᠬᠠᠮᠳᠦᠴᠤᠳ ᠤᠨ ᠤᠬ ᠰᠠᠨᠠᠭ᠎ᠠ ᠪᠠ | ᠡᠬᠦᠷᠭᠡ ᠬᠠᠷᠢᠭᠤᠴᠠᠯᠭ᠎ᠠ ᠪᠠᠨ ᠮᠠᠷᠳᠠᠬᠤ ᠦᠭᠡᠢ︾ ᠪᠠᠶᠢᠬᠤ ᠡᠷᠡᠰ ᠪᠠᠳᠤ ᠢᠳᠡᠭᠡᠯ ᠪᠢᠰᠢᠷᠡᠯ ᠢᠶᠠᠨ ᠢᠯᠡᠳᠭᠡᠪᠡ᠃ | ᠲᠤᠬᠯᠠᠯᠳᠠ ᠨᠢ ᠦᠷᠨᠢᠯ ᠬᠦᠭᠵᠢᠯ ᠲᠠᠢ ᠭᠤᠶᠢᠳᠠ ᠰᠠᠶᠢᠬᠠᠨ ᠶᠠᠪᠤᠭᠲᠠᠵᠤ᠂ ᠠᠯᠠᠭ᠎ᠠ ᠲᠠᠰᠢᠯᠳᠠ ᠶᠢᠨ ᠳᠠᠭᠤᠨ | ᠪᠠᠶᠢᠨ ᠲᠠᠬᠢᠨ ᠨᠢᠵᠢᠬᠢᠨᠡᠵᠤ ᠪᠠᠶᠢᠯ᠎ᠠ᠃ ︽ᠡᠪ ᠬᠠᠮᠳᠦ ᠨᠠᠮ ᠪᠠᠶᠢᠬᠤ ᠦᠭᠡᠢ ᠪᠤᠯ ᠰᠢᠨ᠎ᠠ ᠳᠤᠮᠳᠠᠳᠤ ᠤᠯᠤᠰ | ᠪᠠᠶᠢᠬᠤ ᠦᠭᠡᠢ︾ ︽ᠲᠠᠯ᠎ᠠ ᠨᠤᠳᠤᠭ ᠲᠤ ᠮᠦᠩᠭᠡ ᠶᠢᠨ ᠨᠠᠷᠠᠨ ᠰᠠᠴᠤᠷᠠᠨ ᠮᠠᠨᠳᠤᠯ᠎ᠠ︾ ︽ᠦᠵᠡᠰᠬᠦᠯᠡᠩᠳᠦ | ᠰᠠᠶᠢᠬᠠᠨ ᠮᠢᠨᠤ ᠨᠤᠳᠤᠭ︾ ︽ᠪᠢ ᠡᠭᠡ ᠤᠯᠤᠰ ᠲᠠᠢ ᠪᠠᠨ︾ ᠵᠡᠷᠭᠡ ᠬᠦᠮᠦᠰ ᠤᠨ ᠪᠠᠭ᠋ᠠᠷᠬᠠᠨ ᠳᠠᠭᠠᠰᠢᠶᠠᠳᠠᠭ | ᠳᠠᠭᠤᠤ ᠪᠠᠷ ᠢᠶᠠᠨ ᠬᠠᠷᠢᠭᠤᠴᠠᠯᠭ᠎ᠠ ᠡᠬᠦᠷᠭᠡᠯᠡᠯ ᠢᠶᠠᠨ ᠳᠠᠭᠤᠯᠠᠵᠠᠭᠠᠪᠠ︔ ᠦᠵᠡᠮᠵᠢ ᠪᠠᠶᠢᠳᠠᠯ ᠤᠨ ᠢᠷᠠᠭᠤ | ᠤᠩᠰᠢᠯᠭ᠎ᠠ ᠪᠤᠯᠤᠨ ᠡᠷᠡᠭᠳᠡᠢ ᠡᠮᠡᠭᠳᠡᠢ ᠶᠢᠨ ᠬᠤᠤᠰᠯᠠᠯ ᠳᠠᠭᠤᠤ ᠶᠢ ᠤᠶᠠᠯᠳᠤᠭᠤᠯᠤᠭᠰᠠᠨ ︽ᠤᠬ ᠰᠠᠨᠠᠭ᠎ᠠ ᠪᠠᠨ | ᠦᠯᠦ ᠮᠠᠷᠲᠠᠨᠠᠮ︾ ᠭᠡᠬᠦ ᠲᠤᠭᠯᠠᠯᠳᠠ ᠨᠢ ᠤᠶᠠᠩᠭᠠᠯᠠᠯ ᠪᠤᠯᠤᠨ ᠳᠠᠭᠤᠯᠠᠬᠤ ᠶᠢ ᠤᠷᠠᠯᠢᠭ ᠢᠶᠠᠷ ᠤᠶᠠᠯᠳᠤᠭᠤᠯᠤᠨ᠂ | ᠰᠢᠨ᠎ᠠ ᠴᠠᠭ ᠦᠶ᠎ᠠ ᠶᠢᠨ ᠵᠠᠰᠠᠭ ᠤᠨ ᠤᠷᠳᠤᠨ ᠤ ᠠᠯᠪᠡᠨ ᠲᠢᠩᠬᠢᠮ ᠤᠨ ᠠᠵᠢᠯᠳᠠᠳ ᠤᠨ ᠬᠡᠪ ᠨᠠᠮᠪᠠ ᠶᠢ | ᠤᠯᠠᠨ ᠳᠤ ᠬᠠᠷᠠᠭᠤᠯᠵᠠᠢ︔ ᠭᠡᠦᠭᠡᠳ ᠤᠨ ᠳᠠᠭᠠᠭᠤᠯᠤᠨ ᠳᠠᠭᠤᠯᠠᠭᠰᠠᠨ ︽ᠳᠤᠮᠳᠠᠳᠤ ᠤᠯᠤᠰ ᠲᠤ ᠪᠠᠨ ᠪᠢ | ᠬᠠᠶᠢᠷᠠᠳᠠᠢ︾ ᠭᠡᠬᠦ ᠳᠠᠭᠤᠤ ᠨᠢ ᠡᠩ ᠵᠢᠷᠭᠠᠯᠠᠩᠲᠤ ᠭᠡᠷ ᠪᠦᠯᠢ ᠨᠢ ᠡᠬᠡ ᠣᠷᠤᠨ ᠲᠠᠢ ᠪᠠᠨ ᠡᠯᠢᠭᠡ ᠨᠢᠭᠡᠲᠡᠢ ᠪᠠᠶᠢᠵᠤ᠂ | ᠡᠭᠡ ᠤᠯᠤᠰ ᠢᠶᠠᠨ ᠬᠠᠶᠢᠷᠠᠯᠠᠬᠤ ᠦᠨᠡᠨᠴᠢ ᠰᠡᠳᠬᠢᠯᠭᠡ ᠶᠢ ᠢᠯᠡᠳᠭᠡᠪᠡ᠃ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠤᠷᠬᠢᠯᠤᠮ᠎ᠠ ᠬᠠᠯᠠᠭᠤᠨ ᠪᠠᠶᠢᠵᠤ᠂ ᠦᠵᠡᠭᠴᠢᠳ ᠲᠤᠬᠯᠠᠯᠳᠠ ᠪᠦᠷᠢ ᠶᠢ ᠨᠠᠷᠢᠨ ᠬᠢᠨᠠᠮᠠᠭᠠᠢ ᠰᠤᠨᠢᠷᠬᠠᠨ᠂ | ᠪᠠᠶᠢᠨ ᠲᠠᠬᠢᠨ ᠠᠯᠠᠭ᠎ᠠ ᠲᠠᠰᠢᠵᠦ ᠪᠠᠶᠢᠯ᠎ᠠ᠃ | ᠦᠳᠡᠰᠢᠯᠡᠭᠡ ᠨᠢ ᠪᠦᠬᠦ ᠲᠠᠯᠠᠪᠡᠢ ᠪᠠᠷ ᠢᠶᠠᠨ ᠳᠠᠭᠤᠯᠠᠭᠰᠠᠨ ︽ᠡᠭᠡ ᠤᠯᠤᠰ ᠢᠶᠠᠨ ᠮᠠᠬᠳᠠᠨ ᠳᠠᠭᠤᠯᠠᠨ᠎ᠠ︾ | ᠭᠡᠬᠦ ᠰᠦᠷ ᠵᠢᠪᠬᠤᠯᠠᠩᠳᠤ ᠳᠠᠭᠤᠨ ᠳᠤ ᠦᠨᠳᠦᠷᠯᠡᠪᠡ᠃ |