ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠬᠤᠶᠢᠳᠣ ᠬᠡᠰᠡᠭ ᠤᠨ ᠪᠠᠯᠠᠷ ᠤᠢ ᠶᠢᠨ ᠪᠠᠷᠠᠭᠤᠨ ᠠᠮᠠ ᠎ ᠳᠠᠬᠢ ᠭᠠᠯ ᠤᠨ ᠲᠠᠯᠠᠪᠠᠢ ᠶᠢᠨ ᠢᠯᠠ ᠭᠠᠯ ᠢ ᠨᠢᠭᠡᠨᠲᠡ ᠤᠨᠲᠠᠷᠠᠭᠠᠪᠠ
ᠨᠡᠶᠢᠲᠡᠯᠡᠭᠰᠡᠨ ᠴᠠᠭ᠄
2019/7/9
     ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠬᠤᠶᠢᠳᠣ ᠬᠡᠰᠡᠭ ᠤᠨ ᠪᠠᠯᠠᠷ ᠣᠢ ᠶᠢᠨ ᠪᠠᠷᠠᠭᠤᠨ ᠠᠮᠠ ᠎ ᠳᠠᠬᠢ ᠣᠢ ᠰᠢᠭᠤᠶ ᠶᠢᠨ ᠲᠠᠯᠠᠪᠠᠢ ᠶᠢᠨ ︽7.7︾ ᠣᠢ ᠰᠢᠭᠤᠶ ᠶᠢᠨ ᠲᠦᠢᠮᠡᠷ ᠤᠨᠲᠠᠷᠠᠭᠠᠬᠤ ᠡᠮᠦᠨ᠎ᠡ ᠹᠷᠣᠨᠲ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠣᠢ ᠰᠢᠭᠤᠶ ᠶᠢᠨ ᠭᠠᠯ ᠤᠨᠲᠠᠷᠠᠭᠠᠬᠤ ᠶᠡᠷᠦᠩᠬᠡᠶ ᠠᠩᠭᠢ ᠵᠢᠴᠢ ᠣᠢ ᠰᠢᠭᠤᠶ ᠶᠢᠨ ᠲᠦᠷᠭᠡᠨ ᠭᠠᠯ ᠤᠨᠲᠠᠷᠠᠭᠠᠬᠤ ᠠᠩᠭᠢ ᠶᠢᠨ 300 ᠭᠠᠷᠤᠶ ᠬᠦᠮᠦᠰ ᠨᠢᠭᠡ ᠰᠦᠨᠢ ᠰᠢᠷᠭᠠᠭᠤ ᠬᠠᠳᠠᠭᠤᠵᠢᠯᠳᠠᠢ ᠲᠡᠮᠡᠴᠡᠬᠦ ᠪᠠᠷ ᠳᠠᠮᠵᠢᠨ᠂ ᠲᠦᠢᠮᠡᠷ ᠤᠨᠲᠠᠷᠠᠭᠠᠬᠤ ᠠᠵᠢᠯ ᠴᠢᠬᠤᠯᠠ ᠶᠡᠭᠡ ᠠᠮᠵᠢᠯᠳᠠ ᠣᠯᠵᠤ᠂ ᠣᠳᠣᠬᠠᠨ ᠳᠤ ᠢᠯᠠ ᠭᠠᠯ ᠢ ᠨᠢᠭᠡᠨᠲᠡ ᠤᠨᠲᠠᠷᠠᠭᠠᠭᠰᠠᠨ ᠪᠠᠶᠢᠨ᠎ᠠ᠃      ᠡᠮᠦᠨ᠎ᠡ ᠹᠷᠣᠨᠲ ᠤᠨ ᠭᠠᠯ ᠤᠨᠲᠠᠷᠠᠭᠠᠭᠴᠢ ᠶᠢᠨ ᠲᠠᠨᠢᠯᠴᠠᠭᠤᠯᠤᠭᠰᠠᠨ ᠢᠶᠠᠷ᠂ 8᠎ ᠤ ᠡᠳᠦᠷ ᠤᠨ 6 ᠴᠠᠭ ᠪᠣᠯᠲᠠᠯ᠎ᠠ᠂ ᠪᠠᠷᠠᠭᠤᠨ ᠠᠮᠠ ᠳᠠᠬᠢ ᠣᠢ ᠰᠢᠭᠤᠶ ᠶᠢᠨ ᠲᠠᠯᠠᠪᠠᠢ ᠶᠢᠨ 1 ᠳ᠋ᠤᠭᠡᠷ᠂ 2 ᠳ᠋ᠤᠭᠠᠷ ᠭᠠᠯ ᠭᠠᠷᠤᠭᠰᠠᠨ ᠲᠠᠯᠠᠪᠠᠢ ᠶᠢᠨ ᠢᠯᠡ ᠭᠠᠯ ᠢ ᠨᠢᠭᠡᠨᠲᠡ ᠤᠨᠲᠠᠷᠠᠭᠠᠵᠤ᠂ ᠨᠡᠶᠢᠲᠡ 3.1 ᠺᠢᠯᠣᠮᠧᠲᠷ ᠢᠯᠡ ᠭᠠᠯ ᠢ ᠤᠨᠲᠠᠷᠠᠭᠠᠭᠰᠠᠨ ᠪᠠᠶᠢᠨ᠎ᠠ᠃ ᠥᠪᠥᠷ ᠮᠣᠩᠭᠤᠯ ᠤᠨ ᠣᠢ ᠰᠢᠭᠤᠶ ᠶᠢᠨ ᠭᠠᠯ ᠤᠨᠲᠠᠷᠠᠭᠠᠬᠤ ᠶᠡᠷᠦᠩᠬᠡᠶ ᠠᠩᠭᠢ ᠶᠢᠨ 240 ᠭᠠᠷᠤᠶ ᠬᠥᠮᠦᠨ ᠪᠣᠯᠤᠨ ᠣᠷᠣᠨ ᠨᠤᠲᠤᠭ ᠤᠨ ᠣᠢ ᠰᠢᠭᠤᠶ ᠶᠢᠨ ᠭᠠᠯ ᠤᠨᠲᠠᠷᠠᠭᠠᠬᠤ ᠠᠩᠭᠢ ᠶᠢᠨ 120 ᠭᠠᠷᠤᠶ ᠬᠦᠮᠦᠰ ᠤᠳᠤ ᠶᠠᠭ ᠭᠠᠯ ᠭᠠᠷᠤᠭᠰᠠᠨ ᠲᠠᠯᠠᠪᠠᠢ ᠳᠤ ᠭᠦᠨᠵᠡᠭᠡᠶᠢᠷᠡᠨ ᠨᠠᠷᠢᠨ ᠴᠡᠪᠡᠷᠯᠡᠯᠳᠡ ᠬᠢᠵᠤ᠂ ᠨᠣᠷᠮ᠎ᠠ ᠨᠢ ᠳᠠᠬᠢᠨ ᠨᠣᠴᠣᠬᠤ ᠶᠢ ᠰᠡᠷᠭᠡᠶᠢᠯᠡᠵᠦ ᠪᠣᠶ᠃      ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠬᠤᠶᠢᠳᠣ ᠬᠡᠰᠡᠭ ᠤᠨ ᠪᠠᠯᠠᠷ ᠣᠢ ᠶᠢᠨ ᠦᠮᠠ ᠣᠢ ᠰᠢᠭᠤᠶ ᠶᠢᠨ ᠲᠣᠪᠴᠢᠶ᠎ᠠ ᠶᠢᠨ ᠪᠠᠷᠠᠭᠤᠨ ᠠᠮᠠ ᠳᠠᠬᠢ ᠣᠢ ᠰᠢᠭᠤᠶ ᠶᠢᠨ ᠲᠠᠯᠠᠪᠠᠢ ᠳᠤ 7᠎ ᠤ ᠡᠳᠣᠷ ᠤᠨ ᠦᠳᠡ ᠳᠤ ᠬᠤᠶᠠᠷ ᠤᠳᠠᠭ᠎ᠠ ᠣᠢ ᠰᠢᠭᠤᠶ ᠶᠢᠨ ᠲᠦᠢᠮᠡᠷ ᠭᠠᠷᠪᠠ᠂ ᠲᠤᠬᠠᠢ ᠶᠢᠨ ᠲᠠᠯᠠᠪᠡᠢ ᠶᠢᠨ ᠲᠣᠶᠢᠮᠠᠷ ᠭᠠᠷᠤᠭᠰᠠᠨ ᠰᠢᠯᠲᠠᠭᠠᠨ ᠵᠢᠴᠢ ᠲᠣᠶᠢᠮᠠᠷ ᠤᠨ ᠲᠠᠯᠠᠪᠠᠢ ᠶᠢ ᠶᠠᠭ ᠪᠠᠶᠢᠴᠠᠭᠠᠵᠣ ᠪᠠᠶᠢᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号