ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠲᠦᠷᠪᠡᠳᠦᠭᠡᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠵᠦ ᠲᠤᠰᠬᠠᠢ ᠰᠡᠳᠦᠪ ᠢᠶᠠᠷ ᠠᠰᠠᠭᠤᠨ ᠯᠠᠪᠯᠠᠪᠠ  ᠨᠠᠰᠤᠨᠮᠦ᠋ᠡᠭᠭᠡ ᠶᠠᠷᠢᠶ᠎ᠠ ᠲᠠᠯᠪᠢᠵᠦ ᠸᠠᠩ ᠪᠦᠸᠧ  ᠯᠢ ᠷᠦᠡᠭ ᠰᠢ  ᠯᠢᠶᠠᠨ ᠰᠤ᠋  ᠾᠧ ᠶᠠᠨ ᠯᠢᠩ  ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠵᠤ ᠡᠤ ᠲᠤᠸᠠᠨ ᠶᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2019/8/1
     7 ᠰᠠᠷ᠎ᠠ ᠶᠢᠨ 31᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠲᠦᠷᠪᠡᠳᠦᠭᠡᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠵᠦ᠂ ᠪᠦᠭᠦ ᠤᠷᠤᠨ ᠤ ᠬᠤᠰᠢᠭᠤ ᠰᠢᠶᠠᠨ ᠤ ᠱᠠᠳᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠳᠡ ᠪᠠ ᠲᠡᠰ ᠬᠤᠪᠢᠶᠠᠨ ᠤᠨᠤᠰᠢᠯᠠᠨ ᠡᠮᠨᠡᠭᠦ ᠲᠦᠷᠢᠮ ᠤᠨ ᠪᠠᠶᠢᠭᠤᠯᠤᠯᠳᠠ ᠶᠢ ᠠᠬᠢᠭᠤᠯᠵᠦ ᠨᠠᠶᠢᠳᠠᠪᠤᠷᠢᠵᠢᠭᠤᠯᠤᠬᠰᠠᠨ ᠪᠠᠶᠢᠳᠠᠯ ᠢ ᠲᠤᠰᠬᠠᠢ ᠰᠡᠳᠦᠪ ᠢᠶᠠᠷ ᠠᠰᠠᠭᠤᠨ ᠯᠠᠪᠯᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠦ᠂ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ ᠪᠢᠴᠢᠭ ᠎ ᠤᠨ ᠲᠠᠷᠤᠭ᠎ᠠ ᠱᠢ ᠸᠧᠨ ᠰᠢᠤᠸᠠᠢ ᠬᠤᠷᠠᠯ ᠳᠤ ᠤᠷᠤᠯᠴᠠᠵᠦ᠂ ᠲᠡᠳ᠋ ᠡᠷᠬᠢᠯᠡᠭᠴᠢ ᠡᠤ ᠲᠤᠸᠠᠨ ᠶᠢᠩ ᠬᠤᠷᠠᠯ ᠢ ᠡᠷᠬᠢᠯᠡᠵᠦ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠤᠪᠤᠷ ᠢᠶᠠᠨ ᠢᠯᠡᠳᠬᠡᠬᠦ ᠦᠭᠡ ᠬᠡᠯᠡᠵᠠᠢ᠃      ᠲᠤᠭᠤᠢᠢᠯᠠᠩ ᠬᠠᠮᠳᠤᠷᠠᠬᠰᠠᠨ ᠬᠤᠷᠠᠯ ᠲᠡᠭᠡᠷ᠎ᠠ᠂ 8 ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠡᠭᠭᠦ ᠶᠢ ᠦᠨᠳᠤᠷ ᠪᠦᠲᠦᠮᠵᠢᠳᠠᠢ ᠵᠤᠬᠢᠰᠳᠠᠢ ᠬᠡᠷᠡᠭᠯᠡᠬᠦ᠂ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠳᠠ᠂ ︽ᠡᠮᠴᠢᠯᠡᠭᠡ᠂ ᠡᠮᠨᠡᠯᠭᠡ ᠶᠢᠨ ᠲᠠᠭᠠᠳᠬᠠᠯ᠂ ᠡᠮ ᠡᠮᠨᠡᠯᠭᠡ︾ ᠬᠤᠯᠪᠤᠭᠠᠯᠠᠨ ᠬᠦᠳᠡᠯᠦᠯᠴᠡᠬᠦ ᠠᠵᠢᠯ᠂ ᠮᠤᠩᠭᠤᠯ ᠡᠮᠨᠡᠯᠭᠡ ᠶᠢᠨ ᠡᠮ ᠡᠮᠨᠡᠯᠭᠡ ᠶᠢᠨ ᠲᠠᠩᠰᠠᠨ ᠠᠴᠠ ᠲᠠᠶᠢᠯᠬᠤ ᠵᠡᠷᠭᠡ ᠠᠰᠠᠭᠤᠳᠠᠯ ᠢ ᠠᠰᠠᠭᠤᠨ ᠯᠠᠪᠯᠠᠵᠦ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠨ ᠠᠰᠠᠭᠤᠯᠳᠠ ᠶᠢ ᠬᠠᠷᠢᠭᠤᠯᠪᠠ᠃      ᠬᠤᠷᠠᠯ ᠠᠴᠠ᠂ ︽ᠤᠬ ᠰᠠᠨᠠᠭ᠎ᠠ ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠳᠤ ᠬᠦᠮᠦᠵᠢᠯ ᠤᠨ ᠠᠵᠢᠯᠯᠠᠭ᠎ᠠ ᠪᠠᠷ ᠲᠤᠬᠢᠶᠠᠯ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠡᠭ ᠤᠨ ᠡᠷᠡᠭᠦᠯ ᠡᠩᠭᠡ ᠲᠤᠮᠳᠠᠳᠤ ᠤᠯᠤᠰ ᠤᠨ ᠲᠤᠬᠠᠢ ᠴᠢᠬᠤᠯᠠ ᠦᠭᠦᠯᠠᠯᠳᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠳᠠ ᠪᠠᠨ ᠲᠡᠭᠡᠭᠰᠢᠯᠡᠭᠦᠯᠵᠦ᠂ ᠡᠮᠴᠢᠯᠡᠭᠡᠨ ᠤ ᠡᠭᠢ ᠪᠠᠶᠠᠯᠢᠭ ᠢ ᠲᠤᠷᠤᠬᠰᠢ ᠪᠠᠭᠤᠯᠭᠠᠵᠦ᠂ ᠡᠮᠨᠡᠯᠭᠡ ᠶᠢᠨ ᠬᠤᠷᠢᠶ᠎ᠠ ᠶᠢ ᠰᠠᠶᠢᠳᠤᠷ ᠬᠠᠮᠢᠶᠠᠷᠴᠤ᠂ ︽ᠡᠮᠴᠢᠯᠡᠭᠡ᠂ ᠡᠮᠨᠡᠯᠭᠡ ᠶᠢᠨ ᠲᠠᠭᠠᠳᠬᠠᠯ᠂ ᠡᠮ ᠡᠮᠨᠡᠯᠭᠡ︾᠎ ᠶᠢᠨ ᠬᠤᠯᠪᠤᠭᠠᠯᠠᠯ ᠬᠦᠳᠡᠯᠦᠯᠴᠡᠯ ᠢ ᠵᠢᠩᠭᠢᠨᠢ ᠬᠤᠯᠪᠤᠭᠠᠯᠠᠭᠤᠯᠣᠨ ᠬᠦᠳᠡᠯᠦᠯᠴᠡᠭᠦᠯᠵᠦ᠂ ᠤᠯᠠᠨ ᠲᠦᠮᠡᠨ ᠤ ︽ᠡᠪᠡᠳᠴᠢᠨ ᠦᠵᠡᠭᠦᠯᠭᠦ ᠳᠤ ᠬᠦᠴᠢᠷ᠂ ᠡᠪᠡᠳᠴᠢᠨ ᠦᠵᠡᠭᠦᠯᠭᠦ ᠳᠤ ᠦᠨ᠎ᠡ ᠲᠠᠢ︾ ᠠᠰᠠᠭᠤᠳᠠᠯ ᠢ ᠬᠦᠴᠦ ᠤᠷᠤᠭᠤᠯᠵᠦ ᠰᠢᠢᠳᠪᠤᠷᠢᠯᠡᠭᠦ ᠬᠡᠷᠡᠭᠳᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号