7 ᠰᠠᠷ᠎ᠠ ᠶᠢᠨ 31 ᠤ ᠥᠳᠡ ᠶᠢᠨ ᠡᠮᠥᠨ᠎ᠠ᠂ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ | ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠡᠬᠢᠯᠡᠲᠡᠯᠡᠬᠢ 200 ᠡᠳᠤᠷ ᠤᠨ ᠪᠥᠬᠦ ᠠᠷᠠᠳ ᠤᠨ ᠪᠡᠶ᠎ᠠ | ᠴᠢᠬᠢᠷᠠᠬᠵᠢᠭᠤᠯᠬᠤ ᠠᠵᠢᠯᠯᠠᠭ᠎ᠠ ᠶᠢᠨ ᠡᠬᠢᠯᠠᠯᠳᠠ ᠶᠢᠨ ᠶᠤᠰᠤᠯᠠᠯ ᠬᠥᠯᠥᠨ ᠪᠤᠶᠢᠷ ᠬᠤᠳᠠ ᠶᠢᠨ ᠬᠠᠶᠢᠯᠠᠷ ᠲᠤᠭᠤᠷᠢᠬ | ᠤᠨ ᠴᠢᠩᠭᠢᠰ ᠬᠠᠭᠠᠨ ᠠᠭᠤᠳᠠᠮ ᠲᠠᠯᠠᠪᠠᠢ ᠳᠤ ᠶᠠᠪᠤᠬᠳᠠᠪᠠ᠃ | ᠥᠪᠡᠷᠳᠡᠭᠡᠨ ᠵᠠᠰᠠᠬᠤ ᠤᠷᠤᠨ ᠤ ᠲᠡᠳ᠋ ᠲᠠᠷᠢᠬᠦᠯᠡᠭᠴᠢ ᠵᠸᠡᠭ ᠬᠤᠨᠭ᠌ ᠹᠠᠨ ᠡᠬᠢᠯᠠᠯᠳᠠ ᠶᠢᠨ ᠶᠤᠰᠤᠯᠠᠯ ᠳᠤ | ᠤᠷᠤᠯᠴᠠᠵᠠᠢ᠃ | ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ | ᠴᠤᠬᠯᠠᠭᠠᠨ 2020 ᠣᠨ ᠤ 2 ᠰᠠᠷ᠎ᠠ ᠶᠢᠨ 16 ᠤ ᠡᠳᠤᠷ ᠬᠥᠯᠥᠨ ᠪᠤᠶᠢᠷ ᠬᠤᠳᠠ ᠳᠤ ᠥᠪᠡᠳᠡᠭᠰᠢ ᠶᠡᠭᠡ ᠪᠠᠷ | ᠶᠠᠪᠤᠬᠳᠠᠬᠤ ᠪᠤᠯᠤᠨ᠎ᠠ᠃ ᠲᠤᠰ ᠤᠳᠠᠭ᠎ᠠ ᠶᠢᠨ ᠪᠥᠬᠦ ᠠᠷᠠᠳ ᠤᠨ ᠪᠡᠶ᠎ᠠ ᠴᠢᠬᠢᠷᠠᠬᠵᠢᠭᠤᠯᠬᠤ ᠠᠵᠢᠯᠯᠠᠭ᠎ᠠ ᠨᠢ | ︽ᠡᠪᠤᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠳᠤ ᠤᠷᠤᠯᠴᠠᠬᠤ᠂ ᠡᠪᠤᠯ ᠤᠨ ᠤᠯᠠᠷᠢᠯ ᠤᠨ ᠲᠠᠮᠢᠷᠴᠢᠨ | ᠪᠤᠯᠬᠤ᠂ ᠪᠡᠶ᠎ᠡ ᠪᠠᠨ ᠴᠢᠬᠢᠷᠠᠬᠵᠢᠭᠤᠯᠬᠤ᠂ ᠲᠠᠭᠠᠭᠠᠴᠢᠯᠠᠨ ᠡᠷᠬᠢᠯᠡᠬᠦ ᠠᠵᠢᠯ ᠢᠶᠠᠨ ᠰᠠᠶᠢᠳᠤᠷ ᠬᠢᠬᠦ᠂ ᠠᠷᠪᠠᠨ | ᠲᠥᠷᠪᠡᠳᠤᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠢᠶᠠᠨ ᠪᠡᠶᠡᠷᠯᠡᠨ ᠤᠬᠳᠤᠬᠤ︾ | ᠪᠠᠷ ᠭᠤᠤᠯ ᠰᠡᠳᠤᠪ ᠪᠤᠯᠭᠠᠵᠤ᠂ ᠬᠥᠮᠥᠨ ᠪᠥᠬᠦᠨ ᠠᠷᠪᠠᠨ ᠲᠥᠷᠪᠡᠳᠥᠭᠡᠷ ᠬᠤᠭᠤᠴᠠᠭᠠᠨ ᠤ ᠡᠪᠤᠯ ᠤᠨ ᠤᠯᠠᠷᠢᠯ | ᠤᠨ ᠲᠠᠮᠢᠷ ᠤᠨ ᠴᠤᠬᠯᠠᠭᠠᠨ ᠤ ᠠᠵᠢᠯᠯᠠᠭ᠎ᠠ ᠳᠤ ᠤᠷᠤᠯᠴᠠᠬᠤ ᠠᠭᠤᠷ ᠠᠮᠢᠰᠬᠤᠯ ᠢ ᠦᠳᠭᠡᠷᠡᠭᠦᠯᠬᠦ ᠡᠬᠦᠳᠡᠨ ᠠᠴᠠ | 3000 ᠭᠠᠷᠤᠢ ᠬᠥᠮᠥᠨ ᠡᠬᠢᠯᠡᠯᠳᠠ ᠶᠢᠨ ᠶᠤᠰᠤᠯᠠᠯ ᠤᠨ ᠠᠵᠢᠯᠯᠠᠭ᠎ᠠ ᠳᠤ ᠤᠷᠤᠯᠴᠠᠵᠠᠢ᠃ ᠥᠢᠷ᠎ᠠ ᠶᠢᠨ ᠵᠢᠯ ᠳᠤ | ᠬᠥᠯᠥᠨ ᠪᠤᠶᠢᠷ ᠬᠤᠳᠠ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ | ᠲᠠᠮᠢᠷ ᠤᠨ ᠴᠤᠬᠯᠠᠭᠠᠨ ᠢ ᠲᠠᠭᠠᠭᠠᠴᠢᠯᠠᠨ ᠡᠷᠬᠢᠯᠡᠬᠦ ᠠᠵᠠ ᠲᠤᠬᠢᠶᠠᠯ ᠢ ᠡᠵᠡᠮᠳᠠᠵᠦ᠂ ᠴᠠᠰᠤ ᠮᠦᠰᠦᠨ ᠤ ᠡᠬᠢ | ᠪᠡᠶᠠᠯᠢᠬ ᠲᠠᠭᠠᠨ ᠲᠥᠰᠢᠭᠯᠡᠨ ᠴᠠᠰᠤ ᠮᠦᠰᠦ᠂ ᠰᠤᠶᠤᠯ᠂ ᠪᠡᠶ᠎ᠠ ᠶᠢᠨ ᠲᠠᠮᠢᠷ᠂ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠬᠦᠯᠵᠥ᠂ ᠴᠠᠰᠤ ᠮᠥᠰᠤᠨ ᠤ ᠲᠠᠮᠢᠷ ᠤᠨ ᠬᠥᠳᠡᠯᠭᠡᠭᠡᠨ ᠤ ᠨᠡᠷᠡᠳᠤ ᠬᠤᠳᠠ ᠶᠢ ᠴᠤᠭᠴᠠᠯᠠᠨ ᠪᠠᠶᠢᠭᠤᠯᠬᠤ ᠪᠠᠨ | ᠲᠥᠷᠭᠡᠳᠭᠡᠵᠥ᠂ ᠨᠡᠷ᠎ᠠ ᠨᠥᠯᠥᠭᠡ ᠶᠡᠬᠡᠳᠠᠢ ᠡᠪᠤᠯ ᠤᠨ ᠤᠯᠠᠷᠢᠯ ᠤᠨ ᠲᠥᠷᠥᠯ ᠲᠡᠮᠳᠡᠭᠳᠤ ᠠᠵᠢᠯᠯᠠᠭ᠎ᠠ ᠶᠢ ᠢᠳᠠᠪᠬᠢᠳᠠᠢ | ᠥᠷᠨᠢᠬᠦᠯᠵᠥ᠂ ᠬᠥᠯᠥᠨ ᠪᠤᠶᠢᠷ ᠤᠨ ᠤᠨᠴᠠᠯᠢᠬᠳᠤ ᠴᠠᠰᠤ ᠮᠥᠰᠤᠨ ᠤ ᠰᠤᠶᠤᠯ ᠤᠨ ᠲᠦᠷᠦᠯ ᠲᠡᠮᠳᠡᠭ ᠢ ᠴᠢᠷᠮᠠᠶᠢᠨ | ᠡᠬᠦᠳᠴᠤ᠂ ︽ᠡᠪᠤᠯ ᠤᠨ ᠤᠯᠠᠷᠢᠯ ᠤᠨ ᠨᠠᠭᠠᠳᠤᠮ︾᠂ ︽ᠡᠪᠤᠯ ᠤᠨ ᠤᠯᠠᠷᠢᠯ ᠤᠨ ᠪᠠᠭᠠᠳᠤᠳ ᠤᠨ ᠴᠤᠬᠯᠠᠭᠠᠨ︾᠂ | ︽ᠴᠠᠰᠤ ᠮᠥᠰᠥᠨ ᠤ ᠭᠡᠭᠡᠷᠡᠯᠡᠨ ᠤᠷᠤᠯᠳᠤᠬᠤ ᠤᠷᠤᠯᠳᠤᠭᠠᠨ︾᠂ ︽ᠴᠠᠰᠤ ᠮᠥᠰᠤᠨ ᠤ ᠮᠠᠷᠠᠽᠤᠨ︾ ᠵᠡᠷᠭᠡ | ᠲᠥᠷᠥᠯ ᠲᠡᠮᠳᠡᠭᠳᠤ ᠠᠵᠢᠯᠯᠠᠭ᠎ᠠ ᠶᠢ ᠢᠳᠡ ᠭᠥᠭ ᠲᠠᠢ ᠶᠠᠪᠤᠬᠳᠠᠭᠤᠯᠵᠥ᠂ ᠡᠪᠤᠯ ᠤᠨ ᠤᠯᠠᠷᠢᠯ ᠤᠨ ᠵᠢᠭᠤᠯᠴᠢᠯᠠᠯ ᠪᠠ | ᠴᠠᠰᠤ ᠮᠥᠰᠤᠨ ᠤ ᠠᠵᠤ ᠥᠢᠯᠡᠰ ᠤᠨ ᠲᠥᠷᠭᠡᠨ ᠬᠥᠭᠵᠢᠯᠳᠠ ᠪᠠᠨ ᠪᠥᠳᠥᠮᠵᠢᠳᠠᠢ ᠠᠬᠢᠭᠤᠯᠵᠥ ᠪᠤᠢ᠃ |