ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠵᠣᠬᠢᠶᠠᠨ ᠪᠠᠶᠢᠭᠤᠯᠬᠤ | ᠺᠣᠮᠢᠰ ᠤᠨ ᠮᠡᠳᠡᠭᠡ ᠶᠢ ᠦᠨᠳᠦᠰᠦᠯᠡᠪᠡᠯ᠂ ᠭᠤᠷᠪᠠᠳᠣᠭᠠᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ | ᠤᠯᠤᠰ ᠤᠨ ᠦᠵᠡᠰᠬᠦᠯᠡᠩ ᠤᠨ ᠴᠤᠭᠯᠠᠭᠠᠨ 9 ᠳ᠋ᠣᠭᠡᠷ ᠰᠠᠷ᠎ᠠ ᠶᠢᠨ 6 ᠤ ᠡᠳᠦᠷ ᠠᠴᠠ 10 ᠤ ᠡᠳᠦᠷ ᠪᠣᠯᠲᠠᠯ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ᠂ ᠬᠦᠬᠡᠬᠤᠳᠠ ᠳᠤ ᠶᠠᠪᠤᠭᠳᠠᠨ᠎ᠠ᠃ | ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠨᠢ ︽ᠳᠤᠮᠳᠠᠳᠤ ᠮᠣᠩᠭᠤᠯ ᠣᠷᠣᠰ ᠤᠨ ᠠᠵᠤ | ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠣ᠂ ᠵᠡᠭᠦᠨ ᠬᠤᠶᠢᠳᠣ ᠠᠽᠢᠶ᠎ᠠ ᠶᠢᠨ ᠣᠷᠣᠨ ᠪᠦᠰᠡ ᠶᠢᠨ | ᠬᠠᠮᠲᠤᠷᠠᠯᠴᠠᠭ᠎ᠠ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠠᠵᠤ | ᠠᠬᠤᠶ ᠠᠷᠠᠯᠵᠢᠶ᠎ᠠ᠂ ᠬᠥᠳᠡᠭᠡ ᠠᠵᠤ ᠠᠬᠤᠶ᠂ ᠡᠮ ᠡᠮᠨᠡᠯᠭᠡ᠂ ᠰᠣᠶᠣᠯ᠂ ᠢᠮᠠᠭᠠᠨ ᠨᠣᠯᠤᠤᠷ ᠵᠡᠷᠭᠡ ᠬᠦᠷᠢᠶᠡᠨ ᠳᠤ | ᠲᠦᠪᠯᠡᠷᠡᠭᠦᠯᠦᠨ᠂ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠯᠴᠡᠭᠡ᠂ ᠬᠤᠷᠠᠯ ᠶᠠᠷᠢᠶᠠᠨ ᠤ ᠲᠠᠪᠴᠠᠩ᠂ ᠰᠣᠶᠣᠯ | ᠤᠨ ᠰᠣᠯᠢᠯᠴᠠᠭ᠎ᠠ ᠪᠠ ᠦᠵᠡᠰᠬᠦᠯᠡᠩ ᠤᠨ ᠦᠵᠡᠭᠦᠯᠭᠡ ᠵᠡᠷᠭᠡ ᠳᠥᠷᠪᠡᠨ ᠶᠡᠭᠡ ᠬᠡᠰᠡᠭ ᠤᠨ ᠣᠯᠠᠨ ᠵᠦᠶᠯ ᠤᠨ | ᠠᠵᠢᠯᠯᠠᠭ᠎ᠠ ᠶᠢ ᠬᠠᠮᠤᠷᠴᠠᠶ᠃ | ᠡᠭᠦᠨ ᠳᠤ᠂ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ᠨᠢ ᠳᠤᠮᠳᠠᠳᠤ ᠮᠣᠩᠭᠤᠯ | ᠬᠤᠶᠠᠷ ᠤᠯᠤᠰ ᠵᠢᠴᠢ ᠪᠤᠰᠤᠳ ᠡᠯ᠎ᠡ ᠤᠯᠤᠰ ᠤᠨ ᠲᠣᠭᠤᠷᠢᠨ ᠳᠤ ᠠᠵᠤ ᠠᠬᠤᠢ ᠶᠢᠨ ᠬᠠᠮᠲᠤᠷᠠᠯᠴᠠᠭ᠎ᠠ | ᠦᠷᠨᠢᠬᠦᠯᠦᠨ᠂ ᠨᠢᠭᠡ ᠪᠦᠯᠦᠭ ᠬᠦᠴᠦᠷᠬᠡᠭ᠂ ᠬᠠᠮᠲᠤᠷᠠᠯᠴᠠᠭᠠᠨ ᠤ ᠵᠢᠱᠢᠯᠲᠡ ᠰᠠᠶᠢᠨ ᠳᠠᠪᠠᠭᠤᠯᠢᠭ ᠠᠵᠤ ᠦᠢᠯᠡᠰ | ᠤᠨ ᠲᠥᠷᠥᠯ ᠵᠦᠶᠯ ᠢ ᠭᠠᠷᠭᠠᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠤᠶᠠᠷ ᠲᠠᠯ᠎ᠠ ᠳᠤ ᠵᠣᠯᠭᠠᠭᠤᠯᠣᠨ | ᠰᠣᠯᠢᠯᠴᠠᠬᠤ ᠲᠠᠪᠴᠠᠩ ᠬᠠᠩᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠤᠪᠢᠶᠠᠯᠴᠠᠨ᠎ᠠ︔ ᠬᠤᠷᠠᠯ ᠤᠨ | ᠶᠠᠷᠢᠶᠠᠨ ᠤ ᠲᠠᠪᠴᠠᠩ ᠨᠢ ᠳᠡᠭᠡᠳᠣ ᠬᠡᠮᠵᠢᠶᠠᠨ ᠤ ᠠᠭᠤᠯᠵᠠᠯᠳᠠ ᠪᠣᠯᠣᠨ ᠳᠡᠭᠡᠳᠣ ᠲᠡᠰ ᠤᠨ ᠶᠠᠷᠢᠶᠠᠨ ᠤ ᠲᠠᠪᠴᠠᠩ | ᠡᠷᠬᠢᠯᠡᠬᠦ ᠪᠠᠷ ᠳᠠᠮᠵᠢᠭᠤᠯᠤᠨ᠂ ᠡᠯ᠎ᠡ ᠤᠯᠤᠰ ᠤᠨ ᠤᠯᠤᠰ ᠲᠥᠷᠥ ᠶᠢᠨ ᠴᠢᠬᠤᠯᠠ ᠬᠥᠮᠦᠰ᠂ ᠲᠤᠰᠬᠠᠶ ᠮᠡᠷᠭᠡᠵᠢᠯᠲᠡᠨ | ᠡᠷᠳᠡᠮᠲᠡᠨ ᠢ ᠥᠪᠥᠷ ᠮᠣᠩᠭᠤᠯ ᠳᠤ ᠲᠡᠳᠡᠨ ᠠᠪᠴᠢᠷᠠᠵᠤ᠂ ᠳᠤᠮᠳᠠᠳᠤ ᠮᠣᠩᠭᠤᠯ ᠬᠤᠶᠠᠷ ᠤᠯᠤᠰ ᠵᠢᠴᠢ ᠳᠡᠯᠡᠬᠡᠶ | ᠶᠢᠨ ᠡᠯ᠎ᠡ ᠤᠯᠤᠰ ᠯᠤᠭ᠎ᠠ ᠶᠢᠨ ᠬᠠᠷᠢᠯᠴᠠᠭ᠎ᠠ ᠪᠠ ᠰᠣᠯᠢᠯᠴᠠᠭ᠎ᠠ ᠪᠠᠨ ᠨᠡᠮᠡᠭᠳᠡᠭᠦᠯᠦᠨ᠎ᠡ︔ ᠳᠡᠯᠭᠡᠨ ᠦᠵᠡᠬᠦᠯᠬᠦ | ᠲᠡᠪᠴᠠᠩ ᠨᠢ ᠬᠢᠯᠢ ᠶᠢᠨ ᠳᠣᠲᠣᠨ᠎ᠠ ᠭᠠᠳᠠᠨᠠᠬᠢ ᠳᠠᠪᠠᠭᠤᠯᠢᠭ ᠠᠵᠤ ᠦᠶᠯᠡᠰ ᠵᠢᠴᠢ ᠣᠨᠴᠠᠯᠢᠭᠲᠤ ᠪᠦᠲᠦᠭᠡᠭᠳᠡᠬᠦᠨ | ᠳᠤ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠬᠠᠷᠢᠯᠴᠠᠨ ᠣᠶᠢᠯᠠᠭᠠᠯᠴᠠᠨ᠂ ᠬᠤᠳᠠᠯᠳᠤᠨ ᠠᠪᠬᠤ ᠪᠠ | ᠪᠣᠷᠣᠯᠠᠭᠤᠯᠬᠤ ᠬᠤᠳᠠᠯᠳᠤᠭᠠᠨ ᠤ ᠲᠣᠬᠢᠶᠠᠯ ᠢ ᠡᠭᠦᠳᠬᠦ ᠪᠣᠯᠤᠨ᠎ᠠ︔ ᠰᠣᠶᠣᠯ ᠤᠨ ᠰᠣᠯᠢᠯᠴᠠᠭ᠎ᠠ ᠨᠢ ᠭᠤᠶᠢᠳᠠ | ᠰᠠᠶᠢᠬᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠪᠠᠷ ᠳᠤᠮᠳᠠᠳᠤ ᠮᠣᠩᠭᠤᠯ ᠬᠤᠶᠠᠷ ᠤᠯᠤᠰ ᠵᠢᠴᠢ ᠵᠡᠭᠦᠨ | ᠬᠤᠶᠢᠳᠣ ᠠᠽᠢᠶ᠎ᠠ ᠶᠢᠨ ᠡᠯ᠎ᠡ ᠤᠯᠤᠰ ᠤᠨ ᠬᠤᠭᠤᠷᠣᠨᠳᠣᠬᠢ ᠨᠠᠩ ᠦᠷᠭᠡᠨ ᠬᠡᠪᠴᠢᠶ᠎ᠡ ᠲᠠᠢ᠂ ᠨᠠᠩ ᠥᠨᠳᠥᠷ | ᠲᠦᠪᠰᠢᠨ ᠲᠠᠢ᠂ ᠨᠠᠩ ᠭᠦᠨ ᠳᠠᠪᠬᠤᠷᠭ᠎ᠠ ᠶᠢᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠪᠡᠶᠡᠯᠡᠭᠦᠯᠬᠦ ᠶᠢ | ᠠᠬᠢᠭᠤᠯᠵᠤ᠂ ᠠᠷᠠᠳ ᠤᠨ ᠰᠡᠳᠬᠢᠯ ᠤᠨ ᠰᠠᠭᠤᠷᠢ ᠶᠢ ᠪᠠᠬᠢᠵᠢᠭᠦᠯᠬᠦ ᠪᠣᠯᠤᠨ᠎ᠠ᠃ | ᠡᠨᠡ ᠵᠢᠯ ᠪᠣᠯ ᠳᠤᠮᠳᠠᠳᠤ ᠮᠣᠩᠭᠤᠯ ᠬᠤᠶᠠᠷ ᠣᠯᠣᠰ ᠤᠨ ᠬᠠᠷᠢᠴᠠᠭ᠎ᠠ ᠪᠠᠶᠢᠭᠤᠯᠤᠭᠰᠠᠨ 70 ᠵᠢᠯ ᠤᠨ ᠣᠢ | ᠪᠣᠯᠤᠨ᠎ᠠ᠃ ᠲᠣᠰ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ | ᠨᠢ ︽ᠪᠦᠬᠦ ᠪᠥᠮᠪᠥᠷᠴᠡᠭ ᠲᠤ ᠬᠠᠨᠳᠤᠭᠤᠯᠤᠭᠰᠠᠨ ᠣᠯᠠᠨ ᠤᠯᠤᠰ ᠤᠨ ᠴᠢᠨᠠᠷᠲᠠᠶ ᠦᠵᠡᠰᠬᠦᠯᠡᠩ ᠤᠨ ᠴᠤᠭᠯᠠᠭᠠᠨ︾ | ᠢᠶᠠᠷ ᠵᠣᠷᠢᠯᠲᠠ ᠪᠣᠯᠭᠠᠵᠤ᠂ ᠶᠠᠰᠤ ᠴᠢᠨᠠᠷ ᠢᠶᠠᠷ ᠨᠠᠩ ᠰᠢᠯᠢᠳᠡᠭ᠂ ᠰᠢᠨ᠎ᠡ ᠡᠬᠦᠳᠣᠯᠳᠡ ᠪᠠᠷ ᠨᠠᠩ ᠴᠢᠩᠭ᠎ᠠ᠂ ᠳᠡᠰ | ᠳᠠᠪᠬᠤᠷᠭ᠎ᠠ ᠪᠠᠷ ᠨᠠᠩ ᠦᠨᠳᠣᠷ᠂ ᠦᠷ᠎ᠡ ᠪᠦᠲᠦᠮᠵᠢ ᠪᠠᠷ ᠨᠠᠩ ᠰᠠᠶᠢᠨ ᠵᠡᠭᠦᠨ ᠬᠤᠶᠢᠳᠣ ᠠᠽᠢᠶ᠎ᠠ ᠶᠢᠨ ᠠᠵᠤ | ᠠᠬᠤᠢ ᠶᠢᠨ ᠬᠦᠷᠢᠶᠡᠨ ᠤ ᠣᠷᠣᠨ ᠪᠦᠰᠡ ᠶᠢᠨ ᠬᠠᠮᠲᠤᠷᠠᠯᠴᠠᠭᠠᠨ ᠤ ᠲᠠᠪᠴᠠᠩ ᠢ ᠴᠢᠷᠮᠠᠶᠢᠨ ᠪᠠᠶᠢᠭᠤᠯᠬᠤ | ᠪᠣᠯᠤᠨ᠎ᠠ᠃ | 2015 ᠣᠨ ᠳᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ | ᠦᠵᠡᠰᠬᠦᠯᠡᠩ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠬᠡᠬᠤᠳᠠ ᠳᠤ | ᠶᠠᠪᠤᠭᠳᠠᠵᠤ᠂ ᠳᠤᠮᠳᠠᠳᠤ ᠮᠣᠩᠭᠤᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢᠨ ᠴᠣ ᠰᠢᠨ᠎ᠡ ᠬᠠᠭᠤᠳᠠᠰᠤ ᠶᠢ ᠨᠡᠭᠡᠭᠡᠪᠡ᠃ | 2017 ᠣᠨ ᠳᠤ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ | ᠤᠨ ᠴᠤᠭᠯᠠᠭᠠᠨ ᠪᠠᠰᠠ ᠥᠪᠥᠷ ᠮᠣᠩᠭᠤᠯ ᠳᠤ ᠶᠠᠪᠤᠭᠳᠠᠪᠠ᠃ ᠬᠤᠶᠠᠷ ᠬᠤᠭᠤᠴᠠᠭᠠᠨ ᠤ ᠦᠵᠡᠰᠬᠦᠯᠡᠩ ᠤᠨ | ᠴᠤᠭᠯᠠᠭᠠᠨ ᠳᠤ ᠳᠤᠮᠳᠠᠳᠤ ᠭᠠᠳᠠᠭᠠᠳᠤ ᠶᠢᠨ 4000 ᠰᠢᠬᠠᠮ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ | ᠬᠠᠮᠲᠤᠷᠠᠯᠴᠠᠭᠠᠨ ᠤ ᠵᠥᠪᠯᠡᠯᠴᠡᠭᠡᠷ᠂ ᠰᠠᠨᠠᠮᠵᠢ ᠶᠢᠨ ᠪᠢᠴᠢᠭ᠂ ᠬᠠᠨᠳᠣᠯᠭ᠎ᠠ᠂ ᠰᠠᠨᠠᠭᠠᠴᠢᠯᠠᠭ᠎ᠠ ᠵᠡᠷᠭᠡ 276 ᠵᠦᠢᠯ | ᠳᠤ ᠭᠠᠷ ᠤᠨ ᠦᠰᠦᠭ ᠵᠢᠷᠤᠵᠤ᠂ ᠬᠤᠯᠪᠣᠭᠳᠠᠭᠰᠠᠨ ᠵᠣᠭᠤᠰ ᠤᠨ ᠲᠤᠭ᠎ᠠ 2281 ᠳ᠋ᠦᠩᠰᠢᠭᠤᠷ ᠲᠥᠭᠦᠷᠢᠭ ᠲᠤ | ᠬᠦᠷᠴᠦ᠂ ᠦᠵᠡᠰᠬᠦᠯᠡᠩ ᠤᠨ ᠲᠤᠬᠠᠶ ᠶᠢᠨ ᠲᠠᠯᠠᠪᠠᠢ ᠶᠢᠨ ᠠᠷᠠᠯᠵᠢᠶᠠᠨ ᠤ ᠬᠡᠮᠵᠢᠶ᠎ᠠ ᠵᠢᠴᠢ ᠵᠥᠪᠯᠡᠯᠴᠡᠭᠡᠷ ᠤᠨ | ᠬᠡᠮᠵᠢᠶ᠎ᠠ ᠨᠢ 11.3 ᠳ᠋ᠦᠩᠰᠢᠭᠤᠷ ᠲᠥᠭᠦᠷᠢᠭ ᠲᠤ ᠬᠦᠷᠴᠡᠶ᠃ |