ᠳᠣᠮᠳᠠᠳᠣ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠤᠢᠢᠯᠡᠳᠪᠤᠷᠢ ᠶᠢᠨ ᠪᠦᠯᠦᠭᠯᠡᠯ ᠬᠢᠵᠠᠭᠠᠷᠳᠤ ᠺᠤᠮᠫᠠᠨᠢ ᠶᠢᠨ ᠤᠷᠳᠤᠰ ᠤᠨ ᠳ᠋ᠠ ᠯᠤ᠋ ᠨᠡᠬᠦᠷᠡᠰᠤ ᠪᠠᠷ ᠠᠯᠺᠧᠨ ᠤᠢᠢᠯᠡᠳᠪᠤᠷᠢᠯᠡᠬᠦ ᠲᠦᠷᠤᠯ ᠵᠦᠢᠯ ᠤᠨ ᠪᠠᠷᠢᠯᠭ᠎ᠠ ᠡᠬᠢᠯᠠᠯ᠎ᠡ  ᠪᠦ᠋ ᠰᠢᠶᠤᠤ ᠯᠢᠨ ᠲᠦᠷᠤᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ
ᠨᠡᠶᠢᠲᠡᠯᠡᠭᠰᠡᠨ ᠴᠠᠭ᠄
2019/8/12
     8 ᠰᠠᠷ᠎ᠠ ᠶᠢᠨ 10᠎ ᠤ ᠡᠳᠤᠷ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠤᠢᠢᠯᠡᠳᠪᠤᠷᠢ ᠎ ᠶᠢᠨ ᠪᠦᠯᠦᠭᠯᠡᠯ ᠬᠢᠵᠠᠭᠠᠷᠳᠤ ᠺᠤᠮᠫᠠᠨᠢ ᠶᠢᠨ ᠤᠷᠳᠤᠰ ᠤᠨ ᠳ᠋ᠠ ᠯᠤ᠋ ᠨᠡᠬᠦᠷᠡᠰᠤ ᠪᠠᠷ ᠠᠯᠺᠧᠨ ᠤᠢᠢᠯᠡᠳᠪᠤᠷᠢᠯᠡᠬᠦ ᠲᠦᠷᠤᠯ ᠵᠦᠢᠯ ᠤᠨ ᠪᠠᠷᠢᠯᠭ᠎ᠠ ᠡᠬᠢᠯᠠᠵᠠᠢ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠦᠷᠤᠯ ᠵᠦᠢᠯ ᠤᠨ ᠪᠠᠷᠢᠯᠭ᠎ᠠ ᠡᠬᠢᠯᠡᠬᠦ ᠲᠠᠶᠢᠴᠢᠯᠠᠯᠲᠠ ᠶᠢᠨ ᠬᠤᠷᠠᠯ ᠳᠤ ᠤᠷᠤᠯᠴᠠᠬᠰᠠᠨ ᠪᠦᠬᠡᠳ ᠲᠦᠷᠤᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃      ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠤᠢᠢᠯᠡᠳᠪᠤᠷᠢ ᠶᠢᠨ ᠪᠦᠯᠦᠭᠯᠡᠯ ᠬᠢᠵᠠᠭᠠᠷᠳᠤ ᠺᠤᠮᠫᠠᠨᠢ ᠶᠢᠨ ᠶᠠᠷᠤᠩᠬᠡᠢ ᠲᠠᠭᠠᠭᠠᠮᠠᠯ ᠮᠠ ᠶᠦᠩ ᠱᠧᠩ ᠪᠠᠷᠢᠯᠭ᠎ᠠ ᠡᠬᠢᠯᠡᠬᠦ ᠲᠠᠶᠢᠴᠢᠯᠠᠯᠲᠠ ᠶᠢᠨ ᠬᠤᠷᠠᠯ ᠲᠡᠭᠡᠷ᠎ᠠ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠠᠢ᠃      ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠤᠢᠢᠯᠡᠳᠪᠤᠷᠢ ᠶᠢᠨ ᠪᠦᠯᠦᠭᠯᠡᠯ ᠬᠢᠵᠠᠭᠠᠷᠳᠤ ᠺᠤᠮᠫᠠᠨᠢ ᠶᠢᠨ ᠤᠷᠳᠤᠰ ᠤᠨ ᠳ᠋ᠠ ᠯᠤ᠋ ᠨᠡᠬᠦᠷᠡᠰᠤ ᠪᠠᠷ ᠠᠯᠺᠧᠨ ᠤᠢᠢᠯᠡᠳᠪᠤᠷᠢᠯᠡᠬᠦ ᠲᠦᠷᠤᠯ ᠵᠦᠢᠯ ᠪᠤᠯ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠨᠡᠬᠦᠷᠡᠰᠤ ᠶᠢ ᠨᠠᠷᠢᠯᠢᠭ ᠪᠤᠯᠪᠠᠰᠤᠷᠠᠭᠤᠯᠵᠤ ᠲᠡᠰ ᠲᠡᠪᠰᠢᠬᠦᠯᠬᠦ ᠵᠢᠱᠢᠶ᠎ᠠ ᠦᠵᠡᠬᠦᠯᠬᠦ ᠲᠦᠷᠤᠯ ᠵᠦᠢᠯ ᠪᠤᠯᠤᠨ᠎ᠠ᠂ ᠤᠷᠤᠨ ᠨᠤᠳᠤᠬ ᠪᠤᠯᠤᠨ ᠠᠵᠤ ᠠᠬᠤᠢᠢᠯᠠᠯ ᠤᠨ ᠬᠠᠮᠳᠤᠷᠠᠯᠴᠠᠭ᠎ᠠ ᠎ ᠶᠢ ᠬᠦᠨᠵᠡᠬᠡᠶᠢᠷᠡᠬᠦᠯᠬᠦ᠂ ᠦᠪᠡᠷᠳᠡᠬᠡᠨ ᠵᠠᠰᠠᠬᠤ ᠤᠷᠤᠨ ᠤ ᠨᠡᠬᠦᠷᠡᠰᠤᠨ ᠤ ᠡᠬᠢ ᠪᠠᠶᠠᠯᠢᠬ ᠤᠨ ᠲᠠᠪᠠᠭᠤᠯᠢᠬ ᠢ ᠠᠵᠤ ᠤᠢᠢᠯᠡᠰ ᠤᠨ ᠲᠠᠪᠠᠭᠤᠯᠢᠬ ᠪᠠ ᠠᠵᠤ ᠠᠬᠤᠢ ᠶᠢᠨ ᠲᠠᠪᠠᠭᠤᠯᠢᠬ ᠪᠤᠯᠭᠠᠨ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠠ ᠪᠠᠶᠢᠵᠤ᠂ ᠤᠷᠳᠤᠰ ᠴᠢᠨᠠᠬᠰᠢᠯᠠᠪᠠᠯ ᠪᠦᠬᠦ ᠤᠷᠤᠨ ᠤ ᠤᠳᠤ ᠦᠶ᠎ᠠ ᠶᠢᠨ ᠨᠡᠬᠦᠷᠡᠰᠤ ᠬᠢᠮᠢ ᠶᠢᠨ ᠠᠵᠤ ᠤᠢᠢᠯᠡᠳᠪᠤᠷᠢ ᠶᠢᠨ ᠪᠤᠬᠢᠷᠳᠤᠯ ᠦᠬᠡᠢ᠂ ᠦᠷᠬᠦᠯᠵᠢᠯᠡᠬᠦ ᠪᠤᠯᠤᠨ ᠴᠢᠨᠠᠷ ᠰᠠᠶᠢᠳᠠᠢ ᠬᠦᠭᠵᠢᠯᠳᠠ ᠶᠢ ᠪᠡᠶᠡᠯᠡᠬᠦᠯᠬᠦ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠲᠤᠰ ᠲᠦᠷᠤᠯ ᠵᠦᠢᠯ ᠤᠨ ᠭᠤᠤᠯ ᠪᠤᠯᠬᠤ ᠪᠦᠳᠤᠬᠡᠨ ᠪᠠᠶᠢᠭᠤᠯᠤᠯᠳᠠ ᠎ ᠶᠢᠨ ᠠᠭᠤᠯᠭ᠎ᠠ ᠳᠤ᠂ ᠵᠢᠯ ᠳᠤ 226 ᠲᠦᠮᠡᠨ ᠲᠤᠨ ᠤ ᠨᠡᠬᠦᠷᠡᠰᠤ ᠪᠠᠷ ᠮᠧᠲ᠋ᠢᠯ ᠠᠯᠺᠤᠯ ᠦᠢᠯᠡᠳᠬᠦ ᠪᠠ ᠮᠧᠲ᠋ᠢᠯ ᠠᠯᠺᠤᠯ ᠢᠶᠠᠷ ᠠᠯᠺᠧᠨ ᠦᠢᠯᠡᠳᠬᠦ ᠲᠦᠷᠦᠯ ᠵᠦᠢᠯ᠂ ᠵᠢᠯ ᠳᠤ 34 ᠲᠦᠮᠡᠨ ᠲᠤᠨ ᠤ ᠡᠲ᠋ᠧᠨ ᠤ ᠪᠦᠭᠡᠭᠡᠨᠡᠪᠦᠷᠢ ᠦᠢᠯᠡᠳᠬᠦ ᠲᠦᠷᠦᠯ ᠵᠦᠢᠯ᠂ ᠵᠢᠯ ᠳᠤ 53 ᠲᠦᠮᠡᠨ ᠲᠤᠨ ᠤ ᠫᠷᠤᠫᠧᠨ ᠦᠢᠯᠡᠳᠬᠦ ᠲᠦᠷᠦᠯ ᠵᠦᠢᠯ ᠪᠠ ᠢᠵᠢ ᠪᠦᠷᠢᠳᠦᠬᠦᠯᠦᠭᠰᠡᠨ ᠤᠯᠠᠨ ᠨᠡᠶᠢᠳᠠ ᠶᠢᠨ ᠢᠨᠵᠧᠨᠧᠷᠢᠩ᠂ ᠬᠠᠪᠰᠤᠷᠤᠯᠳᠠ ᠲᠦᠬᠦᠬᠡᠷᠤᠮᠵᠢ ᠵᠡᠷᠬᠡ ᠪᠠᠭᠳᠠᠨ᠎ᠠ᠃ ᠤᠳᠤᠬᠠᠨ ᠤ ᠪᠤᠯᠤᠮᠵᠢᠳᠤ ᠰᠤᠳᠤᠯᠭᠠᠨ ᠢᠶᠠᠷ᠂ ᠲᠤᠰ ᠲᠦᠷᠤᠯ ᠵᠦᠢᠯ ᠤᠨ ᠬᠢᠮᠢ ᠶᠢᠨ ᠠᠵᠤ ᠤᠢᠢᠯᠡᠳᠪᠤᠷᠢ ᠶᠢᠨ ᠭᠡᠰᠡᠭ ᠤᠨ ᠶᠠᠷᠤᠩᠬᠡᠢ ᠪᠡᠯᠡ ᠤᠷᠤᠭᠤᠯᠤᠯᠳᠠ ᠨᠢ 238 ᠳ᠋ᠦᠩᠰᠢᠭᠤᠷ ᠲᠦᠬᠦᠷᠢᠭ ᠲᠤ ᠬᠦᠷᠬᠦ ᠪᠤᠯᠤᠨ᠎ᠠ᠃      ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠ ᠤᠷᠳᠤᠰ ᠬᠤᠳᠠ ᠶᠢᠨ ᠬᠠᠷᠢᠭᠤᠴᠠᠯᠭᠠᠳᠠᠨ ᠪᠠᠷᠢᠯᠭ᠎ᠠ ᠡᠬᠢᠯᠡᠬᠦ ᠲᠠᠶᠢᠴᠢᠯᠠᠯᠲᠠ ᠶᠢᠨ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号