ᠬᠤᠶᠠᠳᠤᠭᠠᠷ ᠬᠤᠭᠤᠴᠠᠭᠠᠨ ᠤ ᠥᠪᠦᠷ ᠮᠤᠩᠭᠤᠯ ᠤᠨ ᠤᠯᠠᠨ ᠤᠯᠤᠰ ᠤᠨ ᠡᠨᠧᠷᠭᠢ ᠶᠢᠨ ᠶᠡᠭᠡ ᠬᠤᠷᠠᠯ ᠤᠷᠳᠤᠰ ᠬᠤᠳᠠ ᠳᠤ ᠡᠬᠢᠯᠡᠪᠡ  ᠪᠦ᠋ ᠰᠢᠶᠤᠤ ᠯᠢᠨ ᠪᠠᠶᠠᠷ ᠤᠨ ᠦᠭᠡ ᠭᠡᠯᠡᠵᠡᠢ
ᠨᠡᠶᠢᠲᠡᠯᠡᠭᠰᠡᠨ ᠴᠠᠭ᠄
2019/8/12
     8 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠥᠪᠦᠷ ᠮᠤᠩᠭᠤᠯ ᠤᠨ ᠤᠯᠠᠨ ᠤᠯᠤᠰ ᠤᠨ ᠡᠨᠧᠷᠭᠢ ᠶᠢᠨ ᠶᠡᠭᠡ ᠬᠤᠷᠠᠯ ᠤᠷᠳᠤᠰ ᠬᠤᠳᠠ ᠳᠤ ᠡᠬᠢᠯᠡᠪᠡ᠃ ᠦᠪᠡᠷᠲᠡᠭᠡᠨ ᠵᠠᠰᠠᠬᠤ ᠤᠷᠤᠨ ᠎ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠨᠤᠫᠧᠯ ᠤᠨ ᠹᠢᠽᠢᠺ ᠤᠨ ᠤᠬᠠᠭᠠᠨ ᠤ ᠱᠠᠩᠨᠠᠯ ᠬᠦᠷᠳᠡᠭᠴᠢ ᠺᠠᠩᠽᠳᠠᠨᠲ᠋ᠢᠨ · ᠨᠤᠸᠧᠰᠢᠶᠤᠯᠦᠸᠧᠹ᠂ 69 ᠳ᠋ᠤᠭᠡᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠶᠢᠨ ᠶᠡᠭᠡ ᠬᠤᠷᠠᠯ ᠤᠨ ᠳᠡᠳ᠋ ᠲᠡᠷᠢᠬᠦᠯᠡᠭᠴᠢ ᠳ᠋ᠠᠨᠨᠢᠰ · ᠠᠨᠲ᠋ᠦᠸᠧᠸᠠᠨ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠬᠢᠵᠠᠭᠠᠷᠳᠦ ᠺᠤᠮᠫᠠᠨᠢ ᠶᠢᠨ ᠶᠡᠷᠦᠩᠭᠡᠢ ᠳᠠᠭᠠᠭᠠᠮᠠᠯ ᠮᠠ ᠶᠦᠩ ᠱᠧᠩ᠂ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠶᠢᠨ ᠢᠷᠭᠡᠨ ᠤ ᠶᠡᠭᠡ ᠬᠤᠷᠠᠯ ᠤᠨ ᠲᠡᠷᠢᠬᠦᠯᠡᠭᠴᠢ ᠲᠠᠭᠸᠠ᠂ ᠢᠲ᠋ᠠᠯᠢ ᠶᠢᠨ ︽ᠨᠢᠭᠡ ᠪᠦᠰᠡ ᠨᠢᠭᠡ ᠵᠠᠮ︾᠎ ᠤᠨ ᠰᠤᠳᠤᠯᠭᠠᠨ ᠤ ᠬᠦᠷᠢᠶᠡᠯᠡᠩ ᠤᠨ ᠲᠡᠷᠢᠬᠦᠯᠡᠭᠴᠢ ᠮᠢᠺᠠᠶᠢᠯᠠᠶᠢᠳᠧ · ᠵᠢᠶᠠᠰᠪᠦᠸᠧᠯᠢᠰ᠂ ᠳᠤᠮᠳᠠᠳᠤ ᠤᠯᠤᠰ ᠲᠤ ᠰᠠᠭᠤᠭ᠎ᠠ ᠺᠤᠯᠤᠮᠪᠢᠶ᠎ᠠ ᠶᠢᠨ ᠡᠯᠴᠢᠨ ᠰᠠᠶᠢᠳ ᠯᠦᠶ᠋ᠢᠰ · ᠮᠧᠩᠰᠠᠷᠸᠧᠢ ᠨᠠᠷ ᠲᠤᠰ ᠲᠤᠰ ᠪᠠᠶᠠᠷ ᠤᠨ ᠦᠭᠡ ᠭᠡᠯᠡᠪᠡ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠠᠢ ᠯᠢ ᠬᠤᠸᠠ ᠶᠡᠭᠡ ᠬᠤᠷᠠᠯ ᠎ ᠤᠨ ᠡᠬᠢᠯᠡᠯᠳᠠ ᠶᠢᠨ ᠶᠤᠰᠤᠯᠠᠯ ᠳᠤ ᠤᠷᠤᠯᠴᠠᠵᠦ᠂ ᠤᠯᠤᠰ ᠤᠨ ᠡᠨᠧᠷᠬᠢ ᠶᠢᠨ ᠲᠤᠪᠴᠢᠶᠠᠨ ᠤ ᠬᠢᠨᠠᠯᠳᠠ ᠬᠠᠮᠢᠶᠠᠷᠤᠯᠳᠠ ᠶᠢᠨ ᠶᠡᠷᠦᠩᠭᠡᠢ ᠪᠠᠶᠢᠴᠠᠭᠠᠭᠴᠢ ᠯᠢ ᠶᠧ ᠡᠬᠢᠯᠡᠯᠳᠠ ᠶᠢᠨ ᠶᠤᠰᠤᠯᠠᠯ ᠢ ᠡᠷᠬᠢᠯᠡᠵᠡᠢ᠃      ᠪᠦ᠋ ᠰᠢᠶᠤᠤ ᠯᠢᠨ ᠪᠠᠶᠠᠷ ᠤᠨ ᠦᠭᠡ ᠳᠡᠭᠡᠨ᠂ ᠥᠪᠦᠷ ᠮᠤᠩᠭᠤᠯ ᠪᠤᠯ ᠳᠤᠮᠳᠠᠳᠤ ᠤᠯᠤᠰ ᠤᠨ ᠴᠢᠬᠤᠯᠠ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠤᠯᠤᠨ᠎ᠠ᠃ ᠲᠡᠷᠢᠬᠦᠯᠡᠭᠴᠢ ᠰᠢ ᠶᠢᠨ ᠫᠢᠩ ᠪᠢᠳᠠᠨ ᠢ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠭᠡᠷᠡᠭᠲᠡᠢ ᠭᠡᠵᠦ ᠱᠠᠭᠠᠷᠳᠠᠪᠠ᠂ ᠡᠨᠡ ᠪᠤᠯ ᠥᠪᠦᠷ ᠮᠤᠩᠭᠤᠯ ᠤᠨ ᠳᠠᠪᠠᠭᠤᠯᠢᠭ᠂ ᠠᠵᠠ ᠲᠤᠬᠢᠶᠠᠯ᠂ ᠬᠠᠷᠢᠭᠤᠴᠠᠯᠭ᠎ᠠ ᠮᠦᠨ᠃ ᠤᠳᠤ ᠥᠪᠦᠷ ᠮᠤᠩᠭᠤᠯ ᠤᠨ ᠡᠨᠧᠷᠬᠢ ᠶᠢᠨ ᠠᠵᠤ ᠦᠢᠯᠡᠰ ᠶᠠᠭ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ᠂ ᠪᠤᠬᠢᠷᠳᠤᠯ ᠦᠭᠡᠢ ᠪᠠᠷ ᠬᠦᠭᠵᠢᠬᠦᠯᠬᠦ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠦ ᠪᠤᠢ᠂ ᠮᠡᠷᠭᠡᠵᠢᠯ ᠤᠨ ᠰᠢᠨ᠎ᠠ ᠡᠬᠦᠳᠦᠯᠳᠠ ᠪᠠᠷ ᠦᠢᠯᠡᠳᠪᠤᠷᠢᠯᠡᠯ ᠤᠨ ᠬᠦᠴᠦᠨ ᠢ ᠳᠡᠭᠡᠭᠰᠢᠯᠡᠬᠦᠯᠬᠦ ᠴᠢᠬᠤᠯᠠᠳᠠᠢ ᠠᠴᠠ ᠭᠠᠳᠠᠨ᠎ᠠ ᠲᠦᠷᠢᠮ ᠪᠠ ᠬᠠᠮᠢᠶᠠᠷᠤᠯᠳᠠ ᠶᠢ ᠴᠦ ᠢᠵᠢᠯᠢ ᠠᠯᠬᠤᠮ ᠢᠶᠠᠷ ᠳᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃ ᠲᠤᠰ ᠤᠳᠠᠭ᠎ᠠ ᠶᠢᠨ ᠶᠡᠭᠡ ᠬᠤᠷᠠᠯ ᠨᠢ ︽ᠡᠨᠧᠷᠭᠢ ᠶᠢᠨ ᠬᠠᠮᠢᠶᠠᠷᠤᠭᠴᠢ︾᠎ ᠶᠢᠨ ᠲᠤᠰ ᠪᠡᠶ᠎ᠡ ᠳᠤ ᠠᠩᠬᠠᠷᠤᠯ ᠢᠶᠠᠨ ᠲᠦᠪᠯᠡᠷᠡᠭᠦᠯᠵᠤ᠂ ᠬᠠᠮᠢᠶᠠᠷᠤᠯᠳᠠ ᠶᠢᠨ ᠰᠢᠨ᠎ᠠ ᠶᠢ ᠡᠭᠦᠳᠬᠦ ᠪᠤᠯᠤᠨ ᠳᠦᠷᠢᠮ ᠤᠨ ᠰᠢᠨ᠎ᠠ ᠶᠢ ᠡᠭᠦᠳᠬᠦ ᠪᠠᠷ ᠤᠳᠤ ᠦᠶ᠎ᠠ ᠶᠢᠨ ᠡᠨᠧᠷᠭᠢ ᠶᠢᠨ ᠠᠵᠤ ᠠᠬᠤᠢ ᠶᠢ ᠴᠢᠨᠠᠷ ᠰᠠᠶᠢᠳᠠᠢ ᠬᠦᠭᠵᠢᠭᠦᠯᠬᠦ ᠴᠢᠬᠤᠯᠠ ᠠᠷᠭ᠎ᠠ ᠬᠡᠮᠵᠢᠶ᠎ᠠ ᠶᠢᠨ ᠨᠢᠭᠡ ᠪᠤᠯᠭᠠᠵᠤ᠂ ᠤᠯᠠᠨ ᠲᠠᠢ ᠬᠠᠮᠲᠦ ᠪᠠᠷ ᠳᠦᠷᠢᠮ ᠤᠨ ᠰᠢᠨ᠎ᠠ ᠶᠢ ᠡᠭᠦᠳᠬᠦ᠂ ᠬᠠᠮᠢᠶᠠᠷᠤᠯᠳᠠ ᠶᠢᠨ ᠰᠢᠨ᠎ᠠ ᠶᠢ ᠡᠭᠦᠳᠬᠦ ᠶᠢ ᠬᠠᠶᠢᠨ ᠰᠦᠪᠡᠭᠴᠢᠯᠡᠬᠦ ᠪᠠᠷ ᠲᠠᠮᠵᠢᠨ ᠵᠠᠬ᠎ᠠ ᠳᠡᠯᠭᠡᠭᠦᠷ ᠪᠤᠯᠤᠨ ᠵᠠᠰᠠᠭ ᠤᠨ ᠤᠷᠳᠤᠨ ᠤ ᠬᠤᠶᠠᠷ ᠲᠠᠯ᠎ᠠ ᠶᠢᠨ ᠳᠠᠪᠠᠭᠤᠯᠢᠭ ᠢ ᠰᠠᠶᠢᠳᠤᠷ ᠪᠠᠳᠠᠷᠠᠭᠤᠯᠵᠤ᠂ ᠡᠨᠧᠷᠭᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠶᠢ ᠲᠦᠷᠭᠡᠳᠭᠡᠨ ᠠᠬᠢᠭᠤᠯᠬᠤ ᠪᠤᠯᠤᠨ᠎ᠠ ᠭᠡᠪᠡ᠃      ᠪᠦ᠋ ᠰᠢᠶᠤᠤ ᠯᠢᠨ᠂ ᠡᠨᠧᠷᠭᠢ ᠶᠢᠨ ᠠᠵᠤ ᠠᠬᠤᠢ ᠶᠢᠨ ᠦᠷᠭᠦᠯᠵᠢᠯᠡᠬᠦ ᠬᠦᠭᠵᠢᠯᠳᠡ ᠪᠤᠯ ︽ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ︾᠎ ᠶᠢ ᠪᠠᠶᠢᠭᠤᠯᠬᠤ ᠶᠢᠨ ᠴᠢᠬᠤᠯᠠ ᠠᠭᠤᠯᠭ᠎ᠠ ᠪᠤᠯᠤᠨ᠎ᠠ᠃ ᠪᠢᠳᠡ ᠳᠡᠯᠡᠬᠡᠢ ᠶᠢᠨ ᠡᠨᠧᠷᠭᠢ ᠶᠢᠨ ᠮᠡᠷᠭᠡᠵᠢᠯ ᠤᠨ ᠬᠤᠪᠢᠰᠬᠠᠯ ᠤᠨ ᠰᠢᠨ᠎ᠠ ᠬᠠᠨᠳᠤᠰᠢ ᠶᠢ ᠳᠠᠭᠠᠵᠤ᠂ ᠡᠨᠧᠷᠭᠢ ᠶᠢᠨ ᠬᠡᠷᠡᠭᠯᠡᠭᠡᠨ ᠤ ᠬᠤᠪᠢᠰᠬᠠᠯ᠂ ᠬᠠᠩᠭᠠᠯᠭ᠎ᠠ ᠶᠢᠨ ᠬᠤᠪᠢᠰᠬᠠᠯ᠂ ᠮᠡᠷᠭᠡᠵᠢᠯ ᠤᠨ ᠬᠤᠪᠢᠰᠬᠠᠯ ᠪᠤᠯᠤᠨ ᠪᠠᠶᠢᠭᠤᠯᠤᠮᠵᠢ ᠶᠢᠨ ᠬᠤᠪᠢᠰᠬᠠᠯ ᠢ ᠠᠬᠢᠭᠤᠯᠵᠤ᠂ ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠨ᠂ ᠠᠷᠢᠭᠤᠨ ᠴᠡᠪᠡᠷ ᠳᠤᠤᠷ᠎ᠠ ᠨᠡᠭᠦᠷᠡᠰᠦᠳᠦ᠋ᠷᠦᠭᠴᠢᠳᠤ᠂ ᠠᠮᠤᠷ ᠲᠦᠪᠰᠢᠨ ᠦᠨᠳᠦᠷ ᠪᠦᠲᠦᠮᠵᠢᠳᠠᠢ ᠤᠳᠤ ᠦᠶ᠎ᠠ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠦᠨ᠎ᠠ ᠭᠡᠵᠤ ᠬᠡᠯᠡᠪᠡ᠃ ᠶᠡᠭᠡ ᠬᠤᠷᠠᠯ ᠢ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠎ ᠤᠨ ᠬᠠᠮᠠᠭᠠᠯᠠᠯᠳᠠ ᠬᠦᠭᠵᠢᠭᠦᠯᠦᠯᠳᠡ ᠶᠢᠨ ᠰᠠᠭᠤᠷᠢ ᠮᠦᠩᠭᠦᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠤᠷᠳᠤᠰ ᠬᠤᠳᠠ ᠶᠢᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠬᠢᠯᠡᠵᠡᠢ᠃ ᠤᠯᠤᠰ ᠤᠨ ᠳᠤᠳᠤᠭᠠᠳᠤ ᠭᠠᠳᠠᠭᠠᠳᠤ ᠶᠢᠨ ᠲᠤᠰᠬᠠᠢ ᠮᠡᠷᠭᠡᠵᠢᠯᠳᠡᠳ᠂ ᠡᠷᠳᠡᠮᠳᠡᠳ ᠪᠤᠯᠤᠨ ᠰᠢᠯᠢᠳᠡᠭ ᠠᠵᠤ ᠠᠬᠤᠢᠢᠯᠠᠯᠳᠠᠳ ᠴᠤᠭᠯᠠᠷᠠᠵᠤ᠂ ᠦᠪᠦᠷ ᠮᠤᠩᠭᠤᠯ ᠤᠨ ᠤᠳᠤ ᠦᠶ᠎ᠠ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠶᠡᠭᠡ ᠠᠵᠤ ᠠᠬᠤᠢ ᠶᠢ ᠰᠠᠶᠢᠳᠤᠷ ᠬᠢᠬᠦ ᠲᠤᠬᠠᠢ ᠦᠷᠭᠡᠨ ᠢᠶᠠᠷ ᠰᠤᠳᠤᠯᠤᠨ ᠶᠠᠷᠢᠯᠴᠠᠵᠤ᠂ ᠤᠯᠠᠨ ᠤ ᠠᠷᠭ᠎ᠠ ᠤᠬᠠᠭᠠᠨ ᠢ ᠬᠤᠷᠠᠮᠳᠤᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠡᠨᠧᠷᠭᠢ ᠶᠢᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠰᠦᠪᠡᠭᠴᠢᠯᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号