ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠡᠯ᠎ᠡ ᠵᠦᠶᠯ ᠤᠨ ᠠᠵᠢᠯ ᠯᠠᠪᠳᠠᠭᠤᠨ ᠪᠠᠲᠤᠲᠠᠶ ᠠᠬᠢᠪᠠ
ᠨᠡᠶᠢᠲᠡᠯᠡᠭᠰᠡᠨ ᠴᠠᠭ᠄
2019/8/13
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠤᠢᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠪᠦᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠦ ᠪᠠᠨ ᠲᠥᠪᠯᠡᠷᠡᠭᠦᠯᠦᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠰᠠᠪᠠ ᠭᠠᠵᠠᠷ᠂ ᠭᠤᠤᠯᠳᠠᠯᠭ᠎ᠠ ᠲᠠᠢ ᠠᠵᠢᠯ ᠲᠥᠷᠥᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠎ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠲᠦᠷᠭᠡᠨ ᠰᠢᠶᠳᠪᠦᠷᠢᠯᠡᠵᠦ᠂ ᠠᠮᠢ ᠠᠬᠤᠶ ᠣᠷᠴᠢᠨ ᠲᠣᠭᠤᠷᠢᠨ ᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠢᠳᠡᠪᠬᠢᠲᠡᠢ ᠦᠷ᠎ᠡ ᠪᠦᠲᠦᠮᠵᠢ ᠣᠯᠪᠠ᠃      ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠮᠠᠨ ᠤ ᠣᠷᠣᠨ ︽ᠥᠪᠡᠷᠲᠡᠭᠡᠨ ᠵᠠᠰᠠᠬᠤ ᠣᠷᠣᠨ ᠤ 2019 ᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠤᠯᠳᠠᠯᠭ᠎ᠠ︾᠂ ︽ᠥᠪᠡᠷᠲᠡᠭᠡᠨ ᠵᠠᠰᠠᠬᠤ ᠣᠷᠣᠨ ᠤ ︿ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠎ ᠲᠠᠢ﹀ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠤᠰᠬᠠᠶ ᠰᠢᠯᠭᠠᠨ ᠬᠢᠨᠠᠵᠤ ᠬᠡᠷᠡᠭᠵᠢᠭᠦᠯᠬᠦ ᠨᠠᠷᠢᠨ ᠳᠦᠷᠢᠮ︾᠎ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠳᠤ 44 ᠰᠠᠤᠷᠢ ᠨᠡᠭᠦᠷᠡᠰᠦ ᠰᠢᠲᠠᠭᠠᠯᠭ᠎ᠠ ᠶᠢᠨ ᠵᠤᠤᠬ᠎ᠠ ᠶᠢ ᠰᠢᠭᠰᠢᠭᠳᠡᠭᠦᠯᠵᠦ᠂ ᠰᠢᠲᠠᠭᠠᠯᠭ᠎ᠠ ᠶᠢᠨ ᠨᠡᠭᠦᠷᠡᠰᠦ ᠶᠢᠨ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠶᠯ 2᠎ ᠢ ᠵᠠᠰᠠᠨ ᠰᠠᠶᠢᠵᠢᠷᠠᠭᠤᠯᠵᠤ᠂ ᠳᠡᠭᠳᠡᠮᠡᠬᠡᠶ ᠴᠢᠨᠠᠷᠲᠠᠶ ᠣᠷᠭᠠᠨᠢᠭ ᠬᠠᠶᠠᠭᠳᠠᠮᠠᠯ ᠬᠡᠢ ᠶᠢᠨ ᠲᠥᠷᠥᠯ ᠵᠦᠶᠯ 11᠎ ᠶᠢ ᠵᠠᠰᠠᠬᠤ᠂ ᠨᠤᠨᠲᠠᠭ ᠬᠡᠯᠪᠡᠷᠢ ᠶᠢᠨ ᠪᠣᠳᠠᠰ ᠣᠪᠣᠭᠠᠯᠠᠬᠤ ᠲᠠᠯᠠᠪᠤᠷ ᠪᠦᠬᠦᠨ ᠢ ᠪᠢᠲᠡᠭᠦᠮᠵᠢᠯᠡᠨ ᠥᠭᠡᠷᠡᠴᠢᠯᠡᠬᠦ ᠲᠥᠷᠥᠯ ᠵᠦᠶᠯ 71᠎ ᠶᠢ ᠪᠡᠶᠡᠯᠡᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠎ ᠲᠠᠢ︾ 62 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠣᠷᠴᠢᠨ ᠲᠣᠭᠤᠷᠢᠨ ᠢ ᠬᠠᠮᠠᠭᠠᠯᠠᠬᠤ 1.03 ᠲᠦᠮᠡᠨ ᠢᠵᠢ ᠵᠤᠤᠬ᠎ᠠ ᠶᠢᠨ ᠬᠡᠷᠡᠭᠰᠡᠯ ᠢ ᠰᠣᠯᠢᠵᠤ᠂ ᠴᠡᠪᠡᠷ ᠨᠡᠭᠦᠷᠡᠰᠦ 1.3 ᠲᠦᠮᠡᠨ ᠲᠣᠨ ᠲᠤᠬᠢᠷᠠᠭᠤᠯᠤᠨ ᠬᠦᠷᠭᠡᠵᠦ᠂ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ 56 ᠲᠥᠷᠥᠯ ᠵᠦᠶᠯ ᠢ ᠪᠡᠶᠡᠯᠡᠭᠦᠯᠪᠡ᠃ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠲᠤᠩᠭᠠᠯᠠᠭ ᠰᠠᠶᠢᠬᠠᠨ ᠡᠳᠦᠷ ᠤᠨ ᠲᠤᠭ᠎ᠠ ᠶᠢᠨ ᠬᠠᠷᠢᠴᠠᠯ 87.2%᠎ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9%᠎ ᠪᠠᠷ ᠳᠡᠭᠡᠭᠰᠢᠯᠡᠪᠡ᠃      ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠮᠠᠨ ᠤ ᠣᠷᠣᠨ ︽ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠥᠰᠦᠯ︾᠂ ︽ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠠᠪᠠ ᠭᠠᠵᠠᠷ ᠤᠨ ᠣᠭᠲᠣᠯᠤᠭᠠᠰᠤ ᠶᠢᠨ ᠤᠰᠤᠨ ᠤ ᠴᠢᠨᠠᠷ ᠴᠢᠨᠰᠠᠭ᠎ᠠ ᠶᠢᠨ ᠪᠣᠬᠢᠷᠲᠤᠯ ᠢ ᠨᠥᠬᠦᠪᠥᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠪᠠ᠃ ︽ᠭᠤᠷᠪᠠᠨ ᠨᠠᠭᠤᠷ︾᠎ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠨᠡᠶᠢᠲᠡ 2544 ᠲᠤᠰᠤ ᠨᠡᠮᠡᠬᠦ ᠥᠷᠲᠡᠭᠡ᠂ 11334 ᠭᠠᠵᠠᠷ ᠳᠣᠤᠷᠠᠬᠢ ᠲᠣᠰᠣᠨ ᠭᠤᠤᠷᠰᠤ ᠶᠢᠨ ᠨᠡᠪᠴᠢᠯᠲᠡ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ 1 — 6 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠨᠠᠨ ᠰᠢᠯᠭᠠᠬᠤ ᠳᠤ ᠵᠢᠭᠰᠠᠭᠠᠨ ᠣᠷᠣᠭᠤᠯᠤᠭᠰᠠᠨ 52 ᠣᠭᠲᠣᠯᠤᠭᠠᠰᠤ ᠶᠢᠨ ᠰᠢᠯᠢᠳᠡᠭ ᠤᠰᠤᠨ ᠴᠣᠭᠴᠠ ᠶᠢᠨ ᠬᠠᠷᠢᠴᠠᠯ 78.8% ᠪᠣᠯᠵᠤ᠂ ᠠᠳᠠᠯᠢ ᠬᠤᠭᠤᠴᠠᠭᠠᠨ ᠤ ᠬᠢ ᠠᠴᠠ 17.3%᠎ ᠪᠠᠷ ᠨᠡᠮᠡᠭᠳᠡᠪᠡ︔ ᠴᠢᠨᠠᠷ ᠮᠠᠭᠤᠲᠠᠢ V ᠲᠥᠷᠥᠯ ᠤᠨ ᠤᠰᠤᠨ ᠴᠣᠭᠴᠠ ᠶᠢᠨ ᠬᠠᠷᠢᠴᠠᠯ 3.8% ᠪᠣᠯᠵᠤ᠂ ᠠᠳᠠᠯᠢ ᠬᠤᠭᠤᠴᠠᠭᠠᠨ ᠤ ᠎ ᠬᠢ ᠠᠴᠠ 3.9%᠎ ᠪᠠᠷ ᠪᠠᠭᠤᠷᠠᠪᠠ᠃ ᠪᠥᠬᠦ ᠣᠷᠣᠨ ᠤ 42 ᠲᠤᠰᠬᠠᠶ ᠣᠷᠣᠨ ᠤ ᠲᠡᠰ ᠤᠨ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ ᠎ ᠳᠤ ᠬᠦᠷᠦᠭᠰᠡᠨ ᠨᠣᠷᠮ᠎ᠠ ᠨᠢ 81%᠎ ᠳᠤ ᠬᠦᠷᠪᠡ᠃       ᠬᠦᠷᠦᠰᠦᠨ ᠤ ᠪᠣᠬᠢᠷᠳᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠪᠦᠬᠦ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠰᠢᠯᠭᠠᠨ ᠠᠪᠬᠤ ᠳᠤ ᠪᠠᠲᠤᠯᠠᠭᠳᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠭᠠᠵᠠᠷ ᠬᠡᠷᠡᠭᠯᠡᠯᠲᠡ ᠶᠢᠨ ᠲᠠᠯ᠎ᠠ ᠪᠠᠷ 2236 ᠡᠷᠦᠬᠡ ᠶᠢ ᠪᠠᠶᠢᠴᠠᠭᠠᠵᠤ᠂ ᠪᠠᠷᠤᠭ 79% ᠎ ᠶᠢᠨ ᠬᠢᠨᠢ ᠮᠡᠳᠡᠭᠡ ᠵᠠᠩᠭᠢ ᠶᠢ ᠴᠤᠭᠯᠠᠭᠤᠯᠪᠠ᠃ ᠡᠯ᠎ᠡ ᠠᠶᠢᠮᠠᠭ ᠬᠤᠲᠠ ᠶᠢᠨ ᠬᠦᠨᠳᠦ ᠲᠡᠮᠦᠷᠯᠢᠭ ᠲᠤ ᠬᠤᠯᠪᠣᠭᠳᠠᠬᠤ ᠠᠵᠢᠯ ᠲᠥᠷᠥᠯ ᠤᠨ ᠠᠵᠤ ᠠᠬᠤᠶᠢᠯᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠥᠬᠦ ᠣᠷᠣᠨ ᠤ ᠬᠠᠲᠠᠭᠤ ᠪᠡᠶᠡᠲᠦ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠪᠠ ᠠᠰᠢᠭᠯᠠᠬᠤ᠂ ᠰᠢᠶᠳᠪᠦᠷᠢᠯᠡᠬᠦ ᠨᠢᠭᠡᠴᠢ ᠳᠤ ᠲᠤᠰᠬᠠᠶ ᠪᠠᠶᠢᠴᠠᠭᠠᠯᠲᠠ ᠬᠢᠪᠡ᠃ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠲᠤᠰᠬᠤᠨ ᠤ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠨᠡᠶᠢᠲᠡ 1124 ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号