8 ᠰᠠᠷ᠎ᠠ ᠶᠢᠨ 10 ᠤ ᠡᠳᠦᠷ᠂ ︽ᠤᠭ ᠰᠠᠨᠠᠭ᠎ᠠ ᠪᠠᠨ ᠦᠯᠦ ᠮᠡᠷᠳᠡᠨ ᠡᠬᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠶ᠎ᠡ︾ ᠭᠤᠤᠯ ᠰᠡᠳᠦᠪᠳᠦ ᠬᠦᠮᠦᠵᠢᠯ ᠤᠨ ᠰᠢᠷᠢᠰ ᠦᠵᠡᠰᠭᠦᠯᠡᠩ ᠦᠪᠦᠷ ᠮᠤᠩᠭᠤᠯ ᠤᠨ ᠦᠵᠡᠰᠭᠦᠯᠡᠩ | ᠤᠨ ᠤᠷᠳᠤᠨ ᠳᠤ ᠡᠬᠢᠯᠡᠪᠡ᠃ ᠲᠤᠰ ᠤᠳᠠᠭᠠᠨ ᠤ ᠦᠵᠡᠰᠭᠦᠯᠡᠩ ᠢ ᠦᠪᠡᠷᠲᠡᠭᠡᠨ ᠵᠠᠰᠠᠬᠤ ᠤᠷᠤᠨ ᠤ ᠰᠤᠶᠤᠯ ᠪᠠ | ᠵᠢᠭᠤᠯᠴᠢᠯᠠᠯ ᠤᠨ ᠲᠢᠩᠭᠢᠮ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ᠂ | ᠦᠪᠡᠷᠲᠡᠭᠡᠨ ᠵᠠᠰᠠᠬᠤ ᠤᠷᠤᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ ᠳᠠᠭᠠᠭᠠᠴᠢᠯᠠᠨ ᠡᠷᠬᠢᠯᠡᠵᠠᠢ᠂ ᠳᠤᠰ | ᠦᠵᠡᠰᠬᠦᠯᠡᠩ 9 ᠰᠠᠷ᠎ᠠ ᠶᠢᠨ 30 ᠤ ᠡᠳᠦᠷ ᠪᠤᠯᠲᠠᠯ᠎ᠠ ᠶᠠᠪᠤᠭᠳᠠᠨ᠎ᠠ᠃ | ᠤᠢᠢᠯᠠᠭᠠᠭᠰᠠᠨ ᠢᠶᠠᠷ᠂ ᠲᠤᠰ ᠤᠳᠠᠭᠠᠨ ᠤ ᠰᠢᠷᠢᠰ ᠦᠵᠡᠰᠭᠦᠯᠡᠩ ᠳᠤ ︽ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠵᠦ ᠪᠦᠯᠬᠦᠮᠳᠡᠨ ᠲᠡᠮᠡᠴᠡᠶ᠎ᠡ — ᠦᠪᠦᠷ ᠮᠤᠩᠭᠤᠯ ᠤᠨ ᠠᠮᠵᠢᠯᠲᠠ ᠪᠦᠲᠦᠮᠵᠢ ᠶᠢᠨ ᠦᠵᠡᠰᠭᠦᠯᠡᠩ︾ | ᠤᠨ ᠠᠭᠤᠯᠭ᠎ᠠ ᠶᠢ ᠰᠢᠨᠡᠳᠭᠡᠵᠦ ᠳᠠᠬᠢᠨ ᠳᠡᠯᠭᠡᠨ ᠦᠵᠡᠭᠦᠯᠵᠦ᠂ ︽ᠨᠠᠮ ᠤᠨ ᠭᠡᠷᠡᠯ ᠰᠠᠴᠤᠷᠠᠩᠭᠤᠢ ᠲᠡᠤᠭᠡ ᠶᠢᠨ | ᠭᠡᠷᠡᠯ ᠵᠢᠷᠤᠭ ᠠᠴᠠ ᠤᠮᠠᠷᠠᠳᠤ ᠬᠢᠯᠢ ᠶᠢ ᠪᠠᠷᠠᠯᠠᠶ᠎ᠠ — ᠦᠪᠦᠷ ᠮᠤᠩᠭᠤᠯ ᠤᠨ ᠬᠠᠭᠤᠴᠢᠨ ᠭᠡᠷᠡᠯ ᠵᠢᠷᠤᠭ ᠤᠨ | ᠲᠤᠯᠭᠤᠷ ᠪᠢᠴᠢᠭ ᠤᠨ ᠦᠵᠡᠰᠭᠦᠯᠡᠩ︾᠂ ︽ᠦᠪᠦᠷ ᠮᠤᠩᠭᠤᠯ ᠤᠨ ᠦᠨᠳᠦᠰᠦᠲᠡᠨ ᠤ ᠰᠢᠨ᠎ᠡ ᠰᠤᠶᠤᠯ | ᠠᠳᠡ ᠠᠴᠠ ᠡᠬᠢᠯᠡᠪᠡᠢ — ᠦᠪᠦᠷ ᠮᠤᠩᠭᠤᠯ ᠤᠨ ᠤᠷᠠᠨ ᠰᠠᠶᠢᠬᠠᠨ ᠤ ᠪᠦᠯᠬᠦᠮ ᠤᠨ ᠡᠷᠬᠢᠴᠡᠭᠦᠯᠦᠯ ᠤᠨ | ᠦᠵᠡᠰᠭᠦᠯᠡᠩ︾ ᠵᠡᠷᠭᠡ ᠭᠤᠷᠪᠠᠨ ᠶᠡᠭᠡ ᠠᠭᠤᠯᠭ᠎ᠠ ᠪᠤᠢ᠃ | ︽ᠲᠤᠰ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ᠂ ︿ᠤᠭ ᠰᠠᠨᠠᠭ᠎ᠠ ᠪᠠᠨ ᠦᠯᠦ ᠮᠡᠷᠳᠡᠨ ᠡᠬᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ﹀ ᠭᠤᠤᠯ ᠰᠡᠳᠦᠪᠳᠦ ᠬᠦᠮᠦᠵᠢᠯ ᠢ ᠬᠦᠨᠵᠠᠭᠡᠢ ᠦᠷᠨᠢᠭᠦᠯᠬᠦ ᠶᠢ ᠠᠬᠢᠭᠤᠯᠵᠦ᠂ | ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠲᠤᠭᠤᠰᠢᠯᠠᠭᠤᠯᠵᠦ᠂ ᠲᠠᠯ᠎ᠠ ᠨᠤᠲᠤᠭ ᠤᠨ ᠬᠦᠪᠡᠭᠦᠳ ᠦᠬᠢᠳ ᠤᠨ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠵᠦ ᠪᠦᠯᠬᠦᠮᠳᠡᠨ ᠲᠡᠮᠡᠴᠡᠬᠦ ᠵᠤᠷᠢᠭ ᠰᠠᠨᠠᠭ᠎ᠠ ᠪᠤᠯᠤᠨ ᠢᠷᠠᠭᠤ ᠠᠯᠳᠠᠷ ᠢ ᠪᠠᠳᠠᠷᠠᠭᠤᠯᠬᠤ ᠶᠢ ᠵᠤᠷᠢᠯ᠎ᠠ︾ | ᠭᠡᠵᠦ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠤ ᠳᠠᠷᠤᠭ᠎ᠠ ᠸᠠᠩ ᠱᠠᠢ ᠶᠢᠩ ᠶᠠᠷᠢᠵᠦ ᠪᠠᠶᠢᠯ᠎ᠠ᠃ |