ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠡᠷ ᠪᠦᠯᠢ ᠨᠢ ᠬᠦᠴᠢᠷᠳᠡᠯᠲᠡᠶ ᠰᠤᠷᠤᠭᠴᠢᠳ ᠲᠤ ᠦᠷᠭᠦᠯᠵᠢᠯᠡᠨ ᠰᠤᠷᠭᠠᠨ ᠬᠥᠮᠦᠵᠢᠯ ᠤᠨ ᠲᠤᠰᠠᠯᠠᠮᠵᠢ ᠦᠵᠡᠭᠦᠯᠦᠨ᠎ᠡ
ᠨᠡᠶᠢᠲᠡᠯᠡᠭᠰᠡᠨ ᠴᠠᠭ᠄
2019/8/14
     ᠵᠤᠨ ᠤ ᠠᠮᠠᠷᠠᠯᠲᠠ ᠶᠢᠨ ᠬᠠᠭᠠᠰ ᠨᠢ ᠥᠩᠭᠡᠷᠡᠵᠦ᠂ ᠰᠤᠷᠤᠭᠴᠢᠳ ᠴᠤ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠬᠤ ᠪᠣᠯᠪᠠ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠯ᠎ᠡ ᠱᠠᠲᠤ ᠦᠶ᠎ᠡ ᠶᠢᠨ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠰᠤᠷᠤᠭᠴᠢᠳ ᠤᠨ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠎ ᠠᠴᠠ ᠪᠣᠯᠵᠤ ᠰᠤᠷᠤᠯᠭ᠎ᠠ ᠠᠯᠳᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ ᠪᠤᠢ᠃      — — ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ      ᠲᠥᠷᠥ ᠶᠢᠨ ᠪᠣᠳᠣᠯᠭ᠎ᠠ᠄ ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠎ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠪᠠᠶᠢᠷᠢ ᠳᠤ ᠰᠠᠭᠤᠬᠤ ᠰᠤᠷᠤᠭᠴᠢ ᠳᠤ ᠪᠠᠶᠢᠷᠢ ᠳᠤ ᠰᠠᠭᠤᠬᠤ ᠰᠦᠢᠳᠬᠡᠯ ᠨᠥᠬᠦᠪᠦᠷᠢᠯᠡᠨ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠢ ᠪᠠᠶᠢᠷᠢ ᠳᠤ ᠰᠠᠭᠤᠬᠤ ᠰᠤᠷᠤᠭᠴᠢ ᠪᠠ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠬᠤ ᠰᠤᠷᠤᠭᠴᠢ ᠳᠤ ᠠᠮᠢᠳᠤᠷᠠᠯ ᠤᠨ ᠰᠦᠶᠳᠬᠡᠯ ᠤᠨ ᠨᠥᠬᠦᠪᠥᠷᠢ ᠣᠯᠭᠤᠨ᠎ᠠ ︵2019 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠳᠠᠩᠰᠠ ᠪᠠ ᠺᠠᠷᠲ ᠲᠠᠢ ᠰᠤᠷᠤᠭᠴᠢ ᠵᠢᠴᠢ ᠳᠠᠩᠰᠠ ᠪᠠ ᠺᠠᠷᠲ ᠦᠭᠡᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠵᠡᠮᠳᠡᠭ ᠰᠤᠷᠤᠭᠴᠢ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠤᠷᠤᠭᠴᠢ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠵᠦ ᠪᠠᠶᠢᠭ᠎ᠠ ᠰᠤᠷᠤᠭᠴᠢ ᠵᠡᠷᠭᠡ ᠳᠥᠷᠪᠡᠨ ᠲᠥᠷᠥᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠦᠭᠡᠢ ᠰᠤᠷᠤᠭᠴᠢ ᠶᠢ ᠠᠮᠢᠳᠤᠷᠠᠯ ᠤᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ︶᠂ ᠤᠯᠤᠰ ᠠᠴᠠ 31 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠎ ᠤᠨ ᠰᠤᠷᠤᠭᠴᠢᠳ ᠲᠤ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃      ᠪᠠᠷᠢᠮᠵᠢᠶ᠎ᠠ᠄ ᠬᠢᠲᠠᠳ ᠢᠶᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠨᠢ ᠰᠤᠷᠤᠭᠴᠢ ᠨᠢᠭᠡᠪᠦᠷᠢ ᠵᠢᠯ ᠪᠦᠷᠢ ᠪᠠᠭ᠎ᠠ ᠰᠤᠷᠭᠠᠭᠤᠯᠢ ᠳᠤ 1000 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠣᠯ 1250 ᠲᠥᠭᠦᠷᠢᠭ᠂ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢ ᠨᠢᠭᠡᠪᠦᠷᠢ ᠵᠢᠯ ᠪᠦᠷᠢ ᠪᠠᠭ᠎ᠠ ᠰᠤᠷᠭᠠᠭᠤᠯᠢ ᠶᠢᠨ ᠪᠣᠯ 1350 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠣᠯ 1620 ᠲᠥᠭᠦᠷᠢᠭ ᠪᠣᠯᠣᠨ᠎ᠠ︔ ᠪᠠᠶᠢᠷᠢ ᠳᠤ ᠰᠠᠭᠤᠭ᠎ᠠ ᠰᠤᠷᠤᠭᠴᠢ ᠶᠢᠨ ᠪᠠᠶᠢᠷᠢ ᠳᠤ ᠰᠠᠭᠤᠬᠤ ᠰᠦᠶᠳᠬᠡᠯ ᠤᠨ ᠨᠥᠬᠦᠪᠥᠷᠢ ᠶᠢᠨ ᠪᠠᠷᠢᠮᠵᠢᠶ᠎ᠠ ᠪᠣᠯ ᠰᠤᠷᠤᠭᠴᠢ ᠨᠢᠭᠡᠪᠦᠷᠢ ᠵᠢᠯ ᠪᠦᠷᠢ ᠪᠠᠭ᠎ᠠ ᠰᠤᠷᠭᠠᠭᠤᠯᠢ ᠶᠢᠨ ᠪᠣᠯ 100 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠣᠯ 120 ᠲᠥᠭᠦᠷᠢᠭ ᠪᠣᠯᠤᠨ᠎ᠠ᠃      — —  ᠡᠩ ᠤᠨ ᠦᠨᠳᠦᠷ ᠳᠤᠮᠳᠠᠳᠤ ᠶᠢᠨ ᠰᠤᠷᠭᠠᠨ ᠬᠥᠮᠦᠵᠢᠯ ᠤᠨ ᠱᠠᠲᠤ ᠦᠶ᠎ᠡ      ᠲᠥᠷᠥ ᠶᠢᠨ ᠪᠣᠳᠣᠯᠭ᠎ᠠ᠄  ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠨ ᠨᠢᠭᠡ ᠶᠢ ᠲᠤᠰᠠᠯᠠᠬᠤ︾ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ᠂ ᠲᠤᠬᠠᠶᠢᠯᠠᠪᠠᠯ ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠰᠦᠶᠳᠬᠡᠯ ᠬᠤᠷᠢᠶᠠᠬᠤ ᠦᠭᠡᠢ ᠪᠠᠷ ᠬᠠᠩᠭᠠᠵᠤ᠂ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠳᠤ ᠨᠥᠬᠦᠪᠦᠷᠢ ᠥᠭᠴᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠵᠡᠷᠭᠡ ᠪᠣᠯᠣᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠳᠤ ᠠᠳᠠᠯᠢ ᠪᠠᠷᠢᠮᠵᠢᠶ᠎ᠠ ᠶᠣᠰᠣᠭᠠᠷ ᠨᠥᠬᠦᠪᠥᠷᠢ ᠥᠭᠭᠦᠨ᠎ᠡ᠂ ᠲᠡᠭᠦᠨ ᠤ ᠰᠤᠷᠤᠯᠭ᠎ᠠ ᠶᠢᠨ ᠰᠦᠶᠳᠬᠡᠯ ᠨᠢ ᠨᠥᠬᠦᠪᠥᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠤᠭᠴᠢᠳ ᠠᠴᠠ ᠵᠥᠷᠢᠶᠡᠲᠦ ᠲᠣᠭᠠᠨ ᠤ ᠬᠡᠰᠡᠭ ᠢ ᠨᠢ ᠬᠤᠷᠢᠶᠠᠨ ᠠᠪᠤᠨ᠎ᠠ᠃      ᠪᠠᠷᠢᠮᠵᠢᠶ᠎ᠠ᠄ ᠰᠤᠷᠤᠭᠴᠢ ᠪᠦᠷᠢ ᠵᠢᠯ ᠳᠤ 2000 ᠲᠥᠭᠦᠷᠢᠭ ᠤᠨ ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠦᠨ᠎ᠡ᠃ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠬᠢᠴᠢᠶᠡᠯ ᠤᠨ ᠪᠢᠴᠢᠭ ᠤᠨ ᠪᠠᠷᠢᠮᠵᠢᠶ᠎ᠠ ᠪᠣᠯ ᠮᠣᠩᠭᠤᠯ ᠬᠡᠯᠡ ᠪᠠᠷ ᠬᠢᠴᠢᠶᠡᠯᠯᠡᠬᠦ ᠪᠠ ᠰᠣᠯᠣᠩᠭᠤᠰ ᠬᠡᠯᠡ ᠪᠠᠷ ᠬᠢᠴᠢᠶᠡᠯᠯᠡᠬᠦ ᠱᠠᠲᠤᠨ ᠤ ᠰᠤᠷᠤᠭᠴᠢ ᠳᠤ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠣᠨ ᠤ ᠰᠤᠷᠤᠭᠴᠢ ᠪᠦᠷᠢ ᠵᠢᠯ ᠳᠤ 600 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢ ᠪᠦᠷᠢ ᠵᠢᠯ ᠳᠤ 200 ᠲᠥᠭᠦᠷᠢᠭ ᠪᠣᠯᠣᠨ᠎ᠠ︔ ᠬᠢᠲᠠᠳ ᠬᠡᠯᠡ ᠪᠠᠷ ᠬᠢᠴᠢᠶᠡᠯᠯᠡᠬᠦ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠣᠨ ᠤ ᠰᠤᠷᠤᠭᠴᠢ ᠪᠦᠷᠢ ᠵᠢᠯ ᠳᠤ 200 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢ ᠪᠦᠷᠢ ᠵᠢᠯ ᠎ ᠳᠤ100 ᠲᠦᠬᠦᠷᠢᠭ ᠪᠣᠯᠣᠨ᠎ᠠ᠃      ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠶᠢᠨ ᠰᠤᠷᠤᠭᠴᠢ ᠳᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ ᠪᠠᠷᠢᠮᠵᠢᠶ᠎ᠠ ᠨᠢ ᠰᠤᠷᠤᠭᠴᠢ ᠨᠢᠭᠡᠪᠦᠷᠢ ᠳᠤ ᠡᠳᠦᠷ ᠪᠦᠷᠢ 7 ᠲᠥᠭᠦᠷᠢᠭ ᠨᠥᠬᠦᠪᠥᠷᠢᠯᠡᠵᠦ᠂ ᠵᠢᠯ ᠪᠦᠷᠢ 1890 ᠲᠥᠭᠦᠷᠢᠭ ᠨᠥᠬᠦᠪᠥᠷᠢᠯᠡᠨ᠎ᠡ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠎ ᠶᠢᠨ ᠳᠤᠮᠳᠠᠴᠢ ᠲᠤᠰᠠᠯᠠᠮᠵᠢ ᠶᠢᠨ ᠪᠠᠷᠢᠮᠵᠢᠶ᠎ᠠ ᠪᠣᠯ ᠰᠤᠷᠤᠭᠴᠢ ᠪᠦᠷᠢ ᠵᠢᠯ ᠳᠤ 2000 ᠲᠥᠭᠦᠷᠢᠭ᠂ ᠪᠣᠳᠠᠲᠠᠶ ᠪᠠᠷᠢᠮᠵᠢᠶ᠎ᠠ ᠶᠢ 1000 — 3000 ᠲᠥᠭᠦᠷᠢᠭ ᠤᠨ ᠬᠤᠭᠤᠷᠣᠨᠳᠣ ᠳᠡᠰ ᠬᠤᠪᠢᠶᠠᠵᠤ᠂ ᠰᠤᠷᠭᠠᠭᠤᠯᠢ ᠠᠴᠠ ᠦᠨᠡᠯᠡᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ ᠵᠣᠬᠢᠴᠠᠩᠭᠤᠶ ᠲᠡᠰ ᠤᠨ ᠲᠤᠰᠠᠯᠠᠮᠵᠢ ᠣᠯᠭᠤᠨ᠎ᠠ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠰᠤᠷᠤᠭᠴᠢᠳ ᠤᠨ ᠲᠡᠳᠬᠦᠮᠵᠢ ᠶᠢᠨ ᠺᠠᠷᠲ ᠢᠶᠠᠷ ᠳᠠᠮᠵᠢᠭᠤᠯᠤᠨ ᠲᠤᠰᠠᠯᠠᠮᠵᠢ ᠬᠦᠷᠲᠡᠬᠦ ᠰᠤᠷᠤᠭᠴᠢᠳ ᠲᠤ ᠣᠯᠭᠤᠨ᠎ᠠ᠃        — — ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤ ᠦᠶ᠎ᠡ      ᠲᠥᠷᠥ ᠶᠢᠨ ᠪᠣᠳᠣᠯᠭ᠎ᠠ᠄ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠨ ᠨᠢᠭᠡ ᠶᠢ ᠲᠤᠰᠠᠯᠠᠬᠤ︾ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ᠂ ᠲᠤᠬᠠᠶᠢᠯᠠᠪᠠᠯ ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠵᠤ᠂ ᠪᠠᠶᠢᠷᠢ ᠳᠤ ᠰᠠᠭᠤᠬᠤ ᠰᠤᠷᠤᠭᠴᠢ ᠶᠢᠨ ᠬᠤᠨᠤᠭ ᠤᠨ ᠵᠠᠷᠤᠳᠠᠯ ᠢ ᠨᠥᠬᠦᠪᠦᠷᠢᠯᠡᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠵᠡᠷᠭᠡ ᠪᠣᠯᠤᠨ᠎ᠠ᠃      ᠪᠠᠷᠢᠮᠵᠢᠶ᠎ᠠ᠄ ᠰᠤᠷᠤᠯᠭ᠎ᠠ ᠶᠢᠨ ᠰᠦᠶᠳᠬᠡᠯ ᠥᠯᠥ ᠬᠤᠷᠢᠶᠠᠬᠤ ᠪᠠᠷᠢᠮᠵᠢᠶ᠎ᠠ ᠨᠢ ᠰᠤᠷᠤᠭᠴᠢ ᠪᠦᠷᠢ ᠵᠢᠯ ᠳᠤ 2000 ᠲᠥᠭᠦᠷᠢᠭ ᠪᠣᠯᠣᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠳᠤ ᠠᠳᠠᠯᠢ ᠪᠠᠷᠢᠮᠵᠢᠶ᠎ᠠ ᠶᠣᠰᠣᠭᠠᠷ ᠨᠥᠬᠦᠪᠥᠷᠢ ᠥᠭᠭᠦᠨ᠎ᠡ᠂ ᠲᠡᠭᠦᠨ ᠤ ᠰᠤᠷᠤᠯᠭ᠎ᠠ ᠶᠢᠨ ᠰᠦᠶᠳᠬᠡᠯ ᠨᠢ ᠨᠥᠬᠦᠪᠥᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠤᠭᠴᠢᠳ ᠠᠴᠠ ᠵᠥᠷᠢᠶᠡᠲᠦ ᠲᠣᠭᠠᠨ ᠤ ᠬᠡᠰᠡᠭ ᠢ ᠨᠢ ᠬᠤᠷᠢᠶᠠᠨ ᠠᠪᠤᠨ᠎ᠠ᠃      ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠬᠢᠴᠢᠶᠡᠯ ᠤᠨ ᠪᠢᠴᠢᠭ ᠤᠨ ᠪᠠᠷᠢᠮᠵᠢᠶ᠎ᠠ ᠪᠣᠯ ᠮᠣᠩᠭᠤᠯ ᠬᠡᠯᠡ ᠎ ᠪᠠᠷ ᠬᠢᠴᠢᠶᠡᠯᠯᠡᠬᠦ ᠪᠠ ᠰᠣᠯᠣᠩᠭᠤᠰ ᠬᠡᠯᠡ ᠪᠠᠷ ᠬᠢᠴᠢᠶᠡᠯᠯᠡᠬᠦ ᠱᠠᠲᠤᠨ ᠤ ᠰᠤᠷᠤᠭᠴᠢ ᠳᠤ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠣᠨ ᠤ ᠰᠤᠷᠤᠭᠴᠢ ᠪᠦᠷᠢ ᠵᠢᠯ ᠳᠤ 600 ᠲᠥᠭᠦᠷᠢᠭ᠂ ᠥᠨᠳᠥᠷ ᠳᠤᠮᠳᠠᠳᠤ ᠎ ᠶᠢᠨ ᠭᠤᠷᠪᠠᠳᠤᠭᠠᠷ ᠣᠨ ᠤ ᠰᠤᠷᠤᠭᠴᠢ ᠪᠦᠷᠢ ᠵᠢᠯ ᠳᠤ 200 ᠲᠥᠭᠦᠷᠢᠭ ᠪᠣᠯᠣᠨ᠎ᠠ︔ ᠬᠢᠲᠠᠳ ᠬᠡᠯᠡ ᠪᠠᠷ ᠬᠢᠴᠢᠶᠡᠯᠯᠡᠬᠦ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠣᠨ ᠤ ᠰᠤᠷᠤᠭᠴᠢ ᠪᠦᠷᠢ ᠵᠢᠯ ᠳᠤ 550 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢ ᠪᠦᠷᠢ ᠵᠢᠯ ᠳᠤ100 ᠲᠥᠭᠦᠷᠢᠭ ᠪᠣᠯᠣᠨ᠎ᠠ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠨᠢᠭᠡᠳᠦᠭᠡᠷ ᠬᠤᠶᠠᠳᠤᠭᠠᠷ ᠣᠨ ᠤ ᠪᠠᠶᠢᠷᠢ ᠳᠤ ᠰᠠᠭᠤᠭ᠎ᠠ ᠰᠤᠷᠤᠭᠴᠢ ᠳᠤ ᠪᠠᠶᠢᠷᠢ ᠳᠤ ᠰᠠᠭᠤᠬᠤ ᠨᠥᠬᠦᠪᠥᠷᠢ ᠣᠯᠭᠤᠨ᠎ᠠ᠂ ᠪᠠᠷᠢᠮᠵᠢᠶ᠎ᠠ ᠨᠢ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠭᠴᠢ ᠪᠦᠷᠢ ᠵᠢᠯ ᠳᠤ 800 ᠲᠥᠭᠦᠷᠢᠭ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠤᠭᠴᠢ ᠪᠦᠷᠢ ᠵᠢᠯ ᠳᠤ 500 ᠲᠥᠭᠦᠷᠢᠭ ᠣᠯᠭᠤᠨ᠎ᠠ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠨᠢᠭᠡ ᠬᠤᠶᠠᠳᠣᠭᠠᠷ ᠣᠨ ᠤ ᠪᠣᠢ ᠪᠦᠬᠦᠢ ᠮᠠᠯᠵᠢᠬᠤ ᠲᠠᠷᠢᠶᠠᠯᠠᠬᠤ ᠣᠷᠣᠨ ( ᠰᠢᠶᠠᠨ ᠪᠠᠯᠭᠠᠰᠤ ᠪᠠᠭᠲᠠᠨ᠎ᠠ )᠎ ᠤ ᠰᠤᠷᠭᠠᠭᠤᠯᠢ ᠳᠤ ᠪᠠᠶᠢᠭ᠎ᠠ ᠰᠤᠷᠤᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠳᠦᠷᠢᠮ ᠢ ᠪᠠᠶᠢᠭᠤᠯᠵᠤ᠂ ᠪᠠᠷᠢᠮᠵᠢᠶ᠎ᠠ ᠨᠢ ᠪᠦᠬᠦᠯᠢ ᠡᠳᠦᠷ ᠤᠨ ᠳᠦᠷᠢᠮᠲᠦ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠶ ᠮᠡᠷᠭᠡᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠨᠢᠭᠡᠪᠦᠷᠢ ᠳᠤ ᠵᠢᠯ ᠪᠦᠷᠢ 2000 ᠲᠥᠭᠦᠷᠢᠭ᠂ ᠪᠤᠰᠤᠳ ᠰᠤᠷᠤᠭᠴᠢ ᠪᠦᠷᠢ ᠵᠢᠯ ᠳᠤ 1500 ᠲᠥᠭᠦᠷᠢᠭ ᠣᠯᠭᠤᠨ᠎ᠠ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠰᠤᠷᠤᠭᠴᠢᠳ ᠤᠨ ᠲᠡᠳᠬᠦᠮᠵᠢ ᠶᠢᠨ ᠺᠠᠷᠲ ᠢᠶᠠᠷ ᠳᠠᠮᠵᠢᠭᠤᠯᠤᠨ ᠲᠤᠰᠠᠯᠠᠮᠵᠢ ᠬᠦᠷᠲᠡᠬᠦ ᠰᠤᠷᠤᠭᠴᠢᠳ ᠲᠤ ᠣᠯᠭᠤᠨ᠎ᠠ᠃      ᠡᠨᠡ ᠵᠢᠯ ᠠᠴᠠ ᠡᠬᠢᠯᠡᠨ᠂ ᠲᠥᠪ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠎ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠎ ᠤᠨ ᠰᠤᠷᠭᠠᠭᠤᠯᠢ ( ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ )᠎ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠣᠲᠣᠷᠠᠬᠢ ᠣᠨᠴᠠ ᠰᠢᠯᠢᠳᠡᠭ ᠰᠤᠷᠤᠭᠴᠢ ᠶᠢ ᠱᠠᠩᠨᠠᠬᠤ ᠳᠤ ᠬᠡᠷᠡᠭᠯᠡᠨ᠎ᠡ᠃ ᠵᠢᠯ ᠪᠦᠷᠢ 2 ᠲᠦᠮᠡᠨ ᠬᠥᠮᠦᠨ ᠢ ᠱᠠᠩᠨᠠᠵᠤ᠂ ᠱᠠᠩᠨᠠᠬᠤ ᠪᠠᠷᠢᠮᠵᠢᠶ᠎ᠠ ᠨᠢ ᠰᠤᠷᠤᠭᠴᠢ ᠪᠦᠷᠢ ᠵᠢᠯ ᠳᠤ 6000 ᠲᠥᠭᠦᠷᠢᠭ ᠣᠯᠭᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号