ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠦᠯᠵᠢᠶᠡᠨ ᠳᠤ ᠬᠤᠯᠪᠣᠪᠠ᠄ ᠥᠪᠥᠷ ᠮᠣᠩᠭᠤᠯ ᠸᠠᠺᠼᠢᠨ ᠤ ᠠᠮᠤᠷ ᠲᠦᠪᠰᠢᠨ ᠢ ᠪᠥᠬᠦ ᠶᠠᠪᠤᠴᠠ ᠪᠠᠷ ᠮᠦᠷᠳᠡᠨ ᠨᠡᠬᠡᠮᠵᠢᠯᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/8/14
     8 ᠳ᠋ᠤᠭᠠᠷ ᠰᠠᠷ᠎ᠠ ᠶᠢᠨ 12᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠬᠤᠯᠪᠣᠪᠠ᠂ ᠡᠨᠡ ᠨᠢ ᠮᠠᠨ ᠤ ᠣᠷᠣᠨ ᠤ ᠸᠠᠺᠼᠢᠨ ᠤ ᠮᠡᠳᠡᠭᠡ ᠵᠠᠩᠬᠢᠴᠢᠯᠠᠯᠲᠠ ᠶᠢ ᠪᠥᠬᠦ ᠶᠠᠪᠤᠴᠠ ᠪᠠᠷ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢ ᠪᠡᠶᠡᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠢ ᠬᠠᠷᠠᠭᠤᠯᠵᠤ ᠪᠠᠶᠢᠨ᠎ᠠ᠃      ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ᠂ ᠸᠠᠩ ᠽᠢ ᠶᠣᠣ ᠶᠢᠨ ᠡᠵᠢ᠄ ︽ᠥᠩᠭᠡᠷᠡᠭᠰᠡᠨ ᠳᠤ ᠬᠡᠤᠬᠡᠳ ᠤᠨ ᠸᠠᠺᠼᠢᠨ ᠤ ᠲᠠᠷᠢᠯᠭ᠎ᠠ ᠶᠢ ᠬᠢᠬᠦ ᠳᠤ ᠴᠠᠭ ᠪᠠᠷᠠᠵᠤ ᠶᠡᠭᠡ ᠬᠦᠴᠦ ᠵᠠᠷᠤᠴᠠᠭᠤᠯᠳᠠᠭ ᠪᠠᠶᠢᠭᠰᠠᠨ᠂ ᠠᠯᠢ ᠨᠢᠭᠡ ᠭᠤᠭᠴᠤᠭ᠎ᠠ ᠨᠢ ᠴᠦ ᠬᠥᠮᠦᠨ ᠠᠴᠠ ᠰᠠᠯᠵᠤ ᠴᠢᠳᠠᠬᠤ ᠥᠬᠡᠶ ᠪᠠᠶᠢᠪᠠ᠂ ᠤᠳᠤ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠤᠷᠢᠳᠴᠢᠯᠠᠨ ᠪᠣᠯᠵᠣᠵᠤ ᠪᠣᠯᠤᠨ᠎ᠠ᠂ ᠡᠨᠡ ᠨᠢ ᠮᠠᠨ ᠤ ᠭᠡᠷ ᠤᠨ ᠠᠬᠠᠮᠠᠳ ᠲᠤ ᠠᠪᠴᠤ ᠬᠡᠯᠡᠪᠡᠯ ᠦᠨᠡᠬᠡᠷ ᠳᠥᠭᠦᠮ ᠪᠣᠯᠵᠠᠶ︾ ᠬᠡᠮᠡᠨ ᠰᠣᠷᠪᠣᠯᠵᠢᠯᠠᠭᠴᠢ ᠳᠤ ᠶᠠᠷᠢᠵᠤ ᠪᠠᠶᠢᠪᠠ᠃      ︽ᠸᠠᠺᠼᠢᠨ ᠪᠣᠯ ᠠᠷᠠᠳ ᠣᠯᠠᠨ ᠤ ᠡᠷᠡᠭᠦᠯ ᠮᠡᠨᠳᠦ ᠳᠤ ᠬᠤᠯᠪᠣᠭᠳᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠰᠡᠷᠭᠡᠶᠢᠯᠡᠬᠦ ᠲᠠᠷᠢᠯᠭ᠎ᠠ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠰᠢᠭᠤᠳ᠂ ᠬᠠᠮᠤᠭ ᠤᠨ ᠠᠷᠪᠢᠲᠠᠶ᠂ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ︾᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠬᠤᠩ ᡁᠢ ᠬᠡᠯᠡᠬᠦ ᠳᠤ ᠪᠠᠨ᠂ ᠸᠠᠺᠼᠢᠨ ᠤ ᠠᠮᠤᠷ ᠲᠦᠪᠰᠢᠨ ᠪᠣᠯ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠮᠥᠨ᠂ ᠪᠠᠰᠠ ᠴᠤ ᠡᠷᠡᠭᠦᠯ ᠬᠠᠮᠠᠭᠠᠯᠠᠯ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠰᠢᠢᠳᠪᠦᠷᠢᠯᠡᠬᠦ ᠴᠢᠬᠤᠯᠠᠲᠠᠶ ᠲᠡᠷᠢᠭᠦᠨ ᠴᠢᠬᠤᠯᠠ ᠠᠰᠠᠭᠤᠳᠠᠯ ᠮᠥᠨ ᠭᠡᠪᠡ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾᠎ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠲᠤᠭ᠎ᠠ ᠪᠠᠷᠢᠮᠲᠠ ᠶᠢᠨ ᠲᠥᠪ ᠢ ᠵᠣᠬᠢᠶᠠᠨ ᠪᠠᠶᠢᠭᠤᠯᠤᠨ ᠨᠡᠭᠡᠭᠡᠨ ᠬᠥᠭᠵᠢᠭᠦᠯᠵᠦ᠂ ᠬᠤᠲᠠ ᠶᠢᠨ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ ᠢ ᠨᠢᠭᠡᠳᠬᠡᠨ ᠵᠣᠯᠭᠠᠭᠤᠯᠵᠤ᠂ ᠡᠮᠨᠡᠯᠭᠡ ᠶᠢᠨ ᠬᠤᠷᠢᠶᠠᠨ ᠤ ᠡᠯᠧᠺᠲᠷᠣᠨ ᠡᠪᠡᠳᠴᠢᠨ ᠤ ᠲᠡᠤᠬᠡ ᠶᠢ ᠬᠤᠯᠪᠣᠨ ᠨᠡᠪᠲᠡᠷᠡᠭᠦᠯᠵᠦ᠂ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠪᠠ᠃ ᠥᠪᠥᠷ ᠮᠣᠩᠭᠤᠯ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠰᠦᠯᠵᠢᠶᠡᠨ ᠳᠤ ᠣᠷᠤᠭᠤᠯᠤᠭᠰᠠᠨ ᠤ ᠳᠠᠷᠠᠭ᠎ᠠ᠂ ᠪᠥᠬᠦ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ 116 ᠲᠥᠪ ᠪᠠ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ 1839 ᠨᠢᠭᠡᠴᠢ ᠨᠦᠭᠦᠳ ᠸᠠᠺᠼᠢᠨ ᠤ ᠬᠠᠳᠠᠭᠠᠯᠠᠯᠲᠠ ᠪᠠ ᠲᠡᠭᠡᠭᠡᠪᠦᠷᠢ ᠶᠢᠨ ᠪᠥᠬᠦ ᠶᠠᠪᠤᠴᠠ ᠶᠢ ᠮᠥᠷᠳᠡᠬᠦ ᠶᠢ ᠪᠡᠶᠡᠯᠡᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢ ᠪᠣᠯᠭᠠᠵᠤ᠂ ᠰᠢᠰᠲ᠋ᠧᠮ ᠤᠨ ᠲᠠᠪᠴᠠᠩ ᠢᠶᠠᠷ ᠠᠴᠢᠶᠠᠯᠠᠪᠤᠷᠢ ᠪᠣᠯᠭᠠᠵᠤ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠮᠤᠷ ᠲᠦᠪᠰᠢᠨ ᠤ ᠡᠵᠡᠮᠳᠡᠬᠦ ᠰᠢᠰᠲ᠋ᠧᠮᠵᠢ ᠶᠢ ᠪᠠᠶᠢᠭᠤᠯᠪᠠ᠃ ᠣᠯᠠᠨ ᠤ ᠮᠡᠳᠡᠭᠡᠵᠢ ᠪᠠᠷ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠪᠡ ᠪᠣᠯ ᠵᠠᠰᠠᠭ ᠤᠨ ᠣᠷᠳᠣᠨ ᠠᠴᠠ ᠬᠠᠩᠭᠠᠭᠰᠠᠨ ᠨᠢᠭᠡ ᠵᠦᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠦᠢᠯᠡᠴᠢᠯᠡᠭᠡ ᠮᠥᠨ᠂ ᠬᠡᠤᠬᠡᠳ ᠤᠨ ᠡᠷᠡᠭᠦᠯ ᠮᠡᠨᠳᠦ ᠶᠢᠨ ᠦᠨᠳᠦᠰᠦᠨ ᠪᠠᠲᠤᠯᠠᠭ᠎ᠠ ᠮᠥᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ ᠮᠠᠨ ᠤ ᠣᠷᠣᠨ 2018 ᠣᠨ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠮᠡᠳᠡᠭᠡ ᠵᠠᠩᠬᠢᠴᠢᠯᠠᠯᠲᠠ ᠶᠢᠨ ᠰᠢᠰᠲ᠋ᠧᠮ ᠢ ᠪᠠᠶᠢᠭᠤᠯᠵᠤ᠂ ᠬᠡᠦᠬᠡᠳ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ︵ᠪᠦᠪᠡᠢ ᠲᠥᠯᠥᠪᠯᠡᠭᠡ ᠭᠡᠵᠦ ᠲᠣᠪᠴᠢᠯᠠᠨ᠎ᠠ︶᠎ ᠪᠠᠷ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠢᠶᠠᠨ ᠭᠤᠤᠯᠳᠠᠯᠭ᠎ᠠ ᠪᠣᠯᠭᠠᠪᠠ᠃ ᠡᠨᠡ ᠬᠦ ᠰᠢᠰᠲ᠋ᠧᠮ ᠤᠨ ᠬᠡᠷᠡᠭᠯᠡᠯᠲᠡ ᠪᠠᠷ ᠳᠠᠮᠵᠢᠭᠤᠯᠤᠨ᠂ ᠬᠡᠤᠬᠡᠳ ᠤᠨ ᠣᠨᠳᠣᠤ ᠭᠠᠵᠠᠷ ᠲᠤ ᠲᠠᠷᠢᠯᠭ᠎ᠠ ᠬᠢᠯᠭᠡᠬᠦ᠂ ᠲᠠᠷᠢᠯᠭ᠎ᠠ ᠶᠢᠨ ᠦᠨᠡᠮᠯᠡᠯ ᠤᠨ ᠰᠢᠰᠲ᠋ᠧᠮ ᠢ ᠪᠠᠶᠢᠴᠠᠭᠠᠨ ᠰᠢᠯᠭᠠᠬᠤ᠂ ᠸᠠᠺᠼᠢᠨ ᠤ ᠭᠦᠢᠯᠭᠡᠭᠡ ᠲᠡᠭᠡᠭᠡᠪᠦᠷᠢ ᠶᠢ ᠨᠡᠬᠡᠮᠵᠢᠯᠡᠬᠦ ᠵᠡᠷᠭᠡ ᠶᠢ ᠪᠡᠶᠡᠯᠡᠭᠦᠯᠵᠦ᠂ ᠬᠡᠤᠬᠡᠳ ᠲᠤ ᠬᠢᠷᠢ ᠲᠡᠩᠴᠡᠭᠰᠡᠨ ᠸᠠᠺᠼᠢᠨ ᠲᠠᠷᠢᠬᠤ ᠶᠢ ᠦᠨᠡᠨ ᠬᠦ ᠪᠠᠲᠤᠯᠠᠵᠤ᠂ ᠣᠯᠠᠨ ᠨᠡᠶᠢᠲᠡ ᠶᠢ ᠸᠠᠺᠼᠢᠨ ᠳᠤ ᠨᠠᠩ ᠢᠲᠡᠭᠡᠯ ᠲᠠᠢ ᠪᠣᠯᠭᠠᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠣᠯ ᠣᠯᠠᠨ ᠲᠦᠮᠡᠨ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠪᠦᠬᠦᠢ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠮᠡᠳᠡᠭᠡ ᠵᠠᠩᠭᠢ ᠶᠢᠨ ᠲᠠᠪᠴᠠᠩ ᠮᠦᠨ᠂ ᠲᠡᠷᠡ ᠨᠢ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠡᠯ᠎ᠡ ᠭᠤᠭᠴᠤᠭ᠎ᠠ ᠶᠢ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠵᠤ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠮᠡᠳᠡᠭᠡ ᠵᠠᠩᠭᠢ ᠶᠢᠨ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠵᠤ ᠪᠣᠯᠤᠨ᠎ᠠ᠂ ᠣᠯᠠᠨ ᠨᠡᠶᠢᠲᠡ ᠪᠠᠷ ᠢᠶᠠᠨ ᠮᠡᠳᠡᠭᠡ ᠵᠠᠩᠭᠢ ᠶᠢᠨ ᠲᠠᠪᠴᠠᠩ᠂ ᠭᠠᠷ ᠤᠲᠠᠰᠤᠨ ᠤ APP᠂ ᠸᠢᠴᠠᠲ ᠤᠨ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ︽ᠬᠤᠤᠰ ᠴᠢᠭᠯᠡᠯ ᠢᠶᠠᠷ ᠪᠣᠯᠵᠣᠬᠤ︾᠎ ᠶᠢ ᠪᠡᠶᠡᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠨᠠᠩ ᠳᠥᠭᠦᠮ ᠳᠥᠲᠡ ᠪᠣᠯᠭᠠᠵᠤ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠶᠢ ᠨᠠᠩ ᠢᠯᠡ ᠲᠣᠳᠣ ᠪᠣᠯᠭᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号