ᠰᠢᠶᠠᠩᠭᠠᠩ ᠤᠨ ᠪᠡᠯᠡ ᠤᠷᠤᠭᠤᠯᠤᠯᠳᠠ ᠳᠡᠯᠭᠡᠷᠡᠭᠦᠯᠦᠯᠳᠡ ᠶᠢᠨ ᠵᠠᠬᠢᠷᠭ᠎ᠠ ᠮᠠᠨ ᠤ ᠤᠷᠤᠨ ᠳᠤ ᠢᠷᠡᠵᠤ ᠰᠤᠳᠤᠯᠤᠨ ᠶᠠᠷᠢᠯᠴᠠᠬᠤ ᠬᠤᠷᠠᠯ ᠬᠢᠵᠡᠢ  ᠠᠢ ᠯᠢ ᠬᠤᠸᠠ ᠤᠷᠤᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2019/8/14
     8 ᠰᠠᠷ᠎ᠠ ᠶᠢᠨ 13᠎ ᠤ ᠡᠳᠦᠷ᠂ ᠰᠢᠶᠠᠩᠭᠠᠩ ᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠳᠡᠯᠭᠡᠷᠡᠭᠦᠯᠦᠯᠳᠡ ᠶᠢᠨ ᠵᠠᠬᠢᠷᠭ᠎ᠠ ᠪᠤᠯᠤᠨ ᠳᠤᠮᠳᠠᠳᠤ ᠤᠯᠤᠰ ᠤᠨ ᠤᠯᠠᠨ ᠤᠯᠤᠰ ᠎ ᠤᠨ ᠠᠷᠠᠯᠵᠢᠶ᠎ᠠ ᠶᠢᠨ ᠠᠬᠢᠭᠤᠯᠬᠤ ᠵᠦᠪᠯᠡᠯ ᠤᠨ ᠦᠪᠦᠷ ᠮᠤᠩᠭᠤᠯ ᠤᠨ ᠵᠦᠪᠯᠡᠯ ᠬᠠᠮᠳᠤᠷᠠᠨ᠂ ᠬᠦᠬᠡᠬᠤᠳᠠ ᠳᠤ ︽ᠨᠢᠭᠡ ᠪᠦᠰᠡ ᠨᠢᠭᠡ ᠵᠠᠮ᠂ ᠬᠠᠮᠳᠤ ᠪᠠᠷ ᠡᠭᠦᠳᠬᠦ ᠰᠢᠨ᠎ᠠ ᠰᠡᠳᠬᠢᠮᠵᠢ︾ ᠭᠡᠬᠦ ᠪᠡᠯᠡ ᠤᠷᠤᠭᠤᠯᠤᠯᠳᠠ ᠳᠡᠯᠭᠡᠷᠡᠭᠦᠯᠦᠯᠳᠡ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠠᠢ᠃ ᠲᠤᠰ ᠬᠤᠷᠠᠯ ᠨᠢ ᠦᠪᠦᠷ ᠮᠤᠩᠭᠤᠯ ᠤᠨ ᠠᠵᠤ ᠠᠬᠤᠢᠢᠯᠠᠯ ᠤᠳ ᠢ ᠳᠠᠶᠢᠴᠢᠯᠠᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠳᠤᠤᠷ᠎ᠠ᠂ ᠰᠢᠶᠠᠩᠭᠠᠩ ᠎ ᠤᠨ ᠤᠯᠠᠨ ᠤᠯᠤᠰ ᠤᠨ ᠲᠠᠪᠴᠠᠩ ᠵᠢᠴᠢ ᠴᠢᠨᠠᠷ ᠰᠠᠶᠢᠳᠠᠢ ᠬᠤᠳᠠᠯᠳᠤᠭ᠎ᠠ ᠡᠷᠬᠢᠯᠡᠬᠦ ᠤᠷᠴᠢᠨ ᠢ ᠠᠰᠢᠬᠯᠠᠵᠤ᠂ ︽ᠭᠠᠳᠠᠭᠠᠳᠤ ᠳᠤ ᠭᠠᠷᠴᠤ ᠶᠠᠪᠤᠬᠤ︾ ᠠᠯᠬᠤᠭ᠎ᠠ ᠪᠠᠨ ᠲᠦᠷᠭᠡᠳᠭᠡᠵᠤ᠂ ᠭᠠᠳᠠᠭᠠᠳᠤ ᠳᠠᠬᠢ ᠠᠵᠢᠯ ᠢᠶᠠᠨ ᠦᠷᠭᠡᠳᠭᠡᠬᠦ ᠪᠠᠷ ᠵᠤᠷᠢᠯᠳᠠ ᠪᠤᠯᠭᠠᠵᠠᠢ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ ᠪᠠᠶᠠᠷ ᠤᠨ ᠦᠭᠡ ᠬᠡᠯᠡᠪᠡ᠃      ᠠᠢ ᠯᠢ ᠬᠤᠸᠡ᠂ ᠤᠢᠢᠷ᠎ᠠ ᠶᠢᠨ ᠵᠢᠯ ᠠᠴᠠ ᠦᠪᠦᠷ ᠮᠤᠩᠭᠤᠯ ᠪᠤᠯᠤᠨ ᠰᠢᠶᠠᠩᠭᠠᠩ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠪᠤᠯᠤᠨ ᠨᠦᠬᠦᠷᠰᠡᠭ ᠶᠠᠪᠤᠯᠴᠠᠭ᠎ᠠ ᠡᠳᠦᠷ ᠢᠷᠡᠬᠦᠶ᠎ᠠ ᠨᠢᠭᠳᠠᠷᠠᠵᠤ᠂ ᠰᠢᠶᠠᠩᠭᠠᠩ ᠨᠢᠭᠡᠨᠳᠡ ᠦᠪᠦᠷ ᠮᠤᠩᠭᠤᠯ ᠤᠨ ᠭᠤᠷᠪᠠᠳᠤᠭᠠᠷ ᠶᠡᠭᠡ ᠠᠷᠠᠯᠵᠢᠶᠠᠨ ᠤ ᠬᠠᠨᠢᠳᠠᠨ ᠪᠤᠯᠵᠤ᠂ ᠦᠪᠦᠷ ᠮᠤᠩᠭᠤᠯ ᠤᠨ ᠪᠤᠳᠠᠳᠠᠢ ᠠᠰᠢᠬᠯᠠᠵᠤ ᠪᠠᠶᠢᠭ᠎ᠠ ᠰᠢᠶᠠᠩᠭᠠᠩ ᠤᠨ ᠪᠡᠯᠡ ᠨᠢ ᠪᠦᠬᠦ ᠭᠠᠳᠠᠭᠠᠳᠤ ᠶᠢᠨ ᠪᠡᠯᠡ ᠶᠢᠨ 80% ᠭᠠᠷᠤᠢ ᠶᠢ ᠡᠵᠡᠯᠡᠵᠤ᠂ ᠮᠢᠩᠭ᠎ᠠ ᠰᠢᠬᠠᠮ ᠰᠢᠶᠠᠩᠭᠠᠩ ᠤᠨ ᠠᠵᠤ ᠠᠬᠤᠢᠢᠯᠠᠯ ᠦᠪᠦᠷ ᠮᠤᠩᠭᠤᠯ ᠳᠤ ᠪᠡᠯᠡ ᠤᠷᠤᠭᠤᠯᠤᠨ ᠦᠢᠯᠡᠰ ᠢᠶᠠᠨ ᠬᠦᠭᠵᠢᠭᠦᠯᠵᠤ ᠪᠠᠶᠢᠨ᠎ᠠ᠃ ᠦᠪᠦᠷ ᠮᠤᠩᠭᠤᠯ ᠪᠤᠯᠤᠨ ᠰᠢᠶᠠᠩᠭᠠᠩ ᠤᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠨᠢᠭᠳᠠ᠂ ᠬᠠᠷᠢᠯᠴᠠᠨ ᠨᠦᠬᠦᠪᠦᠷᠢᠯᠡᠬᠦ ᠴᠢᠨᠠᠷ ᠴᠢᠩᠭ᠎ᠠ᠂ ᠠᠵᠤ ᠠᠬᠤᠢ᠂ ᠰᠤᠶᠤᠯ᠂ ᠵᠢᠭᠤᠯᠴᠢᠯᠠᠯ ᠵᠡᠷᠭᠡ ᠲᠠᠯ᠎ᠠ ᠪᠠᠷ ᠨᠢᠭᠡᠨᠳᠡ ᠤᠯᠠᠨ ᠳᠡᠰ ᠳᠠᠪᠬᠤᠷᠭ᠎ᠠ ᠶᠢᠨ᠂ ᠤᠯᠠᠨ ᠠᠷᠭ᠎ᠠ ᠵᠠᠮ ᠤᠨ᠂ ᠦᠷᠭᠡᠨ ᠬᠡᠪᠴᠢᠶ᠎ᠠ ᠪᠦᠬᠦᠢ ᠰᠤᠯᠢᠯᠴᠠᠭ᠎ᠠ ᠬᠠᠮᠳᠤᠷᠠᠯᠴᠠᠭᠠᠨ ᠤ ᠪᠠᠶᠢᠷᠢᠰᠢᠯ ᠢ ᠪᠦᠷᠢᠯᠳᠦᠭᠦᠯᠵᠠᠢ᠃ ᠨᠡᠩ ᠤᠯᠠᠨ ᠦᠪᠤᠷ ᠮᠤᠩᠭᠤᠯ ᠤᠨ ᠠᠵᠤ ᠠᠬᠤᠢᠢᠯᠠᠯ ᠰᠢᠶᠠᠩᠭᠠᠩ ᠳᠤ ᠪᠡᠯᠡ ᠤᠷᠤᠭᠤᠯᠤᠨ ᠠᠵᠤ ᠤᠢᠢᠯᠡᠰ ᠢᠶᠠᠨ ᠮᠠᠨᠳᠤᠭᠤᠯᠵᠤ᠂ ᠰᠢᠶᠠᠩᠭᠠᠩ ᠤᠨ ᠰᠢᠯᠢᠳᠡᠭ ᠲᠠᠪᠴᠠᠩ ᠢ ᠠᠰᠢᠬᠯᠠᠵᠤ᠂ ᠲᠡᠯᠡᠬᠡᠢ ᠳᠡᠬᠢᠨ ᠲᠡᠶᠢᠰᠢ ᠢᠳᠡᠭ ᠢᠳᠡᠭ ᠢᠶᠠᠷ ᠬᠦᠭᠵᠢᠵᠤ᠂ ᠨᠡᠩ ᠲᠦᠷᠬᠡᠨ ᠨᠡᠩ ᠰᠠᠶᠢᠨ ᠬᠦᠭᠵᠢᠯᠳᠠ ᠲᠠᠢ ᠪᠤᠯᠬᠤ ᠶᠢ ᠬᠦᠰᠡᠵᠤ ᠪᠠᠶᠢᠨ᠎ᠠ ᠬᠡᠵᠤ ᠵᠢᠭᠠᠵᠤ ᠭᠠᠷᠭᠠᠪᠠ᠃      ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ ᠤ ᠵᠠᠰᠠᠬ ᠤᠨ ᠤᠷᠳᠤᠨ ᠤ ᠪᠡᠯᠡ ᠤᠷᠤᠭᠤᠯᠤᠯᠳᠠ ᠲᠡᠯᠬᠡᠷᠡᠬᠦᠯᠤᠯᠳᠠ ᠶᠢᠨ ᠵᠠᠬᠢᠷᠭ᠎ᠠ ᠶᠢᠨ ᠲᠤᠰᠠᠯᠠᠬᠴᠢ ᠲᠠᠷᠤᠭ᠎ᠠ ᠳ᠋ᠧᠩ ᡁᠢ ᠯᠢᠶᠠᠩ ᠦᠪᠤᠷ ᠮᠤᠩᠭᠤᠯ ᠤᠨ ᠠᠵᠤ ᠠᠬᠤᠢᠢᠯᠠᠯ ᠰᠢᠶᠠᠩᠭᠠᠩ ᠤᠨ ᠡᠵᠡᠩᠨᠠᠯᠳᠠ ᠬᠤᠳᠠᠯᠳᠤᠭ᠎ᠠ ᠶᠢᠨ ᠲᠠᠪᠠᠭᠤᠯᠢᠬ ᠢ ᠠᠰᠢᠬᠯᠠᠵᠤ ︽ᠭᠠᠳᠠᠬᠰᠢ ᠭᠠᠷᠴᠦ ᠶᠠᠪᠤᠬᠤ︾ ᠲᠤᠬᠠᠢ ᠶᠠᠷᠢᠬᠤ ᠳᠤ ᠪᠠᠨ᠂ ᠦᠪᠤᠷ ᠮᠤᠩᠭᠤᠯ ᠤᠨ ᠠᠵᠤ ᠠᠬᠤᠢ ᠲᠦᠷᠭᠡᠨ ᠬᠦᠭᠵᠢᠵᠤ᠂ ᠴᠦᠬᠡᠨ ᠪᠤᠰᠤ ᠲᠤᠬᠠᠢ ᠶᠢᠨ ᠭᠠᠵᠠᠷ ᠤᠨ ᠠᠵᠤ ᠠᠬᠤᠢᠢᠯᠠᠯ ᠰᠢᠶᠠᠩᠭᠠᠩ ᠢᠶᠠᠷ ᠲᠠᠪᠴᠠᠩ ᠪᠤᠯᠭᠠᠵᠤ᠂ ᠲᠡᠯᠡᠬᠡᠢ ᠶᠢᠨ ᠠᠵᠢᠯ ᠲᠦᠷᠤᠯ ᠢ ᠬᠦᠭᠵᠢᠬᠦᠯᠵᠤ ᠪᠠᠶᠢᠨ᠎ᠠ᠃ ᠰᠢᠶᠠᠩᠭᠠᠩ ᠪᠦᠷᠢᠨ ᠲᠡᠬᠦᠯᠳᠡᠷ ᠪᠤᠯᠪᠠᠰᠤᠷᠠᠩᠭᠤᠢ ᠮᠦᠩᠬᠦᠨ ᠬᠦᠢᠯᠬᠡᠬᠡᠨ ᠤ ᠰᠠᠭᠤᠷᠢ᠂ ᠴᠢᠯᠤᠬᠡᠳᠤ ᠪᠡᠯᠡ ᠮᠦᠩᠬᠦᠨ ᠤ ᠬᠦᠢᠯᠬᠡᠬᠡ᠂ ᠤᠯᠠᠨ ᠡᠰᠢᠵᠢᠯᠡᠭᠰᠡᠨ ᠪᠡᠯᠡ ᠮᠦᠩᠬᠦ ᠬᠤᠷᠠᠮᠳᠤᠭᠤᠯᠬᠤ ᠠᠷᠭ᠎ᠠ ᠵᠠᠮ ᠲᠠᠢ᠂ ᠪᠦᠬᠦ ᠪᠦᠮᠪᠦᠷᠴᠡᠭ ᠤᠨ ᠬᠠᠮᠤᠬ ᠤᠨ ᠲᠤᠮᠤ ᠬᠢᠯᠢ ᠶᠢᠨ ᠭᠠᠳᠠᠨᠠᠬᠢ ᠠᠷᠠᠳ ᠤᠨ ᠵᠤᠭᠤᠰᠤᠨ ᠤ ᠲᠦᠪ ᠵᠢᠴᠢ ᠠᠽᠢᠶ᠎ᠠ ᠲᠢᠪ ᠤᠨ ᠬᠠᠮᠤᠬ ᠤᠨ ᠲᠤᠮᠤ ᠬᠦᠷᠤᠩᠬᠡ ᠶᠢᠨ ᠬᠠᠮᠢᠶᠠᠷᠤᠯᠳᠠ ᠶᠢᠨ ᠲᠦᠪ ᠪᠤᠯᠤᠨ᠎ᠠ᠃ ᠦᠪᠤᠷ ᠮᠤᠩᠭᠤᠯ ᠤᠨ ᠠᠵᠤ ᠠᠬᠤᠢᠢᠯᠠᠯ ᠰᠢᠶᠠᠩᠭᠠᠩ ᠤᠨ ᠰᠢᠯᠢᠳᠡᠭ ᠨᠢᠬᠳᠠᠯᠠᠨ ᠪᠤᠳᠤᠬᠤ ᠭᠠᠶᠢᠯᠢ ᠶᠢᠨ ᠶᠠᠪᠤᠳᠠᠯ᠂ ᠬᠠᠤᠯᠢ ᠴᠠᠭᠠᠵᠠ᠂ ᠤᠢᠢᠯᠡᠳᠬᠦᠨ ᠤ ᠵᠢᠷᠤᠬ ᠲᠦᠯᠤᠪᠯᠡᠭᠡ᠂ ᠢᠨᠵᠧᠨᠧᠷᠢᠩ ᠵᠢᠴᠢ ᠲᠦᠷᠤᠯ ᠵᠦᠢᠯ ᠤᠨ ᠬᠠᠮᠢᠶᠠᠷᠤᠯᠳᠠ ᠵᠡᠷᠬᠡ ᠤᠢᠢᠯᠡᠴᠢᠯᠡᠭᠡ ᠶᠢ ᠬᠦᠢᠴᠡᠳ ᠠᠰᠢᠬᠯᠠᠵᠤ ︽ᠨᠢᠬᠡ ᠪᠦᠰᠠ ᠨᠢᠬᠡ ᠵᠠᠮ︾ ᠲᠠᠭᠠᠤ ᠠᠵᠢᠯ ᠤᠢᠢᠯᠡᠰ ᠢᠶᠠᠨ ᠥᠷᠨᠢᠭᠦᠯᠵᠦ ᠪᠤᠯᠤᠨ᠎ᠠ ᠬᠡᠵᠤ ᠢᠯᠡᠳᠬᠡᠪᠡ᠃      ᠡᠨᠡ ᠤᠳᠠᠭ᠎ᠠ ᠶᠢᠨ ᠠᠵᠢᠯᠯᠠᠭ᠎ᠠ ᠳᠤ ᠤᠷᠤᠨ ᠤ ᠳᠤᠳᠤᠷᠠᠬᠢ 50 ᠭᠠᠷᠤᠢ ᠠᠵᠤ ᠠᠬᠤᠢᠢᠯᠠᠯ ᠤᠨ ᠬᠢᠨ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号