ᠪᠣᠭᠤᠲᠤ ᠶᠢᠨ ᠬᠠᠭᠤᠷᠠᠶ ᠶᠢᠨ ᠭᠠᠷᠠᠮ ᠭᠠᠳᠠᠭᠠᠳᠤ ᠳᠤ ᠭᠠᠷᠭᠠᠬᠤ ᠪᠠᠷᠠᠭ᠎ᠠ ᠶᠢ ︽ᠤᠷᠢᠳᠴᠢᠯᠠᠨ ᠭᠤᠶᠤᠴᠢᠯᠠᠨ ᠮᠡᠳᠡᠭᠦᠯᠬᠦ︾ ᠵᠠᠭᠪᠤᠷ ᠢ ᠬᠡᠷᠡᠭᠯᠡᠪᠡ
ᠨᠡᠶᠢᠲᠡᠯᠡᠭᠰᠡᠨ ᠴᠠᠭ᠄
2019/8/15
     8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠤᠭᠤᠲᠤ ᠶᠢᠨ ᠬᠠᠭᠤᠷᠠᠶ ᠶᠢᠨ ᠭᠠᠷᠠᠮ ᠨᠢ ᠭᠠᠳᠠᠭᠠᠳᠤ ᠳᠤ ᠭᠠᠷᠭᠠᠬᠤ ᠪᠠᠷᠠᠭ᠎ᠠ ᠶᠢ ︽ᠤᠷᠢᠳᠴᠢᠯᠠᠨ ᠭᠤᠶᠤᠴᠢᠯᠠᠨ ᠮᠡᠳᠡᠭᠦᠯᠬᠦ︾ ᠪᠣᠭᠤᠮᠲᠠ ᠪᠠᠷ ᠥᠩᠭᠡᠷᠡᠭᠦᠯᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠳᠠᠭᠠᠳᠤ ᠳᠤ ᠭᠠᠷᠭᠠᠬᠤ ᠪᠠᠷᠠᠭ᠎ᠠ ᠶᠢ ︽ᠤᠷᠢᠳᠴᠢᠯᠠᠨ ᠮᠡᠳᠡᠭᠦᠯᠬᠦ︾ ᠬᠠᠭᠤᠷᠠᠶ ᠶᠢᠨ ᠭᠠᠷᠠᠮ ᠪᠣᠯᠤᠨ᠎ᠠ᠃      ᠰᠤᠷᠪᠤᠯᠵᠢᠯᠠᠭᠴᠢ ᠪᠤᠭᠤᠲᠤ ᠶᠢᠨ ᠪᠣᠭᠤᠮᠲᠠ ᠠᠴᠠ ᠣᠶᠢᠯᠠᠭᠠᠭᠰᠠᠨ ᠢᠶᠠᠷ᠂ ᠭᠠᠳᠠᠭᠠᠳᠤ ᠳᠤ ᠭᠠᠷᠭᠠᠬᠤ ᠪᠠᠷᠠᠭ᠎ᠠ ᠶᠠᠪᠤᠭᠤᠯᠬᠤ ᠬᠥᠮᠦᠨ᠂ ᠨᠠᠶᠢᠳᠠᠯᠭ᠎ᠠ ᠬᠦᠯᠢᠶᠡᠭᠰᠡᠨ ᠠᠵᠤ ᠠᠬᠤᠶᠢᠯᠠᠯ ᠨᠢ ᠪᠠᠷᠠᠭ᠎ᠠ ᠪᠡᠯᠡᠬᠡᠨ ᠪᠣᠯᠤᠭᠰᠠᠨ ᠪᠥᠭᠡᠳ ᠤᠷᠢᠳᠴᠢᠯᠠᠨ ᠲᠣᠬᠢᠷᠠᠭᠤᠯᠬᠤ ᠣᠩᠭᠤᠴᠠᠨ ᠤ ᠬᠠᠭᠤᠳᠠᠰᠤ ᠶᠢᠨ ᠡᠯᠧᠺᠲᠷᠣᠨ ᠲᠤᠭ᠎ᠠ ᠪᠠᠷᠢᠮᠲᠠ ᠶᠢ ᠣᠯᠤᠭᠰᠠᠨ ᠤ ᠳᠠᠷᠠᠭ᠎ᠠ᠂ ᠪᠠᠷᠠᠭ᠎ᠠ ᠶᠢ ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ ᠭᠠᠵᠠᠷ ᠲᠤ ᠲᠡᠭᠡᠭᠡᠪᠦᠷᠢᠯᠡᠨ ᠬᠦᠷᠭᠡᠵᠦ ᠢᠷᠡᠬᠦ ᠠᠴᠠ 3 ᠡᠳᠦᠷ ᠤᠨ ᠡᠮᠦᠨ᠎ᠡ ᠪᠣᠭᠤᠮᠲᠠ ᠳᠤ ᠤᠷᠢᠳᠴᠢᠯᠠᠨ ᠮᠡᠳᠡᠭᠦᠯᠬᠦ ᠭᠠᠷ ᠭᠦᠢᠴᠡᠳᠬᠡᠯ ᠬᠢᠵᠦ ᠪᠣᠯᠤᠨ᠎ᠠ︔ ᠪᠠᠷᠠᠭ᠎ᠠ ᠶᠢ ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ ᠭᠠᠵᠠᠷ ︵ᠲᠠᠯᠠᠪᠠᠢ︶᠎ ᠲᠤ ᠬᠦᠷᠭᠡᠬᠦ ᠶᠢᠨ ᠬᠠᠮᠲᠤ ᠪᠣᠭᠤᠮᠲᠠ ᠳᠤ ᠲᠡᠭᠡᠭᠡᠪᠦᠷᠢᠯᠡᠨ ᠬᠦᠷᠭᠡᠬᠦ ᠮᠡᠳᠡᠭᠦᠯᠦᠯᠲᠡ ᠶᠢᠨ ᠡᠯᠧᠺᠲᠷᠣᠨ ᠲᠤᠭ᠎ᠠ ᠪᠠᠷᠢᠮᠲᠠ ᠶᠢ ᠣᠯᠤᠭᠰᠠᠨ ᠤ ᠳᠠᠷᠠᠭ᠎ᠠ᠂ ᠪᠣᠭᠤᠮᠲᠠ ᠠᠴᠠ ᠪᠠᠷᠠᠭ᠎ᠠ ᠶᠢ ᠪᠠᠶᠢᠴᠠᠭᠠᠨ ᠰᠢᠯᠭᠠᠬᠤ᠂ ᠥᠩᠭᠡᠷᠡᠭᠦᠯᠬᠦ ᠭᠠᠷ ᠭᠦᠢᠴᠡᠳᠬᠡᠯ ᠬᠢᠨ᠎ᠡ᠃ ᠲᠣᠭᠲᠠᠭᠰᠠᠨ ᠬᠤᠭᠤᠴᠠᠭᠠᠨ ᠳᠣᠲᠣᠷ᠎ᠠ ᠲᠡᠭᠡᠭᠡᠪᠦᠷᠢᠯᠡᠨ ᠬᠦᠷᠭᠡᠭᠰᠡᠨ ᠦᠭᠡᠢ ᠪᠣᠯ᠂ ᠪᠣᠭᠤᠮᠲᠠ ᠠᠴᠠ ᠪᠣᠭᠤᠮᠲᠠ ᠳᠤ ᠮᠡᠳᠡᠭᠦᠯᠬᠦ ᠬᠠᠭᠤᠳᠠᠰᠤ ᠶᠢ ᠰᠢᠭᠤᠳ ᠬᠦᠴᠦᠨ ᠦᠭᠡᠢ ᠪᠣᠯᠭᠠᠨ᠎ᠠ᠃      ᠪᠣᠥ ᠭᠠᠩ ᠭᠦᠸᠧ ᠮᠣᠥ ᠺᠣᠮᠫᠠᠨᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠺᠣᠮᠫᠠᠨᠢ ᠶᠢᠨ ᠺᠣᠰᠲ᠋ᠠ ᠷᠢᠺᠡ ᠵᠡᠷᠭᠡ ᠭᠠᠵᠠᠷ ᠤᠳ ᠲᠤ ᠭᠠᠷᠭᠠᠬᠤ ᠪᠠᠷ ᠭᠤᠶᠤᠴᠢᠯᠠᠨ ᠮᠡᠳᠡᠭᠦᠯᠦᠭᠰᠡᠨ ᠬᠦᠢᠲᠡᠨ ᠬᠡᠪᠰᠢᠬᠦᠯᠬᠡᠳᠣ ᠬᠠᠪᠲᠠᠰᠤ ᠪᠣᠯᠤᠨ ᠬᠠᠯᠠᠭᠤᠨ ᠬᠡᠪᠰᠢᠬᠦᠯᠬᠡᠳᠣ ᠬᠠᠶᠢᠯᠤᠰᠢ ᠪᠣᠯᠣᠳ ᠬᠠᠪᠲᠠᠰᠤ ᠶᠢ ᠤᠷᠢᠳᠴᠢᠯᠠᠨ ᠮᠡᠳᠡᠭᠦᠯᠦᠭᠡᠳ᠂ ᠲᠤᠭ᠎ᠠ ᠪᠠᠷᠢᠮᠲᠠ ᠪᠠᠨ ᠲᠤᠰᠢᠶᠠᠭᠠᠳ 6 ᠮᠢᠨᠦ᠋ᠲ ᠪᠣᠯᠣᠮᠠᠭᠴᠠ ᠰᠢᠰᠲ᠋ᠧᠮ ᠨᠢ ᠠᠶᠠᠨᠳᠠᠭᠠᠨ ᠨᠡᠬᠡᠬᠡᠭᠳᠡᠵᠦ᠂ ᠪᠥᠬᠦ ᠶᠠᠪᠤᠴᠠ ᠳᠤ ᠬᠥᠮᠦᠨ ᠤ ᠬᠦᠴᠦ ᠬᠡᠷᠡᠭᠯᠡᠭᠰᠡᠨ ᠥᠬᠡᠶ ᠪᠠᠶᠢᠳᠠᠭ᠂ ᠡᠨᠡ ᠨᠢ ᠭᠠᠳᠠᠭᠠᠳᠤ ᠳᠤ ᠭᠠᠷᠭᠠᠬᠤ ᠶᠢ ᠤᠷᠢᠳᠴᠢᠯᠠᠨ ᠮᠡᠳᠡᠭᠦᠯᠬᠦ ᠵᠠᠭᠪᠤᠷ ᠢ ᠬᠡᠷᠡᠭᠯᠡᠬᠦ ᠠᠴᠠ ᠡᠮᠦᠨ᠎ᠡ᠂ ᠭᠤᠶᠤᠴᠢᠯᠠᠨ ᠮᠡᠳᠡᠭᠦᠯᠦᠭᠡᠳ 2 ᠴᠠᠭ ᠤᠨ ᠰᠡᠭᠦᠯᠡᠷ ᠲᠤᠭ᠎ᠠ ᠪᠠᠷᠢᠮᠲᠠ ᠨᠢ ᠰᠦᠯᠵᠢᠶᠡᠨ ᠳᠤ ᠭᠠᠷᠤᠭᠰᠠᠨ ᠤ ᠳᠠᠷᠠᠭ᠎ᠠ ᠰᠠᠶ᠋ᠢ ᠬᠦᠮᠦᠨ ᠤ ᠬᠦᠴᠦ ᠪᠠᠷ ᠶᠠᠪᠤᠭᠤᠯᠬᠤ ᠵᠠᠭᠪᠤᠷ ᠢ ᠪᠣᠳᠣᠪᠠᠯ ᠬᠤᠷᠳᠤᠴᠠ ᠨᠢ 20 ᠳᠠᠬᠢᠨ ᠳᠡᠭᠡᠭᠰᠢᠯᠡᠭᠰᠡᠨ ᠪᠠᠶᠢᠨ᠎ᠠ ᠭᠡᠪᠡ᠃      ᠪᠤᠭᠤᠲᠤ ᠪᠣᠭᠤᠮᠲᠠ ᠶᠢᠨ ᠬᠠᠷᠢᠭᠤᠴᠠᠯᠭᠠᠲᠠᠨ ᠢᠯᠡᠳᠬᠡᠭᠰᠡᠨ ᠨᠢ᠂ ᠲᠣᠰ ᠪᠣᠭᠤᠮᠲᠠ ᠨᠢ ᠠᠵᠤ ᠠᠬᠤᠶᠢᠯᠠᠯ ᠢ ᠢᠳᠡᠪᠬᠢᠲᠡᠢ ᠬᠥᠳᠡᠯᠦᠨ ᠵᠢᠯᠣᠭᠤᠳᠴᠤ ᠪᠠᠶᠢᠭᠠᠳ ᠪᠤᠭᠤᠲᠤ ᠶᠢᠨ ᠬᠠᠭᠤᠷᠠᠶ ᠶᠢᠨ ᠭᠠᠷᠠᠮ ᠳᠤ ᠭᠠᠳᠠᠭᠠᠳᠤ ᠳᠤ ᠭᠠᠷᠭᠠᠬᠤ ᠪᠠᠷᠠᠭ᠎ᠠ ᠶᠢ ︽ᠤᠷᠢᠳᠴᠢᠯᠠᠨ ᠮᠡᠳᠡᠭᠦᠯᠬᠦ︾ ᠠᠷᠭ᠎ᠠ ᠬᠡᠯᠪᠡᠷᠢ ᠪᠠᠷ ᠪᠣᠭᠤᠮᠲᠠ ᠥᠩᠭᠡᠷᠡᠬᠦ ᠭᠠᠷᠳᠠᠮ ᠭᠦᠢᠴᠡᠳᠬᠡᠬᠦ ᠪᠣᠯᠭᠠᠵᠤ᠂ ᠠᠵᠤ ᠠᠬᠤᠶᠢᠯᠠᠯ ᠤᠨ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠬᠠᠢ ︽ᠬᠦᠷᠲᠡᠮᠵᠢ ᠶᠢᠨ ᠲᠥᠷᠥᠭᠳᠡᠯ︾᠎ ᠢ ᠦᠨᠡᠨ ᠬᠦ ᠨᠡᠮᠡᠭᠳᠡᠭᠦᠯᠦᠨ᠎ᠡ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号