| ᠥᠪᠥᠷ ᠵᠠᠰᠠᠭ ᠠᠯᠪᠠᠨ ᠲᠠᠷᠬᠠᠭᠠᠭᠰᠠᠨ ﹇2019﹈ 18 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠠᠭᠤᠭᠠᠯᠢ | ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠠᠵᠢᠯ ᠤᠨ | ᠬᠡᠷᠡᠭᠵᠢᠭᠦᠯᠬᠦ ᠲᠦᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠲᠦᠭᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ | ᠴᠡᠴᠡᠷᠯᠢᠭ ᠤᠨ ᠵᠠᠰᠠᠯᠲᠠ ᠶᠢᠨ ᠠᠵᠢᠯ ᠤᠨ ᠬᠡᠷᠡᠭᠵᠢᠭᠦᠯᠬᠦ ᠲᠦᠰᠦᠯ | | | ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠵᠢᠷᠤᠮᠵᠢᠭᠤᠨ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ ᠤᠳ︾ ︵ᠲᠥᠪ ᠲᠠᠷᠬᠠᠭᠠᠭᠰᠠᠨ ﹇2018﹈ 39 ᠳ᠋ᠤᠭᠡᠷ ᠲᠣᠭᠠᠲᠤ︶ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠰᠠᠭᠤᠭᠠᠯᠢ | ᠲᠣᠭᠤᠷᠢᠭ ᠢᠶᠠᠷ ᠬᠡᠦᠬᠡᠳ ᠤᠨ ᠴᠡᠴᠡᠷᠯᠢᠭ ᠲᠥᠬᠦᠷᠵᠢᠭᠦᠯᠦᠨ ᠪᠠᠶᠢᠭᠤᠯᠵᠤ ᠬᠡᠷᠡᠭᠯᠡᠬᠦ ᠶᠢ ᠵᠢᠷᠤᠮᠵᠢᠭᠤᠯᠤᠨ᠂ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠢ | ᠣᠯᠠᠨ ᠠᠷᠭ᠎ᠠ ᠵᠠᠮ ᠢᠶᠠᠷ ᠥᠷᠭᠡᠵᠢᠭᠦᠯᠵᠦ᠂ ︽ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ | ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠠᠵᠢᠯ ᠢ ᠥᠷᠨᠢᠭᠦᠯᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 3 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠭᠦᠳᠡ ᠬᠤᠷᠠᠯ᠂ ᠭᠤᠷᠪᠠᠳᠤᠭᠠᠷ ᠪᠥᠭᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ | ᠰᠤᠷᠭᠠᠨ ᠬᠥᠮᠥᠵᠢᠯ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠨ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠪᠦᠲᠦᠭᠡᠨ ᠪᠠᠶᠢᠭᠤᠯᠬᠤ ᠲᠣᠭᠲᠠᠭᠠᠯ ᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠷᠥᠯ ᠬᠤᠪᠢᠶᠠᠵᠤ | ᠪᠣᠳᠣᠯᠭ᠎ᠠ ᠬᠡᠷᠡᠭᠵᠢᠭᠦᠯᠦᠨ᠂ ᠨᠡᠶᠢᠭᠡᠮ ᠢ ᠬᠠᠮᠲᠤ ᠪᠠᠷ ᠵᠠᠰᠠᠬᠤ ᠶᠢ ᠠᠬᠢᠭᠤᠯᠤᠨ᠎ᠠ᠃ ᠪᠥᠬᠦ ᠣᠷᠣᠨ ᠤ ᠬᠤᠲᠠ | ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠬᠤ ᠬᠡᠦᠬᠡᠳ ᠤᠨ ᠴᠡᠴᠡᠷᠯᠢᠭ ᠢ | ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠰᠢᠯᠵᠢᠭᠦᠯᠦᠨ ᠲᠤᠰᠢᠶᠠᠬᠤ᠂ ᠴᠡᠴᠡᠷᠯᠢᠭ ᠡᠷᠬᠢᠯᠡᠬᠦ ᠵᠡᠷᠭᠡ | ᠭᠤᠭᠴᠣᠭᠠᠨ ᠳᠠᠬᠢ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠲᠤᠰᠬᠠᠢ ᠵᠠᠰᠠᠯᠲᠠ ᠶᠢ | ᠥᠷᠨᠢᠭᠦᠯᠦᠨ᠂ 2020 ᠣᠨ ᠪᠣᠯᠬᠤ ᠳᠤ ᠪᠥᠬᠦ ᠣᠷᠣᠨ ᠳᠤ ᠲᠦᠭᠡᠮᠡᠯ ᠬᠠᠷᠠᠭᠠᠯᠵᠠᠯᠲᠤ ᠬᠡᠦᠬᠡᠳ ᠤᠨ | ᠴᠡᠴᠡᠷᠯᠢᠭ ᠲᠠᠢ ᠪᠣᠯᠭᠠᠬᠤ ᠨᠣᠷᠮ᠎ᠠ ᠶᠢ 80% ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠠᠯᠪᠠᠨ ᠠᠴᠠ | ᠡᠷᠬᠢᠯᠡᠭᠰᠡᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠢ 50% ᠪᠣᠯᠭᠠᠨ᠂ ᠥᠪᠡᠷᠲᠡᠭᠡᠨ ᠵᠠᠰᠠᠬᠤ | ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠨᠡᠶᠢᠲᠡ ᠶᠢᠨ ᠠᠰᠠᠷᠠᠮᠵᠢᠲᠤ | ᠲᠦᠭᠡᠮᠡᠯ ᠬᠠᠷᠠᠭᠠᠯᠵᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯᠲᠤ ᠡᠬᠢ | ᠪᠠᠶᠠᠯᠢᠭ ᠢᠶᠠᠷ ᠭᠤᠣᠯ ᠴᠣᠭᠴᠠ ᠪᠣᠯᠭᠠᠭᠰᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ | ᠣᠯᠠᠨ ᠨᠡᠶᠢᠲᠡ ᠶᠢᠨ ᠦᠢᠯᠡᠴᠢᠯᠡᠬᠦ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ᠃ | ᠬᠤᠶᠠᠷ᠂ ᠠᠵᠢᠯ ᠤᠨ ᠡᠭᠦᠷᠭᠡ | ︵ᠨᠢᠭᠡ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠡᠦᠬᠡᠳ ᠤᠨ | ᠴᠡᠴᠡᠷᠯᠢᠭ ᠲᠥᠯᠥᠪᠵᠢᠭᠦᠯᠦᠨ ᠪᠠᠶᠢᠭᠤᠯᠬᠤ ᠪᠠᠶᠢᠳᠠᠯ ᠢ ᠲᠥᠷᠥᠯ ᠬᠤᠪᠢᠶᠠᠨ ᠢᠯᠭᠠᠨ ᠲᠣᠭᠲᠠᠭᠠᠵᠤ᠂ ᠠᠵᠢᠯ ᠤᠨ | ᠡᠬᠡ ᠳᠠᠩᠰᠠ ᠶᠢ ᠪᠠᠶᠢᠭᠤᠯᠤᠨ᠎ᠠ᠃ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠲᠤ ᠪᠠᠷᠢᠮᠵᠢᠶ᠎ᠠ ᠶᠣᠰᠣᠭᠠᠷ | ᠬᠡᠦᠬᠡᠳ ᠤᠨ ᠴᠡᠴᠡᠷᠯᠢᠭ ᠲᠦᠬᠦᠷᠵᠢᠭᠦᠯᠦᠨ ᠪᠠᠶᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠤᠲᠠ | ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠬᠡᠦᠬᠡᠳ ᠤᠨ ᠴᠡᠴᠡᠷᠯᠢᠭ ᠲᠦᠬᠦᠷᠵᠢᠭᠦᠯᠦᠨ ᠪᠠᠶᠢᠭᠤᠯᠬᠤ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠤᠨ ᠥᠮᠴᠢᠯᠡᠯ ᠤᠨ ᠡᠷᠬᠡ ᠶᠢᠨ ᠬᠠᠷᠢᠶᠠᠯᠠᠭᠳᠠᠬᠤ ᠶᠠᠪᠤᠳᠠᠯ ᠢ ᠲᠣᠬᠢᠷᠠᠮᠵᠢᠲᠠᠢ | ᠰᠢᠢᠳᠪᠦᠷᠢᠯᠡᠨ᠎ᠡ᠃ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢ ᠨᠡᠭᠡᠭᠡᠵᠦ ᠪᠠᠶᠢᠭᠤᠯᠬᠤ ᠪᠠᠷ ᠬᠢᠨᠠᠨ | ᠵᠥᠪᠰᠢᠶᠡᠷᠡᠬᠦᠯᠬᠦ ᠦᠶ᠎ᠡ ᠳᠠᠬᠢ ᠬᠡᠦᠬᠡᠳ ᠤᠨ ᠴᠡᠴᠡᠷᠯᠢᠭ ᠲᠦᠬᠦᠷᠵᠢᠭᠦᠯᠦᠨ ᠪᠠᠶᠢᠭᠤᠯᠬᠤ ᠬᠠᠤᠯᠢ ᠴᠠᠭᠠᠵᠠ᠂ | ᠪᠠᠷᠢᠮᠵᠢᠶ᠎ᠠ ᠪᠣᠯᠣᠨ ᠬᠠᠮᠢᠶ᠎ᠠ ᠪᠦᠬᠦᠢ ᠪᠣᠯᠵᠣᠨ ᠲᠣᠭᠲᠠᠭᠰᠠᠨ ᠵᠦᠢᠯ ᠶᠣᠰᠣᠭᠠᠷ᠂ ᠨᠢᠭᠡᠨᠲᠡ ᠪᠠᠶᠢᠭᠤᠯᠤᠭᠰᠠᠨ | ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠥᠮᠴᠢᠯᠡᠯ ᠤᠨ | ᠡᠷᠬᠡ ᠶᠢ ᠲᠣᠳᠣᠷᠬᠠᠶᠢᠯᠠᠬᠤ ᠶᠢᠨ ᠬᠠᠮᠲᠤ᠂ ᠬᠠᠤᠯᠢ ᠪᠣᠯᠣᠨ ᠲᠣᠭᠲᠠᠭᠠᠯ ᠶᠣᠰᠣᠭᠠᠷ ᠲᠣᠬᠢᠷᠠᠮᠵᠢᠲᠠᠢ | ᠰᠢᠢᠳᠪᠦᠷᠢᠯᠡᠨ᠎ᠡ᠃ | ︵ᠭᠤᠷᠪᠠ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠢ ᠬᠠᠮᠢᠶᠠᠷᠴᠤ ᠬᠡᠷᠡᠭᠯᠡᠬᠦ ᠪᠠᠨ ᠵᠢᠷᠤᠮᠵᠢᠭᠤᠯᠤᠨ᠎ᠠ᠃ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠥᠵᠢᠯ ᠤᠨ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠤᠨ ᠪᠦᠲᠦᠮᠵᠢᠲᠡᠢ ᠬᠠᠩᠭᠠᠯᠭ᠎ᠠ ᠶᠢ | ᠦᠨᠡᠨ ᠬᠦ ᠨᠡᠮᠡᠭᠳᠡᠭᠦᠯᠵᠦ᠂ ᠬᠡᠦᠬᠡᠳ ᠲᠤ ᠪᠠᠨ ᠠᠰᠠᠷᠠᠵᠤ ᠬᠦᠮᠦᠵᠢᠭᠦᠯᠬᠦ ᠭᠠᠵᠠᠷ ᠲᠠᠢ ᠪᠤᠯᠭᠠᠬᠤ ᠠᠷᠠᠳ ᠣᠯᠠᠨ ᠤ | ᠬᠦᠰᠡᠯ ᠱᠠᠭᠠᠷᠳᠠᠯᠭ᠎ᠠ ᠶᠢ ᠬᠠᠩᠭᠠᠵᠤ ᠥᠭᠭᠦᠨ᠎ᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠲᠤ ᠰᠠᠭᠤᠷᠢ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠦᠨ᠎ᠡ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠳᠠᠬᠢ ᠬᠤᠲᠠ ᠪᠠᠯᠭᠠᠰᠤᠨ ᠤ | ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠬᠦ ᠬᠡᠦᠬᠡᠳ ᠤᠨ ᠴᠡᠴᠡᠷᠯᠢᠭ ᠢ ᠲᠥᠯᠥᠪᠵᠢᠭᠦᠯᠬᠦ᠂ ᠪᠦᠲᠦᠭᠡᠨ | ᠪᠠᠶᠢᠭᠤᠯᠬᠤ᠂ ᠰᠢᠯᠵᠢᠭᠦᠯᠦᠨ ᠲᠤᠰᠢᠶᠠᠬᠤ᠂ ᠬᠡᠷᠡᠭᠯᠡᠬᠦ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠲᠠ | ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ | ᠰᠠᠭᠤᠷᠢ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ | ᠰᠠᠭᠤᠷᠢ ᠪᠠᠶᠢᠳᠠᠯ ᠢᠶᠠᠨ ᠤᠶᠢᠯᠠᠭᠠᠭᠤᠯᠵᠦ ᠵᠢᠭᠰᠠᠭᠠᠨ ᠪᠠᠶᠢᠴᠠᠭᠠᠭᠳᠠᠬᠤ ᠲᠠᠯ᠎ᠠ ᠨᠢ ᠣᠷᠣᠨ ᠪᠦᠰᠡ ᠳᠠᠬᠢ | ᠠᠰᠢᠭᠯᠠᠯᠲᠠ ᠳᠤ ᠣᠷᠣᠭᠰᠠᠨ᠂ ᠪᠠᠶᠢᠭᠤᠯᠵᠤ ︵ᠵᠥᠪᠰᠢᠶᠡᠷᠡᠭᠦᠯᠦᠨ ᠴᠣᠬᠤᠯᠠᠪᠤᠷᠢᠯᠠᠭᠤᠯᠤᠭᠠᠳ ᠪᠠᠷᠢᠯᠭ᠎ᠠ | ᠡᠬᠢᠯᠡᠭᠡᠳᠦᠢ ᠶᠢ ᠪᠠᠭᠲᠠᠭᠠᠨ᠎ᠠ︶ ᠪᠠᠶᠢᠭ᠎ᠠ ᠬᠤᠲᠠ ᠪᠠᠯᠭᠠᠰᠤᠨ ᠤ ᠪᠥᠬᠦ ᠰᠠᠭᠤᠭᠠᠯᠢ ᠲᠣᠭᠤᠷᠢᠭ ᠪᠣᠯᠣᠨ᠎ᠠ᠃ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠲᠥᠬᠦᠷᠵᠢᠭᠦᠯᠵᠦ ᠪᠠᠶᠢᠭᠤᠯᠬᠤ ᠬᠡᠦᠬᠡᠳ ᠤᠨ ᠴᠡᠴᠡᠷᠯᠢᠭ ᠢ ᠲᠥᠯᠥᠪᠵᠢᠭᠦᠯᠵᠦ ᠪᠦᠲᠦᠭᠡᠨ | ᠪᠠᠶᠢᠭᠤᠯᠤᠭᠠᠳᠤᠢ᠂ ᠭᠦᠢᠴᠡᠳ ᠲᠥᠯᠥᠪᠵᠢᠭᠦᠯᠦᠭᠰᠡᠨ ᠦᠭᠡᠢ᠂ ᠲᠥᠯᠥᠪᠵᠢᠭᠦᠯᠭᠡ ᠪᠠᠨ ᠭᠦᠢᠴᠡᠳᠬᠡᠭᠰᠡᠨ ᠴᠦ | ᠪᠦᠲᠦᠭᠡᠨ ᠪᠠᠶᠢᠭᠤᠯᠤᠭᠠᠳᠤᠢ᠂ ᠲᠥᠯᠥᠪᠵᠢᠭᠦᠯᠭᠡ ᠪᠠᠨ ᠭᠦᠢᠴᠡᠳᠬᠡᠭᠰᠡᠨ ᠴᠦ ᠪᠦᠲᠦᠭᠡᠨ ᠪᠠᠶᠢᠭᠤᠯᠤᠭᠰᠠᠨ ᠢᠶᠠᠷ | ᠭᠦᠢᠴᠡᠳ ᠪᠤᠰᠤ᠂ ᠲᠥᠯᠥᠪᠵᠢᠭᠦᠯᠭᠡ ᠪᠠᠷ ᠪᠦᠷᠢᠨ ᠭᠦᠢᠴᠡᠳ ᠪᠥᠭᠡᠳ ᠪᠦᠲᠦᠭᠡᠨ ᠪᠠᠶᠢᠭᠤᠯᠵᠤ ᠳᠠᠭᠤᠰᠬᠠᠭᠰᠠᠨ | ᠵᠡᠷᠭᠡ ᠶᠣᠰᠣᠭᠠᠷ ᠬᠤᠪᠢᠶᠠᠷᠢᠯᠠᠨ ᠢᠯᠭᠠᠵᠤ᠂ ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ | ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠭᠤᠭᠴᠣᠭᠠᠨ ᠳᠤ ᠰᠠᠭᠤᠷᠢ ᠪᠠᠶᠢᠳᠠᠯ ᠢ ᠨᠢ ᠣᠶᠢᠯᠠᠭᠠᠵᠤ ᠵᠢᠭᠰᠠᠭᠠᠨ | ᠪᠠᠶᠢᠴᠠᠭᠠᠬᠤ ᠶᠢ ᠥᠷᠨᠢᠭᠦᠯᠦᠨ᠎ᠡ᠃ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠨᠢ ᠰᠠᠭᠤᠭᠠᠯᠢ ᠲᠣᠭᠤᠷᠢᠭ ᠢᠶᠠᠷ | ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠭᠰᠠᠨ ᠪᠠᠶᠢᠳᠠᠯ᠂ ᠴᠡᠴᠡᠷᠯᠢᠭ ᠡᠷᠬᠢᠯᠡᠬᠦ ᠰᠢᠨᠵᠢ ᠴᠢᠨᠠᠷ᠂ ᠠᠵᠢᠯᠯᠠᠭᠠᠨ ᠤ ᠪᠠᠶᠢᠳᠠᠯ | ᠵᠡᠷᠭᠡ ᠳᠤ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠂ ᠱᠠᠭᠠᠷᠳᠠᠯᠭ᠎ᠠ ᠶᠣᠰᠣᠭᠠᠷ | ᠬᠡᠦᠬᠡᠳ ᠤᠨ ᠴᠡᠴᠡᠷᠯᠢᠭ ᠲᠥᠬᠦᠷᠵᠢᠭᠦᠯᠦᠨ ᠪᠠᠶᠢᠭᠤᠯᠤᠭᠠᠳᠤᠢ ᠰᠠᠭᠤᠭᠠᠯᠢ ᠲᠣᠭᠤᠷᠢᠭ ᠤᠨ ᠦᠢᠯᠡᠴᠢᠯᠡᠬᠦ ᠬᠥᠮᠥᠨ | ᠠᠮᠠ ᠶᠢᠨ ᠪᠠᠶᠢᠳᠠᠯ ᠢ ᠨᠢ ᠦᠨᠳᠦᠰᠦᠯᠡᠨ ᠬᠡᠷᠡᠭᠴᠡᠭᠡ ᠱᠠᠭᠠᠷᠳᠠᠯᠭ᠎ᠠ ᠶᠢ ᠨᠢ ᠲᠥᠰᠥᠭᠡᠯᠡᠨ ᠪᠣᠳᠣᠨ᠎ᠠ᠃ ᠡᠯ᠎ᠡ ᠭᠠᠵᠠᠷ | ᠣᠷᠣᠨ ᠨᠢ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢ ᠨᠡᠭᠡᠭᠡᠵᠦ ᠪᠠᠶᠢᠭᠤᠯᠬᠤ ᠪᠠᠷ ᠬᠢᠨᠠᠨ ᠵᠥᠪᠰᠢᠶᠡᠷᠡᠬᠦᠯᠬᠦ | ᠦᠶ᠎ᠡ ᠳᠠᠬᠢ ᠬᠡᠦᠬᠡᠳ ᠤᠨ ᠴᠡᠴᠡᠷᠯᠢᠭ ᠲᠦᠬᠦᠷᠵᠢᠭᠦᠯᠦᠨ ᠪᠠᠶᠢᠭᠤᠯᠬᠤ ᠬᠠᠤᠯᠢ ᠴᠠᠭᠠᠵᠠ᠂ ᠬᠠᠤᠯᠢ ᠲᠣᠭᠲᠠᠭᠠᠯ | ᠪᠣᠯᠣᠨ ᠬᠠᠮᠢᠶ᠎ᠠ ᠪᠦᠬᠦᠢ ᠪᠣᠯᠵᠣᠨ ᠲᠣᠭᠲᠠᠭᠰᠠᠨ ᠵᠦᠢᠯ ᠶᠣᠰᠣᠭᠠᠷ᠂ ᠬᠡᠦᠬᠡᠳ ᠤᠨ ᠴᠡᠴᠡᠷᠯᠢᠭ ᠢ ᠰᠤᠷᠭᠠᠨ | ᠬᠥᠮᠥᠵᠢᠯ ᠪᠤᠶᠤ ᠵᠢᠭᠠᠨ ᠲᠣᠭᠲᠠᠭᠠᠭᠰᠠᠨ ᠪᠤᠰᠤᠳ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠴᠢᠬᠤᠯᠠ ᠲᠠᠢ | ᠡᠰᠡᠬᠦ ᠶᠢ ᠨᠢ ᠲᠣᠭᠲᠠᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠬᠠᠮᠵᠢᠯᠴᠠᠨ᠎ᠠ︶ | ︵ᠬᠤᠶᠠᠷ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠨᠢ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠵᠤ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ︽ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ | ᠲᠥᠯᠥᠪᠵᠢᠭᠦᠯᠭᠡ ᠪᠠ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵GB50180︶ ᠪᠠᠷ ᠦᠨᠳᠦᠰᠦᠯᠡᠯ ᠪᠣᠯᠭᠠᠨ᠂ | 2019 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠣᠷᠣᠨ ᠤ ᠬᠤᠲᠠ ᠪᠠᠯᠭᠠᠰᠤᠨ ᠤ | ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠬᠤ ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ | ᠠᠷᠭ᠎ᠠ ᠶᠢ ᠨᠡᠶᠢᠲᠡᠯᠡᠵᠦ᠂ ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ ᠲᠥᠯᠥᠪᠵᠢᠭᠦᠯᠬᠦ᠂ ᠭᠠᠵᠠᠷ | ᠰᠢᠷᠣᠢ ᠢ ᠬᠤᠪᠢᠶᠠᠷᠢᠯᠠᠨ ᠰᠠᠯᠭᠠᠵᠤ ᠲᠤᠶᠢᠯᠪᠤᠷᠢᠲᠠᠢ ᠰᠢᠯᠵᠢᠭᠦᠯᠬᠦ᠂ ᠴᠡᠴᠡᠷᠯᠢᠭ ᠤᠨ ᠭᠡᠷ ᠪᠠᠶᠢᠰᠢᠩ ᠵᠢᠷᠤᠵᠤ | ᠲᠥᠯᠥᠪᠯᠡᠨ ᠪᠠᠷᠢᠬᠤ᠂ ᠰᠢᠯᠭᠠᠵᠤ ᠬᠤᠷᠢᠶᠠᠨ ᠠᠪᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠲᠤᠬᠠᠢ ᠶᠢᠨ ᠭᠠᠵᠠᠷ ᠤᠨ | ᠪᠠᠶᠢᠳᠠᠯ ᠳᠤ ᠪᠠᠨ ᠲᠣᠬᠢᠷᠠᠭᠤᠯᠤᠨ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠤᠲᠠ | ᠪᠠᠯᠭᠠᠰᠤᠨ ᠤ ᠰᠢᠨ᠎ᠡ ᠨᠡᠭᠡᠭᠡᠵᠦ ᠪᠠᠶᠢᠭᠤᠯᠤᠭᠰᠠᠨ ᠰᠠᠭᠤᠭᠠᠯᠢ ᠲᠣᠭᠤᠷᠢᠭ ᠢᠶᠠᠷ ᠬᠡᠦᠬᠡᠳ ᠤᠨ ᠴᠡᠴᠡᠷᠯᠢᠭ ᠢ ᠬᠠᠤᠯᠢ | ᠪᠣᠯᠣᠨ ᠪᠠᠷᠢᠮᠵᠢᠶ᠎ᠠ ᠶᠣᠰᠣᠭᠠᠷ ᠲᠥᠬᠦᠷᠵᠢᠭᠦᠯᠵᠦ ᠪᠦᠲᠦᠭᠡᠨ ᠪᠠᠶᠢᠭᠤᠯᠬᠤ ᠶᠢᠨ ᠬᠠᠮᠲᠤ᠂ ᠵᠢᠷᠤᠮᠵᠢᠯ ᠲᠠᠢ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠬᠤᠲᠠ ᠶᠢᠨ ᠬᠠᠭᠤᠴᠢᠨ ᠲᠣᠭᠤᠷᠢᠭ ︵ᠳᠦᠬᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ︶ ᠢ ᠥᠭᠡᠷᠡᠴᠢᠯᠡᠨ ᠰᠢᠨᠡᠳᠬᠡᠬᠦ᠂ ᠬᠤᠲᠠ ᠲᠣᠭᠤᠷᠢᠭ ᠢ ᠰᠢᠨ᠎ᠡ ᠪᠠᠷ ᠨᠡᠭᠡᠭᠡᠵᠦ | ᠪᠠᠶᠢᠭᠤᠯᠬᠤ ᠪᠠ ᠣᠷᠣᠨ ᠰᠠᠭᠤᠴᠠ ᠶᠢᠨ ᠲᠣᠭᠤᠷᠢᠭ ᠢ ᠪᠠᠶᠢᠭᠤᠯᠬᠤ᠂ ᠶᠠᠳᠠᠭᠤ ᠶᠢ ᠲᠡᠳᠬᠦᠬᠦ ᠪᠠᠷ ᠣᠨᠳᠣᠣ | ᠭᠠᠵᠠᠷ ᠲᠤ ᠨᠡᠭᠦᠯᠭᠡᠨ ᠰᠢᠯᠵᠢᠭᠦᠯᠬᠦ ᠳᠤ ᠪᠠᠨ᠂ ᠬᠠᠤᠯᠢ ᠪᠣᠯᠣᠨ ᠪᠠᠷᠢᠮᠵᠢᠶ᠎ᠠ ᠶᠣᠰᠣᠭᠠᠷ ᠴᠢᠩᠭ᠎ᠠ ᠬᠡᠷᠡᠭᠵᠢᠭᠦᠯᠦᠨ᠂ | ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ ᠣᠯᠠᠨ ᠨᠡᠶᠢᠲᠡ ᠶᠢᠨ ᠬᠠᠮᠢᠶᠠᠷᠤᠯᠲᠠ ᠪᠣᠯᠣᠨ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠠᠶᠢᠭᠤᠯᠬᠤ ᠲᠥᠯᠥᠪᠵᠢᠭᠦᠯᠭᠡ ᠳᠤ ᠣᠷᠣᠭᠤᠯᠵᠤ᠂ ︽ᠬᠡᠦᠬᠡᠳ | ᠰᠠᠭᠠᠲᠠᠭᠤᠯᠬᠤ ᠭᠠᠵᠠᠷ᠂ ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠵᠢᠷᠤᠮᠯᠠᠯ︾ | ︽ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠶᠣᠰᠣᠭᠠᠷ ᠪᠦᠲᠦᠭᠡᠨ ᠪᠠᠶᠢᠭᠤᠯᠤᠨ᠎ᠠ | ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ | ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠯᠡᠭᠡ ᠳᠤ ᠴᠠᠭ ᠲᠤᠬᠠᠢ ᠳᠤ ᠨᠢ ᠣᠷᠣᠭᠤᠯᠵᠤ᠂ | ᠬᠤᠪᠢᠶᠠᠷᠢᠯᠠᠨ ᠰᠠᠯᠭᠠᠵᠤ ᠬᠡᠷᠡᠭᠯᠡᠭᠦᠯᠬᠦ ᠭᠠᠵᠠᠷ ᠤᠨ ᠨᠥᠬᠦᠴᠡᠯ ᠳᠤ ᠨᠡᠶᠢᠴᠡᠪᠡᠯ ᠬᠤᠪᠢᠶᠠᠷᠢᠯᠠᠨ ᠰᠠᠯᠭᠠᠬᠤ ᠠᠷᠭ᠎ᠠ ᠪᠠᠷ | ᠭᠠᠵᠠᠷ ᠬᠠᠩᠭᠠᠵᠤ ᠥᠭᠭᠦᠨ᠎ᠡ︔ ᠭᠠᠵᠠᠷ ᠢ ᠲᠤᠰᠠᠭᠠᠷ ᠬᠠᠩᠭᠠᠵᠤ ᠥᠭᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ | ᠪᠠᠶᠢᠪᠠᠯ᠂ ᠭᠠᠵᠠᠷ ᠰᠢᠷᠣᠢ ᠬᠠᠩᠭᠠᠵᠤ ᠥᠭᠬᠦ ᠳᠤ ᠪᠠᠨ ᠬᠡᠦᠬᠡᠳ ᠤᠨ ᠴᠡᠴᠡᠷᠯᠢᠭ ᠲᠥᠬᠦᠷᠵᠢᠭᠦᠯᠦᠨ ᠪᠠᠶᠢᠭᠤᠯᠬᠤ ᠳᠤ | ᠬᠡᠷᠡᠭᠯᠡᠭᠦᠯᠬᠦ ᠭᠠᠵᠠᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠣᠨ ᠬᠠᠤᠯᠢ ᠶᠣᠰᠣᠭᠠᠷ ᠲᠦᠯᠦᠪᠦᠷᠢᠯᠡᠬᠦ ᠠᠷᠭ᠎ᠠ | ᠬᠡᠮᠵᠢᠶ᠎ᠡ ᠵᠡᠷᠭᠡ ᠶᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ | ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢ ᠵᠢᠷᠤᠵᠤ ᠲᠥᠯᠥᠪᠯᠡᠬᠦ᠂ ᠪᠠᠷᠢᠯᠭ᠎ᠠ | ᠪᠠᠷᠢᠬᠤ᠂ ᠰᠢᠯᠭᠠᠵᠤ ᠬᠤᠷᠢᠶᠠᠨ ᠠᠪᠬᠤ᠂ ᠰᠢᠯᠵᠢᠭᠦᠯᠦᠨ ᠲᠤᠰᠢᠶᠠᠬᠤ ᠵᠡᠷᠭᠡ ᠭᠤᠭᠴᠣᠭᠠᠨ ᠳᠠᠬᠢ ᠬᠢᠨᠠᠨ ᠬᠠᠮᠢᠶᠠᠷᠴᠤ | ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ ᠬᠡᠷᠡᠭᠲᠡᠢ᠂ ᠬᠡᠷᠪᠡ ᠲᠥᠬᠦᠷᠵᠢᠭᠦᠯᠵᠦ ᠪᠠᠶᠢᠭᠤᠯᠬᠤ ᠬᠡᠦᠬᠡᠳ ᠤᠨ | ᠴᠡᠴᠡᠷᠯᠢᠭ ᠤᠨ ᠪᠦᠲᠦᠭᠡᠨ ᠪᠠᠶᠢᠭᠤᠯᠬᠤ ᠶᠢ ᠬᠤᠶᠢᠰᠢᠯᠠᠭᠤᠯᠤᠭᠰᠠᠨ᠂ ᠪᠠᠭᠠᠰᠬᠠᠭᠰᠠᠨ᠂ ᠵᠣᠭᠰᠣᠭᠠᠭᠰᠠᠨ᠂ | ᠪᠠᠶᠢᠭᠤᠯᠬᠤ ᠦᠭᠡᠢ ᠪᠣᠯᠣᠭᠰᠠᠨ᠂ ᠪᠠᠶᠢᠭᠤᠯᠴᠢᠬᠠᠭᠠᠳ ᠰᠢᠯᠵᠢᠭᠦᠯᠦᠨ ᠲᠤᠰᠢᠶᠠᠵᠤ ᠥᠭᠬᠦ ᠦᠭᠡᠢ ᠪᠠ ᠪᠠᠶᠢᠭᠤᠯᠵᠤ | ᠳᠠᠭᠤᠰᠬᠠᠭᠠᠳ ᠬᠡᠷᠡᠭᠴᠡᠭᠡ ᠶᠢ ᠨᠢ ᠬᠤᠪᠢᠷᠠᠭᠤᠯᠤᠭᠰᠠᠨ ᠵᠡᠷᠭᠡ ᠪᠠᠶᠢᠳᠠᠯ ᠲᠠᠢ ᠪᠠᠶᠢᠪᠠᠯ ᠴᠡᠭᠴᠡᠯᠡᠵᠦ | ᠪᠣᠳᠠᠲᠠᠶᠢᠵᠢᠭᠤᠯᠬᠤ ᠠᠴᠠ ᠡᠮᠦᠨ᠎ᠡ᠂ ᠪᠠᠷᠢᠯᠭ᠎ᠠ ᠳᠠᠭᠤᠰᠤᠭᠰᠠᠨ ᠢᠶᠠᠷ ᠰᠢᠯᠭᠠᠵᠤ ᠬᠤᠷᠢᠶᠠᠨ ᠠᠪᠬᠤ ᠠᠵᠢᠯ ᠢ | ᠭᠦᠢᠴᠡᠳᠬᠡᠨ ᠦᠭᠴᠤ ᠪᠤᠯᠬᠤ ᠦᠬᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ | ᠬᠡᠦᠬᠡᠳ ᠤᠨ ᠴᠡᠴᠡᠷᠯᠢᠭ ᠲᠥᠬᠦᠷᠵᠢᠭᠦᠯᠵᠦ ᠪᠦᠲᠦᠭᠡᠨ ᠪᠠᠶᠢᠭᠤᠯᠬᠤ ᠲᠥᠷᠥᠯ ᠵᠦᠢᠯ ᠢ ᠲᠥᠯᠥᠪᠵᠢᠭᠦᠯᠵᠦ | ᠪᠠᠶᠢᠷᠢᠰᠢᠭᠤᠯᠬᠤ ᠠᠵᠢᠯ ᠳᠤ ᠢᠳᠡᠪᠬᠢᠲᠡᠢ ᠣᠷᠣᠯᠴᠠᠵᠤ᠂ ᠳᠡᠰ ᠳᠠᠷᠠᠭᠠᠯᠠᠯ ᠶᠣᠰᠣᠭᠠᠷ ᠬᠢᠨᠠᠨ ᠵᠥᠪᠰᠢᠶᠡᠷᠡᠬᠦ᠂ | ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠨ᠎ᠡ᠃ | ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠨᠢ ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ | ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠰᠢᠯᠭᠠᠨ ᠬᠤᠷᠢᠶᠠᠵᠤ ᠠᠪᠬᠤ ᠵᠡᠷᠭᠡ ᠵᠠᠩᠭᠢᠯᠠᠭ᠎ᠠ ᠶᠢᠨ ᠭᠤᠭᠴᠣᠭᠠᠨ ᠤ | ᠠᠵᠢᠯ ᠳᠤ ᠣᠷᠣᠯᠴᠠᠵᠤ᠂ ᠬᠡᠦᠬᠡᠳ ᠤᠨ ᠴᠡᠴᠡᠷᠯᠢᠭ ᠢ ᠬᠦᠯᠢᠶᠡᠨ ᠠᠪᠬᠤ ᠵᠢᠴᠢ ᠬᠠᠮᠢᠶᠠᠷᠬᠤ ᠵᠡᠷᠭᠡ ᠬᠠᠮᠢᠶ᠎ᠠ ᠪᠥᠬᠦᠢ | ᠠᠵᠢᠯ ᠢ ᠰᠠᠶᠢᠳᠤᠷ ᠬᠢᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠵᠢᠯᠴᠠᠨ᠎ᠠ︶ | ︵ᠭᠤᠷᠪᠠ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠤᠨ ᠲᠥᠷᠥᠯ ᠬᠤᠪᠢᠶᠠᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠡᠯ᠎ᠡ | ᠭᠠᠵᠠᠷ ᠣᠷᠣᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠢ | ᠪᠣᠯᠭᠠᠨ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ᠪᠣᠳᠠᠲᠠᠢ ᠠᠴᠠ ᠡᠭᠦᠰᠬᠦ ᠶᠢ | ᠪᠠᠷᠢᠮᠲᠠᠯᠠᠵᠤ᠂ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠦᠭᠰᠡᠨ ᠬᠡᠦᠬᠡᠳ ᠤᠨ | ᠴᠡᠴᠡᠷᠯᠢᠭ ᠤᠨ ᠵᠠᠰᠠᠯᠲᠠ ᠶᠢᠨ ᠠᠵᠢᠯ ᠢ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ ᠯᠠᠪᠳᠠᠭᠤᠨ ᠪᠠᠲᠤᠲᠠᠢ ᠪᠠᠷ | ᠠᠬᠢᠭᠤᠯᠤᠨ᠎ᠠ᠃ | 1. ᠲᠥᠬᠦᠷᠵᠢᠭᠦᠯᠦᠨ ᠪᠠᠶᠢᠭᠤᠯᠬᠤ ᠬᠡᠪᠴᠢᠶ᠎ᠡ ᠪᠣᠯᠣᠨ ᠪᠠᠷᠢᠮᠵᠢᠶ᠎ᠠ ᠳᠤ ᠬᠦᠷᠦᠭᠰᠡᠨ ᠪᠣᠯᠪᠠᠴᠤ᠂ | ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ ᠲᠥᠯᠥᠪᠵᠢᠭᠦᠯᠵᠦ ᠪᠠᠶᠢᠭᠤᠯᠤᠭᠠᠳᠤᠢ ᠬᠤᠲᠠ | ᠪᠠᠯᠭᠠᠰᠤᠨ ᠤ ᠪᠠᠶᠢᠭᠤᠯᠵᠤ ᠪᠠᠶᠢᠭ᠎ᠠ ︵ᠵᠥᠪᠰᠢᠶᠡᠷᠡᠵᠦ ᠴᠣᠬᠤᠯᠠᠪᠤᠷᠢᠯᠠᠭᠰᠠᠨ ᠪᠣᠯᠪᠠᠴᠤ ᠪᠠᠷᠢᠯᠭ᠎ᠠ | ᠡᠬᠢᠯᠡᠭᠦᠯᠦᠭᠡᠳᠦᠢ ᠶᠢ ᠪᠠᠭᠲᠠᠭᠠᠨ᠎ᠠ︶ ᠰᠠᠭᠤᠭᠠᠯᠢ ᠲᠣᠭᠤᠷᠢᠭ ᠲᠤ ᠪᠣᠯ᠂ ᠡᠯ᠎ᠡ ᠭᠠᠵᠠᠷ ᠣᠷᠣᠨ ᠨᠢ ᠠᠰᠠᠭᠤᠳᠠᠯ | ᠪᠣᠯᠣᠨ ᠰᠢᠯᠲᠠᠭᠠᠨ ᠢ ᠬᠢᠨᠠᠮᠠᠭᠠᠢ ᠡᠷᠢᠵᠦ᠂ ᠲᠥᠯᠥᠪᠵᠢᠭᠦᠯᠭᠡ᠂ ᠭᠠᠵᠠᠷ ᠰᠢᠷᠣᠢ᠂ ᠪᠦᠲᠦᠭᠡᠨ ᠪᠠᠶᠢᠭᠤᠯᠤᠯᠲᠠ ᠵᠡᠷᠭᠡ | ᠵᠠᠩᠭᠢᠯᠠᠭ᠎ᠠ ᠶᠢᠨ ᠭᠤᠭᠴᠣᠭᠠᠨ ᠠᠴᠠ ᠭᠠᠷᠳᠠᠨ᠂ ᠵᠠᠪᠳᠤᠨ ᠨᠥᠬᠦᠪᠦᠷᠢᠯᠡᠵᠦ ᠪᠦᠷᠢᠨᠰᠢᠭᠦᠯᠦᠨ ᠭᠦᠢᠴᠡᠳᠭᠡᠬᠦ ᠠᠷᠭ᠎ᠠ | ᠬᠡᠮᠵᠢᠶ᠎ᠡ ᠶᠢ ᠢᠳᠡᠪᠬᠢᠲᠡᠢ ᠲᠣᠭᠲᠠᠭᠠᠵᠤ᠂ ᠬᠠᠷᠢᠭᠤᠴᠠᠬᠤ ᠭᠤᠣᠯ ᠴᠣᠭᠴᠠ ᠶᠢ ᠲᠣᠳᠣᠷᠬᠠᠶᠢᠯᠠᠨ᠂ ᠵᠠᠷᠯᠢᠭᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠥᠭᠡᠷᠡᠴᠢᠯᠡᠵᠦ ᠰᠠᠶᠢᠵᠢᠷᠠᠭᠤᠯᠤᠨ᠎ᠠ᠃ ᠬᠡᠦᠬᠡᠳ ᠤᠨ ᠴᠡᠴᠡᠷᠯᠢᠭ | ᠲᠥᠬᠦᠷᠵᠢᠭᠦᠯᠦᠨ ᠪᠠᠶᠢᠭᠤᠯᠬᠤ ᠪᠦᠷᠢᠨ ᠭᠦᠢᠴᠡᠳ ᠲᠥᠯᠥᠪᠵᠢᠭᠦᠯᠭᠡ ᠲᠠᠢ ᠪᠣᠯᠪᠠᠴᠤ᠂ ᠪᠠᠷᠢᠯᠭ᠎ᠠ ᠪᠠᠨ | ᠡᠬᠢᠯᠡᠭᠦᠯᠦᠭᠡᠳᠦᠢ ᠪᠤᠶᠤ ᠠᠩᠬᠠᠨ ᠤ ᠬᠤᠭᠤᠴᠠᠭᠠᠨ ᠳᠠᠬᠢ ᠪᠦᠲᠦᠭᠡᠨ ᠪᠠᠶᠢᠭᠤᠯᠬᠤ ᠲᠥᠷᠥᠯ ᠵᠦᠢᠯ ᠢᠶᠠᠷ | ᠵᠢᠭᠰᠠᠭᠠᠭᠰᠠᠨ ᠦᠭᠡᠢ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢ ᠪᠣᠯ᠂ ᠨᠡᠭᠡᠭᠡᠵᠦ ᠪᠠᠶᠢᠭᠤᠯᠬᠤ ᠠᠵᠤ | ᠠᠬᠤᠶᠢᠯᠠᠯ ᠳᠤ ᠲᠥᠬᠦᠷᠵᠢᠭᠦᠯᠬᠦ ᠬᠡᠦᠬᠡᠳ ᠤᠨ ᠴᠡᠴᠡᠷᠯᠢᠭ ᠢ ᠲᠣᠭᠲᠠᠭᠠᠭᠰᠠᠨ ᠲᠥᠯᠥᠪᠵᠢᠭᠦᠯᠭᠡ ᠶᠣᠰᠣᠭᠠᠷ | ᠲᠣᠭᠲᠠᠭᠰᠠᠨ ᠬᠤᠭᠤᠴᠠᠭᠠᠨ ᠳᠤ ᠨᠢ ᠪᠦᠲᠦᠭᠡᠨ ᠪᠠᠶᠢᠭᠤᠯᠵᠤ ᠪᠡᠶᠡᠯᠡᠭᠦᠯᠬᠦ ᠪᠠᠷ ᠳᠠᠭᠠᠭᠠᠯᠭᠠᠬᠤ ᠬᠡᠷᠡᠭᠲᠡᠢ︔ ᠴᠥᠬᠡᠨ | ᠪᠠᠶᠢᠭᠤᠯᠬᠤ ᠪᠠᠷ ᠬᠠᠰᠤᠭᠰᠠᠨ ᠪᠠᠶᠢᠪᠠᠯ᠂ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠨᠥᠬᠦᠵᠦ ᠪᠠᠶᠢᠭᠤᠯᠬᠤ ᠵᠡᠷᠭᠡ | ᠠᠷᠭ᠎ᠠ ᠪᠠᠷ ᠰᠢᠢᠳᠪᠦᠷᠢᠯᠡᠬᠦ ᠬᠡᠷᠡᠭᠲᠡᠢ︔ ᠲᠥᠯᠥᠪᠵᠢᠭᠦᠯᠭᠡ ᠶᠢ ᠵᠥᠷᠢᠴᠡᠵᠦ ᠪᠤᠰᠤᠳ ᠲᠥᠷᠥᠯ ᠵᠦᠢᠯ ᠢ ᠪᠦᠲᠦᠭᠡᠨ | ᠪᠠᠶᠢᠭᠤᠯᠤᠭᠰᠠᠨ ᠪᠠᠶᠢᠪᠠᠯ᠂ ᠬᠠᠤᠯᠢ ᠪᠣᠯᠣᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠳᠡᠭᠡᠷ᠎ᠡ | ᠳᠤᠷᠠᠳᠤᠭᠰᠠᠨ ᠪᠠᠶᠢᠳᠠᠯ ᠣᠷᠣᠰᠢᠵᠤ ᠪᠠᠶᠢᠭ᠎ᠠ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠪᠦᠬᠦᠨ ᠳᠤ | ᠴᠡᠭᠴᠡᠯᠡᠵᠦ ᠪᠣᠳᠠᠲᠠᠶᠢᠵᠢᠭᠤᠯᠬᠤ ᠠᠴᠠ ᠡᠮᠦᠨ᠎ᠡ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ | ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢᠶᠠᠷ ᠶᠡᠷᠦᠩᠬᠡᠶᠢᠯᠡᠨ ᠰᠢᠯᠭᠠᠵᠤ ᠬᠤᠷᠢᠶᠠᠨ ᠠᠪᠴᠤ | ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠨ ᠦᠭᠴᠤ ᠪᠤᠯᠬᠤ ᠦᠬᠡᠢ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 2. ᠲᠥᠬᠦᠷᠵᠢᠭᠦᠯᠦᠨ ᠪᠠᠶᠢᠭᠤᠯᠬᠤ ᠬᠡᠪᠴᠢᠶ᠎ᠡ ᠪᠣᠯᠣᠨ ᠪᠠᠷᠢᠮᠵᠢᠶ᠎ᠠ ᠳᠤ ᠬᠦᠷᠦᠭᠰᠡᠨ ᠪᠣᠯᠪᠠᠴᠤ | ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠢ ᠲᠥᠯᠥᠪᠵᠢᠭᠦᠯᠵᠦ ᠪᠠᠶᠢᠭᠤᠯᠤᠭᠠᠳᠤᠢ ᠪᠤᠶᠤ | ᠲᠥᠯᠥᠪᠵᠢᠭᠦᠯᠵᠦ ᠪᠠᠶᠢᠭᠤᠯᠤᠭᠰᠠᠨ ᠢᠶᠠᠷ ᠭᠦᠢᠴᠡᠳ ᠦᠭᠡᠢ ᠬᠤᠲᠠ ᠪᠠᠯᠭᠠᠰᠤᠨ ᠤ ᠪᠠᠶᠢᠭᠤᠯᠵᠦ ᠳᠠᠭᠤᠰᠤᠭᠰᠠᠨ | ᠰᠠᠭᠤᠭᠠᠯᠢ ᠲᠣᠭᠤᠷᠢᠭ ᠨᠢ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠬᠠᠤᠯᠢ︾ ︽ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠲᠥᠯᠥᠪᠵᠢᠭᠦᠯᠭᠡ ᠪᠠ | ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵GB50180︶ ᠶᠢ ᠦᠨᠳᠦᠰᠦᠯᠡᠨ ᠲᠥᠯᠥᠪᠵᠢᠭᠦᠯᠭᠡ ᠳᠤ ᠪᠠᠨ | ᠲᠣᠬᠢᠷᠠᠭᠤᠯᠤᠯᠲᠠ ᠬᠢᠵᠦ᠂ ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠤᠨ ᠬᠡᠪᠴᠢᠶ᠎ᠡ ᠶᠢ ᠥᠷᠭᠡᠳᠬᠡᠨ᠂ | ᠨᠥᠬᠦᠵᠦ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠪᠤᠶᠤ ᠣᠶᠢᠷ᠎ᠠ ᠬᠠᠪᠢ ᠳᠤ ᠨᠢ ᠰᠢᠨ᠎ᠡ ᠪᠠᠷ ᠪᠠᠶᠢᠭᠤᠯᠬᠤ᠂ | ᠰᠣᠯᠢᠬᠤ᠂ ᠬᠤᠳᠠᠯᠳᠤᠨ ᠠᠪᠬᠤ ᠵᠡᠷᠭᠡ ᠠᠷᠭ᠎ᠠ ᠪᠠᠷ ᠰᠢᠢᠳᠪᠦᠷᠢᠯᠡᠬᠦ ᠬᠡᠷᠡᠭᠲᠡᠢ᠃ ᠰᠠᠭᠤᠭᠠᠯᠢ ᠲᠣᠭᠤᠷᠢᠭ ᠢ ᠨᠡᠭᠡᠭᠡᠵᠦ | ᠪᠠᠶᠢᠭᠤᠯᠬᠤ ᠬᠠᠮᠢᠶ᠎ᠠ ᠪᠦᠬᠦᠢ ᠠᠵᠤ ᠠᠬᠤᠶᠢᠯᠠᠯ ᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠭᠲᠠᠭᠰᠠᠨ | ᠬᠤᠭᠤᠴᠠᠭᠠᠨ ᠳᠤ ᠪᠠᠨ ᠨᠠᠶᠢᠳᠠᠪᠤᠷᠢᠵᠢᠭᠤᠯᠤᠭᠰᠠᠨ ᠦᠭᠡᠢ ᠪᠣᠯ ᠢᠲᠡᠬᠡᠮᠵᠢ ᠪᠠᠷ ᠮᠠᠭᠤ ᠪᠠᠶᠢᠬᠤ ᠲᠡᠮᠳᠡᠭᠯᠡᠯ ᠳᠤ | ᠣᠷᠣᠭᠤᠯᠵᠤ᠂ ᠬᠠᠤᠯᠢ ᠪᠣᠯᠣᠨ ᠲᠣᠭᠲᠠᠭᠠᠯ ᠶᠣᠰᠣᠭᠠᠷ ᠬᠤᠯᠪᠣᠭᠠᠯᠠᠵᠤ ᠪᠠᠶᠢᠭᠠᠳ ᠵᠠᠯᠬᠠᠭᠠᠨ ᠴᠡᠭᠡᠷᠯᠡᠭᠦᠯᠦᠨ᠎ᠡ᠃ ︵ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 3. ᠡᠯ᠎ᠡ ᠭᠠᠵᠠᠷ ᠣᠷᠣᠨ ᠨᠢ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠡᠷᠬᠡ ᠶᠢᠨ | ᠬᠠᠷᠢᠶᠠᠯᠠᠯ ᠢ ᠬᠠᠤᠯᠢ ᠪᠣᠯᠣᠨ ᠲᠣᠭᠲᠠᠭᠠᠯ ᠢᠶᠠᠷ ᠲᠣᠭᠲᠠᠭᠠᠵᠤ᠂ ᠬᠤᠯᠪᠣᠭᠳᠠᠯ ᠪᠦᠬᠦᠢ ᠲᠣᠭᠲᠠᠭᠠᠯ ᠪᠣᠯᠣᠨ ᠴᠣᠪᠣᠷᠠᠯ | ᠶᠣᠰᠣᠭᠠᠷ᠂ ᠰᠢᠯᠵᠢᠭᠦᠯᠦᠨ ᠲᠤᠰᠢᠶᠠᠬᠤ᠂ ᠬᠤᠳᠠᠯᠳᠤᠨ ᠠᠪᠬᠤ᠂ ᠰᠣᠯᠢᠬᠤ ᠵᠡᠷᠭᠡ ᠠᠷᠭ᠎ᠠ ᠪᠠᠷ ᠳᠠᠮᠵᠢᠭᠤᠯᠵᠤ᠂ | ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ | ᠡᠷᠬᠡ ᠶᠢᠨ ᠬᠠᠷᠢᠶᠠᠯᠠᠭᠳᠠᠬᠤ ᠠᠰᠠᠭᠤᠳᠠᠯ ᠢ ᠲᠣᠬᠢᠷᠠᠮᠵᠢᠲᠠᠢ ᠰᠢᠢᠳᠪᠦᠷᠢᠯᠡᠨ᠎ᠡ᠃ ᠰᠢᠯᠵᠢᠭᠦᠯᠦᠨ ᠲᠤᠰᠢᠶᠠᠬᠤ | ᠲᠣᠭᠲᠠᠭᠠᠯ ᠳᠤ ᠨᠡᠶᠢᠴᠡᠬᠦ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠢ ᠲᠣᠭᠲᠠᠭᠠᠯ ᠠᠴᠠ | ᠵᠥᠷᠢᠴᠡᠵᠦ ᠲᠦᠷᠢᠶᠡᠰᠦᠯᠡᠭᠰᠡᠨ᠂ ᠬᠤᠳᠠᠯᠳᠤᠭᠰᠠᠨ᠂ ᠪᠤᠰᠤᠳ ᠬᠡᠷᠡᠭᠴᠡᠭᠡᠨ ᠳᠤ ᠰᠢᠯᠵᠢᠭᠦᠯᠦᠨ ᠬᠡᠷᠡᠭᠯᠡᠭᠰᠡᠨ ᠪᠠᠶᠢᠪᠠᠯ᠂ | ᠨᠡᠭᠡᠭᠡᠵᠦ ᠪᠠᠶᠢᠭᠤᠯᠬᠤ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠵᠤ ᠡᠭᠡᠭᠦᠯᠦᠨ ᠪᠤᠴᠠᠭᠠᠯᠭᠠᠬᠤ ᠶᠢᠨ ᠬᠠᠮᠲᠤ | ᠰᠢᠯᠵᠢᠭᠦᠯᠦᠨ ᠲᠤᠰᠢᠶᠠᠯᠭᠠᠬᠤ ᠪᠠᠷ ᠱᠠᠭᠠᠷᠳᠠᠬᠤ ᠬᠡᠷᠡᠭᠲᠡᠢ᠃ ᠬᠡᠷᠪᠡ ︽ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠮᠳᠠ ᠪᠠᠷ ᠬᠤᠳᠠᠯᠳᠤᠬᠤ ᠭᠡᠷ᠎ᠡ︾ ᠳᠤ ᠪᠣᠯᠵᠣᠨ ᠲᠣᠭᠲᠠᠭᠰᠠᠨ ᠪᠤᠶᠤ | ᠤᠷᠢᠳᠤᠬᠢ ᠲᠣᠬᠢᠷᠠᠭᠤᠯᠤᠯ ᠤᠨ ᠬᠢᠨᠠᠨ ᠵᠥᠪᠰᠢᠶᠡᠷᠡᠯ ᠤᠨ ᠪᠤᠰᠤᠳ ᠭᠤᠭᠴᠣᠭᠠᠨ ᠳᠤ ᠱᠠᠭᠠᠷᠳᠠᠯᠭ᠎ᠠ ᠲᠣᠭᠲᠠᠭᠠᠭᠰᠠᠨ | ᠪᠠᠶᠢᠪᠠᠯ᠂ ᠪᠣᠯᠵᠣᠨ ᠲᠣᠭᠲᠠᠭᠰᠠᠨ ᠪᠤᠶᠤ ᠲᠣᠭᠲᠠᠭᠠᠭᠰᠠᠨ ᠱᠠᠭᠠᠷᠳᠠᠯᠭ᠎ᠠ ᠶᠢᠨ ᠵᠦᠢᠯ ᠵᠤᠷᠪᠤᠰ ᠶᠣᠰᠣᠭᠠᠷ | ᠬᠡᠷᠡᠭᠵᠢᠭᠦᠯᠦᠨ᠎ᠡ᠃ | ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ | ᠬᠡᠦᠬᠡᠳ ᠤᠨ ᠴᠡᠴᠡᠷᠯᠢᠭ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠵᠢᠷᠤᠮᠵᠢᠭᠤᠯᠤᠨ᠎ᠠ᠃ ᠬᠤᠲᠠ ᠪᠠᠯᠭᠠᠰᠤᠨ ᠤ | ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠢ ᠠᠯᠪᠠᠨ ᠠᠴᠠ | ᠡᠷᠬᠢᠯᠡᠭᠰᠡᠨ ᠪᠤᠶᠤ ᠠᠷᠠᠳ ᠠᠴᠠ ᠡᠷᠬᠢᠯᠡᠭᠰᠡᠨ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠢᠶᠠᠷ ᠨᠠᠶᠢᠳᠠᠵᠤ | ᠡᠷᠬᠢᠯᠡᠬᠦ ᠪᠤᠯᠭᠠᠬᠠᠤ ᠴᠢᠬᠤᠯᠠᠳᠠᠢ ᠶᠢ ᠨᠢ᠂ ᠡᠵᠡᠩᠨᠡᠯᠲᠡ ᠶᠢᠨ ᠴᠢᠨᠠᠷᠲᠠᠢ ᠬᠡᠦᠬᠡᠳ ᠤᠨ ᠴᠡᠴᠡᠷᠯᠢᠭ ᠪᠣᠯᠭᠠᠨ ᠡᠷᠬᠢᠯᠡᠵᠦ | ᠪᠤᠯᠬᠤ ᠦᠬᠡᠢ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ ᠡᠷᠬᠢᠯᠡᠬᠦ ᠳᠤ᠂ ᠪᠠᠭᠰᠢ | ᠲᠣᠬᠢᠷᠠᠭᠤᠯᠬᠤ ᠵᠡᠷᠭᠡ ᠠᠵᠢᠯ ᠢ ᠰᠠᠶᠢᠳᠤᠷ ᠬᠢᠬᠦ ᠪᠦᠭᠡᠳ ᠠᠵᠢᠯᠲᠠᠳ ᠢ ᠶᠡᠷᠦᠩᠬᠡᠢ ᠲᠤᠭ᠎ᠠ ᠪᠠᠷ ᠬᠠᠮᠢᠶᠠᠷᠬᠤ᠂ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠬᠡᠷᠡᠭᠯᠡᠨ | ᠰᠢᠢᠳᠪᠦᠷᠢᠯᠡᠵᠦ ᠪᠣᠯᠣᠨ᠎ᠠ᠃ ᠠᠷᠠᠳ ᠠᠴᠠ ᠡᠷᠬᠢᠯᠡᠭᠰᠡᠨ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ | ᠪᠣᠯᠭᠠᠨ ᠨᠠᠶᠢᠳᠠᠵᠤ ᠡᠷᠬᠢᠯᠡᠬᠦ ᠳᠤ᠂ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠨᠢ ᠡᠷᠬᠢᠯᠡᠬᠦ ᠪᠠᠶᠢᠭᠤᠯᠤᠮᠵᠢ ᠶᠢᠨ | ᠬᠢᠷᠢ ᠬᠡᠮ᠂ ᠡᠵᠡᠩᠨᠡᠨ ᠠᠵᠢᠯᠯᠠᠬᠤ ᠴᠢᠳᠠᠪᠤᠷᠢ᠂ ᠠᠷᠢᠭᠤᠨ ᠴᠡᠪᠡᠷ ᠪᠣᠯᠣᠨ ᠠᠮᠤᠷ ᠲᠦᠪᠰᠢᠨ᠂ ᠠᠰᠠᠷᠠᠬᠤ ᠪᠠ | ᠰᠤᠷᠭᠠᠬᠤ ᠶᠠᠰᠤ ᠴᠢᠨᠠᠷ ᠵᠡᠷᠭᠡ ᠲᠠᠯ᠎ᠠ ᠪᠠᠷ ᠬᠢ ᠬᠢᠨᠠᠨ ᠬᠠᠷᠭᠤᠭᠤᠯᠬᠤ ᠠᠵᠢᠯ ᠢ ᠰᠠᠶᠢᠳᠤᠷ ᠬᠢᠵᠦ᠂ ᠲᠡᠳᠡᠨ ᠳᠤ | ᠬᠡᠦᠬᠡᠳ ᠤᠨ ᠴᠡᠴᠡᠷᠯᠢᠭ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠭᠦᠢᠴᠡᠳᠬᠡᠨ ᠥᠭᠬᠦ ᠶᠢᠨ | ᠬᠠᠮᠲᠤ᠂ ᠬᠡᠦᠬᠡᠳ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠨᠢ ᠬᠢᠨᠠᠵᠤ ᠬᠠᠮᠢᠶᠠᠷᠤᠨ᠎ᠠ᠃ ᠰᠠᠭᠤᠭᠠᠯᠢ | ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠡᠷᠬᠢᠯᠡᠬᠦ ᠰᠢᠨᠵᠢ ᠴᠢᠨᠠᠷ ᠢ | ᠦᠨᠳᠦᠰᠦᠯᠡᠨ᠂ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠢ ᠳᠠᠩᠰᠠᠯᠠᠨ ᠲᠡᠮᠳᠡᠭᠯᠡᠬᠦ ᠪᠤᠶᠤ | ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠬᠠᠤᠯᠢ ᠶᠢᠨ ᠡᠷᠬᠡᠲᠡᠨ ᠢ ᠳᠠᠩᠰᠠᠯᠠᠨ | ᠲᠡᠮᠳᠡᠭᠯᠡᠬᠦ ᠳᠤ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠪᠣᠯᠣᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠨᠢ ᠬᠠᠤᠯᠢ ᠶᠣᠰᠣᠭᠠᠷ ᠲᠤᠰ ᠲᠤᠰ ᠭᠦᠢᠴᠡᠳᠬᠡᠵᠦ ᠥᠭᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ | ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠠᠮᠵᠢᠯᠴᠠᠨ᠎ᠠ︶ | ᠳᠥᠷᠪᠡ᠂ ᠵᠠᠰᠠᠬᠤ ᠠᠯᠬᠤᠮ ᠳᠠᠷᠠᠭᠠᠯᠠᠯ | ︵ᠨᠢᠭᠡ︶ ᠰᠠᠭᠤᠷᠢ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠨ᠎ᠠ᠃ ᠡᠯ᠎ᠡ ᠭᠠᠵᠠᠷ ᠣᠷᠣᠨ ᠨᠢ | 2019 ᠣᠨ ᠤ 6 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ᠂ ᠬᠤᠲᠠ ᠪᠠᠯᠭᠠᠰᠤᠨ ᠤ ᠰᠠᠭᠤᠭᠠᠯᠢ | ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠪᠠᠶᠢᠳᠠᠯ ᠳᠤ ᠪᠥᠬᠦ ᠲᠠᠯ᠎ᠠ ᠪᠠᠷ | ᠰᠠᠭᠤᠷᠢ ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠵᠤ᠂ ᠲᠥᠯᠥᠪᠵᠢᠭᠦᠯᠬᠦ᠂ ᠲᠥᠬᠦᠷᠵᠢᠭᠦᠯᠦᠨ ᠪᠠᠶᠢᠭᠤᠯᠬᠤ᠂ | ᠰᠢᠯᠵᠢᠭᠦᠯᠦᠨ ᠲᠤᠰᠢᠶᠠᠬᠤ᠂ ᠬᠡᠷᠡᠭᠯᠡᠬᠦ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠪᠠᠶᠢᠳᠠᠯ ᠳᠤ ᠴᠢᠭᠯᠡᠭᠦᠯᠦᠨ᠂ | ᠲᠥᠯᠥᠪᠵᠢᠭᠦᠯᠦᠭᠰᠡᠨ ᠡᠰᠡᠬᠦ᠂ ᠲᠥᠯᠥᠪᠵᠢᠭᠦᠯᠭᠡ ᠲᠠᠢ ᠪᠣᠯᠪᠠᠴᠤ ᠪᠦᠲᠦᠭᠡᠨ ᠪᠠᠶᠢᠭᠤᠯᠤᠭᠰᠠᠨ ᠡᠰᠡᠬᠦ᠂ ᠪᠦᠲᠦᠭᠡᠨ | ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠥᠮᠴᠢᠯᠡᠯ ᠤᠨ ᠡᠷᠬᠡ ᠪᠣᠯᠣᠨ ᠬᠡᠷᠡᠭᠯᠡᠭᠰᠡᠨ ᠪᠠᠶᠢᠳᠠᠯ ᠵᠡᠷᠭᠡ ᠲᠥᠷᠥᠯ | ᠢᠯᠭᠠᠯ ᠶᠣᠰᠣᠭᠠᠷ᠂ ᠰᠤᠷᠭᠠᠨ ᠬᠥᠮᠥᠵᠢᠯ ᠤᠨ ᠶᠠᠮᠤᠨ ᠤ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ | ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠠᠬᠢᠴᠠ ᠶᠢ ᠬᠢᠨᠠᠨ ᠰᠢᠨᠵᠢᠬᠦ | ᠰᠢᠰᠲ᠋ᠧᠮ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠨᠠᠷᠢᠨ ᠬᠠᠭᠤᠳᠠᠰᠤ ᠪᠣᠯᠣᠨ ᠡᠬᠡ ᠳᠠᠩᠰᠠ ᠶᠢ ᠨᠢ ᠲᠤᠰ ᠲᠤᠰ | ᠵᠢᠭᠰᠠᠭᠠᠨ ᠭᠠᠷᠭᠠᠬᠤ ᠪᠠ ᠪᠠᠶᠢᠭᠤᠯᠤᠨ᠎ᠠ᠂ ᠡᠬᠡ ᠳᠠᠩᠰᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠬᠠᠷᠢᠶᠠᠯᠠᠭᠳᠠᠬᠤ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠠᠭᠤᠭᠠᠯᠢ | ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠨᠢᠭᠡᠳᠦᠯᠲᠡᠢ ᠮᠡᠳᠡᠭᠦᠯᠦᠨ᠎ᠡ᠃ | ︵ᠬᠤᠶᠠᠷ︶ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠡᠯ᠎ᠡ ᠭᠠᠵᠠᠷ ᠣᠷᠣᠨ ᠨᠢ ᠰᠠᠭᠤᠷᠢ | ᠪᠠᠶᠢᠳᠠᠯ ᠢ ᠨᠢ ᠣᠶᠢᠯᠠᠭᠠᠵᠤ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠠᠴᠠ | ᠡᠭᠦᠰᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠭᠠᠷᠭᠠᠵᠤ᠂ ᠦᠨᠡᠨ ᠬᠦ ᠶᠠᠪᠤᠭᠳᠠᠭᠤᠰᠢᠲᠠᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠢ ᠲᠣᠭᠲᠠᠭᠠᠨ᠂ ︽ᠨᠢᠭᠡ ᠨᠢᠭᠡ ᠤᠴᠢᠷ ᠶᠠᠪᠤᠳᠠᠯ ᠢᠶᠠᠷ | ᠵᠥᠪᠯᠡᠬᠦ︾ ︽ᠨᠢᠭᠡ ᠴᠡᠴᠡᠷᠯᠢᠭ ᠲᠤ ᠨᠢᠭᠡ ᠲᠥᠰᠥᠯ ᠲᠠᠢ ᠪᠠᠶᠢᠯᠭᠠᠬᠤ︾ ᠱᠠᠭᠠᠷᠳᠠᠯᠭ᠎ᠠ ᠶᠣᠰᠣᠭᠠᠷ ᠨᠢᠭᠡ ᠨᠢᠭᠡ | ᠵᠦᠢᠯ ᠢᠶᠠᠷ ᠴᠡᠭᠴᠡᠯᠡᠨ ᠰᠠᠶᠢᠵᠢᠷᠠᠭᠤᠯᠵᠤ᠂ ᠡᠬᠡ ᠳᠠᠩᠰᠠ ᠲᠠᠢ ᠨᠢ ᠬᠠᠷᠢᠴᠠᠭᠤᠯᠵᠤ ᠪᠠᠶᠢᠭᠠᠳ ᠬᠠᠰᠤᠵᠤ ᠭᠠᠷᠭᠠᠨ | ᠬᠠᠮᠢᠶᠠᠷᠬᠤ ᠶᠢ ᠬᠡᠷᠡᠭᠵᠢᠭᠦᠯᠦᠨ᠎ᠡ᠃ ᠤᠯᠤᠰ ᠤᠨ ᠱᠠᠭᠠᠷᠳᠠᠯᠭ᠎ᠠ ᠶᠣᠰᠣᠭᠠᠷ᠂ ᠪᠠᠶᠢᠭᠤᠯᠵᠤ ᠳᠠᠭᠤᠰᠬᠠᠭᠰᠠᠨ᠂ | ᠰᠢᠯᠵᠢᠭᠦᠯᠦᠨ ᠲᠤᠰᠢᠶᠠᠵᠤ ᠥᠭᠬᠦ ᠭᠠᠷᠳᠠᠮ ᠭᠦᠢᠴᠡᠳᠬᠡᠬᠦ ᠴᠢᠬᠤᠯᠠ ᠲᠠᠢ ᠬᠡᠦᠬᠡᠳ ᠤᠨ ᠴᠡᠴᠡᠷᠯᠢᠭ ᠢ ᠵᠠᠷᠴᠢᠮ | ᠳᠡᠭᠡᠷ᠎ᠡ ᠪᠠᠨ 2019 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠵᠢᠭᠦᠯᠦᠨ ᠲᠤᠰᠢᠶᠠᠵᠤ | ᠥᠭᠭᠦᠨ᠎ᠡ︔ ᠡᠭᠡᠭᠦᠯᠦᠨ ᠪᠤᠴᠠᠭᠠᠵᠤ ᠠᠪᠬᠤ᠂ ᠰᠣᠯᠢᠬᠤ᠂ ᠬᠤᠳᠠᠯᠳᠤᠨ ᠠᠪᠬᠤ ᠴᠢᠬᠤᠯᠠ ᠲᠠᠢ ᠪᠣᠯ᠂ ᠵᠠᠷᠴᠢᠮ | ᠳᠡᠭᠡᠷ᠎ᠡ ᠪᠠᠨ 2019 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︔ ᠨᠥᠬᠦᠵᠦ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠰᠢᠨ᠎ᠡ ᠪᠠᠷ ᠪᠠᠶᠢᠭᠤᠯᠬᠤ ᠴᠢᠬᠤᠯᠠ ᠲᠠᠢ ᠪᠣᠯ᠂ ᠵᠠᠷᠴᠢᠮ ᠳᠡᠭᠡᠷ᠎ᠡ ᠪᠠᠨ | 2019 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠲᠦᠭᠡᠨ ᠪᠠᠶᠢᠭᠤᠯᠬᠤ ᠬᠠᠮᠢᠶ᠎ᠠ ᠪᠦᠬᠦᠢ | ᠲᠥᠯᠥᠪᠵᠢᠭᠦᠯᠭᠡ ᠶᠢ ᠪᠡᠶᠡᠯᠡᠭᠦᠯᠵᠦ᠂ 2020 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ | ᠵᠦᠢᠯ ᠤᠨ ᠪᠠᠷᠢᠯᠭ᠎ᠠ ᠶᠢ ᠳᠠᠭᠤᠰᠬᠠᠵᠤ ᠰᠢᠯᠭᠠᠨ ᠬᠤᠷᠢᠶᠠᠵᠤ ᠠᠪᠤᠨ᠎ᠠ᠃ | ︵ᠭᠤᠷᠪᠠ︶ ᠬᠢᠨᠠᠯᠲᠠ ᠲᠠᠯᠪᠢᠵᠤ ᠦᠨᠡᠯᠡᠨ ᠵᠢᠱᠢᠨ᠎ᠡ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ | ᠬᠤᠲᠠ ᠶᠢᠨ ᠥᠪᠡᠰᠦᠪᠡᠨ ᠪᠠᠶᠢᠴᠠᠭᠠᠭᠰᠠᠨ᠂ ᠰᠠᠭᠤᠷᠢ ᠪᠠᠶᠢᠳᠠᠯ ᠢ ᠨᠢ ᠣᠶᠢᠯᠠᠭᠠᠭᠰᠠᠨ᠂ ᠴᠡᠭᠴᠡᠯᠡᠨ | ᠰᠠᠶᠢᠵᠢᠷᠠᠭᠤᠯᠤᠭᠰᠠᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠶᠢᠨ | ᠬᠠᠮᠲᠤ᠂ ᠵᠠᠩᠭᠢᠯᠠᠭ᠎ᠠ ᠶᠢᠨ ᠭᠤᠭᠴᠣᠭᠠᠨ ᠤ ᠠᠵᠢᠯ ᠢ ᠴᠠᠭ ᠲᠤ ᠨᠢ ᠲᠣᠬᠢᠷᠠᠭᠤᠯᠵᠤ ᠰᠣᠩᠭᠤᠨ ᠪᠠᠶᠢᠴᠠᠭᠠᠨ᠎ᠠ᠃ | ᠡᠷᠴᠢᠮᠲᠠᠢ ᠨᠠᠶᠢᠳᠠᠪᠤᠷᠢᠵᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠰᠠᠨ ᠦᠭᠡᠢ | ᠭᠠᠵᠠᠷ ᠣᠷᠣᠨ ᠪᠣᠯᠣᠨ ᠨᠢᠭᠡᠴᠢ ᠶᠢ ᠨᠡᠪᠲᠡᠷᠡᠭᠦᠯᠦᠨ ᠮᠡᠳᠡᠭᠡᠯᠡᠨ᠎ᠡ᠃ | ᠲᠠᠪᠤ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ | ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠵᠤ | ᠵᠠᠰᠠᠬᠤ ᠠᠵᠢᠯ ᠢ ᠥᠷᠨᠢᠭᠦᠯᠬᠦ ᠪᠣᠯ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠢ ᠰᠠᠶᠢᠳᠤᠷ | ᠡᠷᠬᠢᠯᠡᠬᠦ᠂ ᠪᠠᠯᠴᠢᠷ ᠲᠤ ᠨᠢ ᠪᠤᠶᠢᠵᠢᠭᠤᠯᠬᠤ ᠭᠠᠵᠠᠷ ᠲᠠᠢ ᠪᠣᠯᠭᠠᠬᠤ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ ᠡᠯ᠎ᠡ | ᠭᠠᠵᠠᠷ ᠣᠷᠣᠨ ᠨᠢ ᠲᠥᠷᠥ ᠠᠯᠪᠠᠨ ᠲᠠᠷᠬᠠᠭᠠᠭᠰᠠᠨ ﹇2019﹈ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠣᠰᠣᠭᠠᠷ᠂ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠷᠣᠨ ᠨᠤᠲᠤᠭ ᠤᠨ | ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠵᠠᠰᠠᠬᠤ | ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠥᠵᠢᠯ ᠤᠨ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠢ ᠥᠷᠭᠡᠳᠬᠡᠵᠦ᠂ ᠠᠷᠠᠳ ᠤᠨ ᠠᠮᠢᠳᠤᠷᠠᠯ ᠢ ᠦᠨᠡᠨ ᠬᠦ | ᠪᠠᠲᠤᠯᠠᠬᠤ ᠪᠠ ᠰᠠᠶᠢᠵᠢᠷᠠᠭᠤᠯᠤᠨ᠎ᠠ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠠᠴᠠ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ | ᠴᠡᠴᠡᠷᠯᠢᠭ ᠤᠨ ᠵᠠᠰᠠᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠎ᠠ᠂ ᠬᠤᠷᠠᠯᠳᠤᠭᠤᠯᠤᠭᠴᠢ ᠶᠢ | ᠪᠣᠯ ᠰᠤᠷᠭᠠᠨ ᠬᠥᠮᠥᠵᠢᠯ ᠤᠨ ᠠᠵᠢᠯ ᠢ ᠵᠣᠬᠢᠴᠠᠭᠤᠯᠤᠨ ᠬᠠᠷᠢᠯᠴᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠡᠭᠦᠷᠭᠡᠯᠡᠨ᠂ ᠪᠦᠷᠢᠯᠳᠦᠭᠦᠨ ᠨᠢ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠵᠦ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ ᠨᠢ ᠳᠡᠭᠡᠷᠡᠬᠢ ᠶᠢ ᠯᠠᠪᠯᠠᠯᠲᠠ ᠪᠣᠯᠭᠠᠨ | ᠲᠡᠭᠦᠨ ᠯᠦᠭᠡ ᠲᠣᠬᠢᠷᠠᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠬᠤ ᠠᠵᠢᠯ ᠤᠨ ᠵᠣᠬᠢᠴᠠᠭᠤᠯᠭ᠎ᠠ ᠶᠢ | ᠴᠢᠩᠭᠠᠳᠬᠠᠨ᠂ ᠵᠠᠰᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠵᠠᠰᠠᠬᠤ ᠠᠯᠬᠤᠮ ᠳᠠᠷᠠᠭᠠᠯᠠᠯ ᠢ ᠲᠣᠳᠣᠷᠬᠠᠶᠢᠯᠠᠨ᠂ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠦᠨ᠂ ᠠᠵᠢᠯ ᠤᠨ ᠡᠬᠡ ᠳᠠᠩᠰᠠ ᠶᠢ ᠪᠠᠶᠢᠭᠤᠯᠵᠤ᠂ ᠠᠬᠢᠴᠠ ᠶᠢᠨ ᠲᠣᠬᠢᠷᠠᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ᠂ ᠵᠠᠰᠠᠬᠤ ᠡᠭᠦᠷᠭᠡ ᠶᠢ ᠴᠠᠭ ᠲᠤ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠮᠡᠳᠡᠭᠡ ᠵᠠᠩᠭᠢ ᠨᠡᠶᠢᠲᠡᠯᠡᠬᠦ ᠰᠢᠨᠵᠢᠯᠡᠬᠦ | ᠤᠬᠠᠭᠠᠨᠴᠢ ᠲᠣᠭᠲᠠᠴᠠ ᠶᠢ ᠲᠣᠭᠲᠠᠭᠠᠨ᠂ ᠨᠡᠶᠢᠭᠡᠮ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠴᠠᠭ ᠲᠤᠬᠠᠢ ᠳᠤ ᠨᠢ ᠤᠬᠠᠭᠤᠯᠵᠤ᠂ ᠵᠠᠰᠠᠬᠤ ᠠᠵᠢᠯ ᠤᠨ ᠲᠥᠰᠥᠯ᠂ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠵᠢᠴᠢ ᠵᠠᠰᠠᠭᠰᠠᠨ ᠦᠷ᠎ᠡ ᠳ᠋ᠦᠩ ᠢ ᠨᠡᠶᠢᠲᠡᠯᠡᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ | ᠰᠠᠶᠢᠬᠠᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃ ᠰᠠᠨᠠᠯ ᠤᠨ ᠬᠠᠷᠢᠭᠤ ᠲᠤᠰᠬᠠᠬᠤ ᠠᠷᠭ᠎ᠠ | ᠵᠠᠮ ᠢ ᠰᠢᠯᠤᠭᠤᠳᠬᠠᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠣᠯᠣᠨ ᠵᠠᠬᠢᠳᠠᠯ ᠤᠨ ᠬᠠᠶᠢᠷᠴᠠᠭ ᠢ | ᠭᠠᠷᠭᠠᠵᠤ ᠨᠡᠶᠢᠲᠡᠯᠡᠨ᠎ᠡ᠃ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠬᠦ᠂ ᠴᠠᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠵᠤ | ᠬᠠᠷᠢᠭᠤ ᠲᠤᠰᠬᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠭᠡᠨᠡᠳᠲᠡ ᠶᠢᠨ ᠬᠡᠷᠡᠭ ᠢ ᠲᠣᠬᠢᠷᠠᠮᠵᠢᠲᠠᠢ | ᠰᠢᠢᠳᠪᠦᠷᠢᠯᠡᠨ᠂ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠨ᠎ᠠ᠃ ᠵᠠᠰᠠᠬᠤ ᠠᠵᠢᠯ ᠳᠤ ᠢᠯᠡᠷᠡᠭᠦᠯᠦᠭᠰᠡᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠡᠬᠢ ᠪᠠᠶᠠᠯᠢᠭ ᠢ ᠬᠦᠨᠳᠦ ᠨᠣᠴᠢᠲᠠᠢ ᠠᠯᠳᠠᠭᠳᠠᠭᠤᠯᠵᠤ ᠪᠠᠶᠢᠭ᠎ᠠ ᠵᠡᠷᠭᠡ | ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠪᠠ ᠬᠠᠤᠯᠢ ᠪᠣᠯᠣᠨ ᠰᠠᠬᠢᠯᠭ᠎ᠠ | ᠵᠥᠷᠢᠴᠡᠭᠰᠡᠨ ᠬᠡᠷᠡᠭ ᠠᠴᠠ ᠬᠠᠤᠯᠢ ᠪᠣᠯᠣᠨ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ | ᠭᠠᠵᠠᠷ ᠣᠷᠣᠨ ᠨᠢ ᠵᠠᠰᠠᠬᠤ ᠠᠵᠢᠯ ᠤᠨ ᠠᠷᠭ᠎ᠠ ᠬᠡᠮᠵᠢᠶ᠎ᠡ᠂ ᠰᠠᠨᠠᠯ ᠬᠠᠷᠢᠭᠤ ᠲᠤᠰᠬᠠᠬᠤ ᠠᠷᠭ᠎ᠠ ᠵᠠᠮ ᠵᠢᠴᠢ ᠰᠠᠭᠤᠷᠢ | ᠪᠠᠶᠢᠳᠠᠯ ᠢ ᠨᠢ ᠣᠶᠢᠯᠠᠭᠠᠨ ᠵᠢᠭᠰᠠᠭᠠᠵᠤ ᠪᠠᠶᠢᠴᠠᠭᠠᠭᠰᠠᠨ᠂ ᠴᠡᠭᠴᠡᠯᠡᠵᠦ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠮᠢᠶ᠎ᠠ | ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠠᠭᠤᠭᠠᠯᠢ | ᠲᠣᠭᠤᠷᠢᠭ ᠢᠶᠠᠷ ᠲᠥᠬᠦᠷᠵᠢᠭᠦᠯᠵᠦ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢᠨ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |