| | 8 ᠰᠠᠷ᠎ᠠ ᠶᠢᠨ 18 ᠤ ᠣᠷᠣᠢ᠂ ︽ᠳᠠᠶᠠᠩ ᠳᠤ ᠳᠠᠭᠤᠷᠢᠰᠬᠤ ᠭᠠᠶᠢᠬᠠᠮᠰᠢᠭᠳᠤ ᠮᠤᠩᠭᠤᠯ ᠮᠤᠷᠢ︾ | ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ | ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠴᠤᠭᠯᠠᠭᠠᠨ ᠬᠦᠬᠡᠬᠤᠳᠠ ᠶᠢᠨ | ᠬᠦᠬᠡᠳᠠᠯ᠎ᠠ ᠳᠠᠬᠢ ᠦᠪᠦᠷ ᠮᠤᠩᠭᠤᠯ ᠤᠨ ᠴᠦᠬᠡᠨ ᠳᠤᠭᠠᠳᠤ ᠦᠨᠳᠦᠰᠦᠲᠡᠨ ᠤ ᠤᠯᠠᠨ ᠲᠦᠮᠡᠨᠴᠢ ᠰᠤᠶᠤᠯ | ᠪᠡᠶ᠎ᠡ ᠶᠢᠨ ᠳᠠᠮᠢᠷ ᠤᠨ ᠬᠦᠳᠡᠯᠭᠡᠭᠡᠨ ᠤ ᠲᠦᠪ ᠲᠤ ᠦᠪᠡᠳᠡᠭᠰᠢ ᠶᠡᠭᠡ ᠪᠠᠷ ᠡᠬᠢᠯᠡᠪᠡ᠃ | | | 8 ᠰᠠᠷ᠎ᠠ ᠶᠢᠨ 18 ᠤ ᠦᠳᠡᠰᠢ ᠶᠢᠨ 20 ᠴᠠᠭ ᠲᠤ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ | ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ | ᠤᠨ ᠠᠳᠤᠭᠤᠨ ᠰᠤᠶᠤᠯ ᠤᠨ ᠴᠤᠭᠯᠠᠭᠠᠨ ᠬᠦᠬᠡᠬᠤᠳᠠ ᠶᠢᠨ ᠬᠦᠬᠡᠳᠠᠯ᠎ᠠ ᠳᠠᠬᠢ ᠦᠪᠦᠷ ᠮᠤᠩᠭᠤᠯ ᠤᠨ ᠴᠦᠬᠡᠨ | ᠳᠤᠭᠠᠳᠤ ᠦᠨᠳᠦᠰᠦᠲᠡᠨ ᠤ ᠤᠯᠠᠨ ᠲᠦᠮᠡᠨᠴᠢ ᠰᠤᠶᠤᠯ ᠪᠡᠶ᠎ᠡ ᠶᠢᠨ ᠳᠠᠮᠢᠷ ᠤᠨ ᠬᠦᠳᠡᠯᠭᠡᠭᠡᠨ ᠤ ᠲᠦᠪ ᠲᠤ | ᠦᠪᠡᠳᠡᠭᠰᠢ ᠶᠡᠭᠡ ᠪᠠᠷ ᠡᠬᠢᠯᠡᠪᠡ᠃ | ᠳᠠᠯᠠᠨ ᠬᠠᠷ᠎ᠠ ᠶᠢᠨ ᠡᠩᠬᠡᠷ ᠲᠠᠬᠢ ᠬᠦᠬᠡᠳᠠᠯ᠎ᠠ ᠶᠢᠨ ᠵᠤᠰᠠᠯᠠᠩ ᠳᠤ ᠦᠩᠬᠡ ᠶᠢᠨ ᠳ᠋ᠧᠩ ᠬᠡᠷᠡᠯᠳᠤᠵᠤ᠂ ᠨᠠᠶᠢᠷ | ᠤᠨ ᠳᠠᠯᠠᠪᠠᠢ ᠬᠦᠷ ᠨᠡᠷᠬᠢᠶᠡᠨ ᠢᠶᠠᠷ ᠪᠢᠯᠬᠠᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ | ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ | ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠴᠤᠭᠯᠠᠭᠠᠨ ᠡᠬᠢᠯᠡᠭᠰᠡᠨ ᠢ | ᠵᠠᠷᠯᠠᠪᠠ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠦᠮᠦᠨ ᠠᠮᠠ ᠡᠬᠢ ᠪᠠᠶᠠᠯᠢᠭ ᠤᠷᠴᠢᠨ | ᠲᠤᠭᠤᠷᠢᠨ ᠤ ᠵᠦᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠦᠪᠠᠷᠳᠡᠭᠡᠨ ᠵᠠᠰᠠᠬᠤ ᠤᠷᠤᠨ ᠤ ᠤᠳᠤᠷᠢᠳᠤᠯᠭ᠎ᠠ | ᠸᠠᠩ ᠯᠢ ᠰᠢᠶᠠ᠂ ᠮᠠ ᠰᠢᠤᠸᠠᠢ ᠵᠢᠶᠦ᠋ᠨ᠂ ᠵᠠᠩ ᠱᠤᠤ ᠴᠦᠨ᠂ ᠦ᠋ ᠲᠤᠸᠠᠨ ᠶᠢᠩ᠂ ᠴᠡᠴᠡᠭ ᠡᠬᠢᠯᠡᠯᠲᠡ ᠶᠢᠨ | ᠶᠤᠰᠤᠯᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ | ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ | ᠨᠡᠶᠢᠬᠡᠮᠯᠢᠭ ᠤᠨ ᠳᠠᠷᠤᠭ᠎ᠠ ᠵᠢᠶᠠ ᠶᠢᠦ ᠯᠢᠩ ᠡᠬᠢᠯᠡᠯᠳᠡ ᠶᠢᠨ ᠶᠤᠰᠤᠯᠠᠯ ᠳᠡᠭᠡᠷ᠎ᠡ ᠪᠠᠶᠠᠷ ᠤᠨ ᠦᠭᠡ ᠶᠠᠷᠢᠵᠤ᠂ | ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠵᠧᠩ ᠬᠤᠩ ᠹᠠᠨ ᠡᠬᠢᠯᠡᠯᠲᠡ ᠶᠢᠨ ᠶᠤᠰᠤᠯᠠᠯ ᠢ ᠡᠷᠬᠢᠯᠡᠪᠡ᠃ | ᠪᠠᠢ ᠢᠤᠢ ᠭᠠᠩ ᠪᠠᠶᠠᠷ ᠤᠨ ᠦᠭᠡ ᠶᠠᠷᠢᠬᠤ ᠳᠠᠭᠠᠨ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ | ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ | ᠤᠨ ᠠᠳᠤᠭᠤᠨ ᠰᠤᠶᠤᠯ ᠤᠨ ᠴᠤᠭᠯᠠᠭᠠᠨ ᠪᠤᠯ ᠦᠪᠦᠷ ᠮᠤᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠶᠠᠷᠦᠩᠬᠡᠢ ᠱᠦᠵᠢ ᠰᠢ ᠶᠢᠨ ᠫᠢᠩ ᠤᠨ ᠬᠠᠯᠠᠭᠤᠨ ᠳᠤᠲᠤᠨᠤ ᠬᠦᠰᠡᠯ ᠨᠠᠶᠢᠲᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠦᠨᠡᠨᠴᠢ ᠰᠡᠳᠬᠢᠯ ᠤᠨ ᠢᠯᠡᠷᠡᠭᠦᠯᠦᠯ ᠪᠠ ᠪᠤᠳᠠᠲᠠᠢ ᠠᠵᠢᠯᠯᠠᠭ᠎ᠠ ᠪᠤᠯᠬᠤ ᠶᠤᠮ᠃ ᠪᠢᠳᠡ | ᠶᠠᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠲᠠᠯᠭ᠎ᠠ ᠶᠢ ᠪᠠᠲᠤ ᠴᠡᠭᠡᠵᠢᠯᠡᠵᠦ᠂ ︽ᠬᠦᠴᠢᠷ ᠠᠴᠠ ᠠᠶᠤᠬᠤ | ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠤᠷᠢᠭᠰᠠᠨ ᠳᠠᠭᠠᠨ ᠵᠠᠪᠠᠯ ᠬᠦᠷᠬᠦ︾ ᠮᠤᠩᠭᠤᠯ ᠮᠤᠷᠢᠨ ᠤ ᠵᠤᠷᠢᠭ | ᠰᠠᠨᠠᠭ᠎ᠠ ᠶᠢ ᠪᠠᠳᠠᠷᠠᠭᠤᠯᠤᠨ᠂ ᠡᠷᠡᠮᠡᠭᠡᠶᠢᠯᠡᠨ ᠲᠡᠮᠡᠴᠡᠵᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠡᠭᠡ | ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠮᠵᠢ ᠶᠢᠨ ᠱᠤᠭᠤᠮ ᠢ ᠨᠡᠩ ᠦᠵᠡᠰᠭᠦᠯᠡᠩᠲᠦ ᠰᠠᠶᠢᠬᠠᠨ ᠪᠤᠯᠭᠠᠨ | ᠪᠦᠲᠦᠭᠡᠨ ᠪᠠᠶᠢᠭᠤᠯᠵᠤ᠂ ᠰᠢᠯᠢᠳᠡᠭ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠵᠡᠭᠡᠶᠡ ᠭᠡᠵᠡᠢ᠃ | 20 ᠴᠠᠭ 20 ᠮᠢᠨᠦ᠋ᠲ ᠠᠴᠠ ᠤᠷᠠᠨ ᠰᠠᠶᠢᠬᠠᠨ ᠤ ᠲᠤᠭᠯᠠᠯᠲᠠ ᠡᠬᠢᠯᠡᠯ᠎ᠡ᠃ ᠳᠠᠭᠤᠤ ᠬᠦᠭᠵᠢᠮ᠂ ᠪᠦᠵᠢᠭ᠂ | ᠮᠤᠷᠢᠨ ᠮᠡᠷᠭᠡᠵᠢᠯ ᠵᠡᠷᠭᠡ ᠤᠷᠠᠯᠢᠭ ᠤᠨ ᠬᠡᠯᠪᠡᠷᠢ ᠶᠢ ᠠᠰᠢᠬᠯᠠᠨ ᠵᠢᠯᠤᠭᠤᠴᠢ ᠦᠭᠡᠢ ᠨᠢᠰᠭᠡᠯ᠂ ᠰᠤᠯᠤᠩᠭᠠᠨ ᠳ᠋ᠧᠩ᠂ | ᠰᠢᠨ᠎ᠡ ᠮᠡᠷᠭᠡᠵᠢᠯ ᠤᠨ ᠠᠷᠭ᠎ᠠ ᠬᠡᠯᠪᠡᠷᠢ ᠳᠤ ᠳᠦᠰᠢᠭᠯᠡᠵᠤ᠂ ᠳᠠᠯ᠎ᠠ ᠨᠤᠳᠤᠭ ᠤᠨ ᠰᠢᠯᠦᠭᠯᠢᠭ ᠤᠷᠴᠢᠨ ᠭᠤᠶᠢᠲᠠ | ᠦᠵᠡᠮᠵᠢ ᠦᠵᠡᠭᠴᠢ ᠤᠯᠠᠨ ᠤ ᠬᠠᠷᠠᠭ᠎ᠠ ᠰᠤᠨᠤᠷ ᠢ ᠮᠢᠯᠢᠶᠠᠨ᠎ᠠ᠃ ︽ᠴᠡᠯᠡᠭᠡᠷ ᠳᠡᠯ᠎ᠠ ᠶᠢᠨ ᠳᠠᠭᠤᠯᠠᠯ︾᠂ | ︽ᠦᠵᠡᠰᠭᠦᠯᠡᠩᠳᠤ ᠰᠠᠶᠢᠬᠠᠨ ᠮᠢᠨᠦ ᠨᠤᠳᠤᠭ︾ ᠤᠨ ᠤᠶᠠᠩᠭ᠎ᠠ ᠶᠢᠨ ᠳᠤᠮᠳᠠ ᠳᠤᠭᠯᠠᠯᠳᠠ ᠡᠬᠢᠯᠡᠵᠤ᠂ ︽ᠦᠨᠢ | ᠮᠦᠩᠬᠡ ᠶᠢᠨ ᠮᠤᠩᠭᠤᠯ ᠮᠤᠷᠢ︾᠂ ᠠᠨᠳᠠ ᠬᠠᠮᠳᠤᠯᠢᠭ ᠤᠨ ︽ᠬᠡᠶᠢᠮᠦᠷᠢ︾᠂ ᠠᠨᠳᠠ ᠬᠠᠮᠳᠤᠯᠢᠭ ᠬᠢᠬᠡᠳ ᠵᠠᠯᠮ᠎ᠠ | ᠬᠠᠷ᠎ᠠ ᠬᠠᠮᠳᠤᠯᠢᠭ ᠤᠨ ᠬᠠᠮᠳᠤᠷᠠᠨ ᠲᠤᠭᠯᠠᠭᠰᠠᠨ ︽ᠮᠤᠩᠭᠤᠯ ᠮᠤᠷᠢ︾ ᠨᠢ ᠦᠵᠡᠭᠴᠢ ᠤᠯᠠᠨ ᠤ ᠪᠠᠭ᠋ᠠᠷᠬᠠᠯ ᠢ | ᠳᠠᠳᠠᠵᠤ ᠤᠤᠬᠠᠢᠢᠯᠠᠯ ᠢ ᠬᠦᠷᠳᠡᠵᠤ ᠪᠠᠶᠢᠯ᠎ᠠ᠃ ᠬᠦᠯᠦᠨ ᠪᠤᠶᠢᠷ ᠤᠨ ︽ᠳᠠᠪᠤᠨ ᠳᠠᠩᠰᠤᠭ︾ ᠬᠡᠦᠬᠡᠳ ᠤᠨ ᠨᠠᠶᠢᠷᠠᠯ | ᠳᠠᠭᠤᠤ ᠶᠢᠨ ᠪᠦᠯᠬᠦᠮ ᠤᠨ ᠬᠢᠨ ︽ᠪᠢ ᠡᠭᠡ ᠤᠯᠤᠰ ᠲᠠᠢ ᠪᠠᠨ︾ ᠬᠡᠬᠦ ᠳᠠᠭᠤᠤ ᠶᠢ ᠡᠬᠢᠯᠡᠨ ᠠᠶᠠᠯᠠᠭᠤᠯᠬᠤ ᠳᠤ | 56 ᠦᠨᠳᠦᠰᠦᠲᠡᠨ ᠤ ᠤᠨᠴᠠᠯᠢᠭ ᠢᠶᠠᠷ ᠬᠤᠪᠴᠠᠰᠤᠯᠠᠭᠰᠠᠨ ᠳᠤᠭᠯᠠᠭᠴᠢᠳ ᠪᠦᠬᠦ ᠳᠠᠯᠠᠪᠠᠢ ᠶᠢᠨ ᠦᠵᠡᠭᠴᠢᠳ ᠲᠠᠢ | ᠬᠠᠮᠳᠤ ᠪᠠᠷ ᠳᠠᠯᠠᠪᠠᠢ ᠶᠢ ᠲᠤᠷᠬᠢᠳᠠᠯᠠ ᠬᠠᠩᠬᠢᠨᠠᠭᠤᠯᠤᠨ᠎ᠠ᠃ ᠳᠡᠯᠡᠭᠡᠢ ᠶᠢᠨ ᠮᠤᠷᠢᠨ ᠬᠤᠭᠤᠷ ᠤᠨ ᠳᠠᠷᠬᠠᠨ ᠴᠢ · | ᠪᠤᠯᠠᠭ 1000 ᠭᠠᠷᠤᠢ ᠱᠠᠪᠢ ᠨᠠᠷ ᠲᠠᠢ ᠪᠠᠨ ︽ᠲᠦᠮᠡᠨ ᠠᠭᠳᠠ ᠶᠢᠨ ᠲᠦᠪᠡᠷᠭᠡᠨ︾ ᠢ ᠬᠤᠭᠤᠷᠳᠠᠵᠤ | ᠡᠬᠢᠯᠡᠯᠳᠡ ᠶᠢᠨ ᠶᠤᠰᠤᠯᠠᠯ ᠢ ᠤᠷᠬᠢᠯ ᠳᠤᠨᠢ ᠬᠦᠷᠬᠡᠭᠰᠡᠨ ᠪᠠᠶᠢᠨ᠎ᠠ᠃ | ᠤᠢᠢᠯᠠᠭᠠᠭᠰᠠᠨ ᠢᠶᠠᠷ᠂ ᠠᠳᠤᠭᠤᠨ ᠰᠤᠶᠤᠯ ᠤᠨ ᠴᠤᠭᠯᠠᠭᠠᠨ ᠤ ᠲᠦᠪᠯᠡᠷᠡᠩᠭᠦᠢ ᠬᠤᠭᠤᠴᠠᠭᠠᠨ ᠳᠤ 8 ᠶᠡᠭᠡ | ᠲᠦᠷᠦᠯ ᠤᠨ 41 ᠵᠦᠢᠯ ᠤᠨ ᠠᠵᠢᠯᠯᠠᠭ᠎ᠠ ᠶᠠᠪᠤᠭᠳᠠᠬᠤ ᠪᠤᠯᠤᠨ᠎ᠠ᠃ |