︽ᠤᠭ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠤᠪᠳᠤ ᠬᠦᠮᠦᠵᠢᠯ ᠢ ᠦᠷᠨᠢᠬᠦᠯᠦᠭᠰᠡᠨ ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ | ᠤ ᠠᠯᠪᠠᠨ ᠲᠢᠩᠬᠢᠮ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠳᠠ᠂ ᠪᠠᠶᠢᠴᠠᠭᠠᠨ ᠦᠵᠡᠬᠦ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠲᠡᠷᠡᠴᠢᠯᠠᠨ ᠭᠤᠤᠯ ᠰᠡᠳᠤᠪᠳᠤ | ᠬᠦᠮᠦᠵᠢᠯ ᠤᠨ ᠦᠷ᠎ᠠ ᠪᠦᠳᠤᠮᠵᠢ ᠪᠠᠨ ᠮᠡᠳᠡᠬᠦᠯᠤᠯᠳᠠ ᠪᠤᠯᠭᠠᠵᠤ᠂ ᠭᠤᠤᠯ ᠰᠡᠳᠤᠪᠳᠤ ᠬᠦᠮᠦᠵᠢᠯ ᠤᠨ ᠨᠠᠮ ᠤᠨ | ᠬᠢᠴᠢᠶᠠᠯ ᠤᠷᠤᠭᠤᠯᠪᠠ᠃ | ᠤᠶᠢᠯᠠᠭᠠᠭᠰᠠᠨ ᠢᠶᠠᠷ᠂ ᠤᠳᠤ ᠪᠤᠯᠳᠠᠯ᠎ᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ | ᠲᠢᠩᠬᠢᠮ ᠤᠨ ᠲᠢᠩᠬᠢᠮ ᠤᠨ ᠲᠡᠰ ᠤᠨ 16 ᠤᠳᠤᠷᠢᠳᠤᠯᠭ᠎ᠠ ᠨᠠᠮ ᠤᠨ ᠬᠢᠴᠢᠶᠠᠯ ᠤᠷᠤᠵᠤ᠂ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ᠂ ᠵᠠᠰᠠᠭ ᠤᠨ ᠤᠷᠳᠤᠨ ᠤ ᠠᠯᠪᠠᠨ ᠲᠢᠩᠬᠢᠮ ᠤᠨ | ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠤᠤ ᠵᠧᠨ ᠢᠤᠢ ᠪᠠ ᠦᠪᠡᠷᠳᠡᠭᠡᠨ ᠵᠠᠰᠠᠬᠤ ᠤᠷᠤᠨ ᠤ ᠵᠠᠰᠠᠭ | ᠤᠨ ᠤᠷᠳᠤᠨ ᠤ ᠲᠠᠳ᠋ ᠨᠠᠷᠢᠨ ᠪᠢᠴᠢᠭ ᠤᠨ ᠲᠠᠷᠤᠭ᠎ᠠ᠂ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠷᠬᠢᠯᠡᠭᠴᠢ | ᠭᠤᠤ ᠷᠦᠨ ᠰᠢ ᠲᠤᠰ ᠲᠤᠰ ︽ᠡᠬᠦᠷᠭᠡ ᠬᠠᠷᠢᠭᠤᠴᠠᠯᠭ᠎ᠠ ᠪᠠᠨ ᠵᠤᠷᠢᠬᠳᠠᠢ ᠪᠠᠷ ᠡᠬᠦᠷᠭᠡᠯᠡᠬᠦ ᠶᠢ ᠦᠨᠡᠨ ᠬᠦ | ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠭᠡᠷᠡᠴᠢᠯᠡᠯᠳᠠ ᠶᠢ ᠬᠦᠨᠵᠡᠭᠡᠶᠢᠷᠡᠬᠦᠯᠤᠨ᠂ ᠰᠢᠨ᠎ᠠ | ᠴᠠᠭ ᠦᠶ᠎ᠠ ᠶᠢᠨ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ ᠶᠢ | ᠠᠬᠢᠭᠤᠯᠤᠶ᠎ᠠ︾ ᠪᠠ ︽ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠢᠯᠢᠳᠡᠭ ᠭᠡᠪ ᠰᠤᠷᠳᠠᠯ | ᠢ ᠪᠠᠳᠠᠷᠠᠭᠤᠯᠤᠨ᠂ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠰᠢᠰᠲ᠋ᠧᠮ ᠤᠨ ᠡᠯ᠎ᠠ ᠵᠦᠢᠯ ᠤᠨ ᠦᠢᠯᠡᠰ ᠤᠨ | ᠰᠢᠨ᠎ᠠ ᠡᠬᠦᠳᠤᠯᠳᠠ ᠬᠦᠭᠵᠢᠯᠳᠠ ᠶᠢ ᠲᠠᠰᠤᠷᠠᠯᠳᠠ ᠦᠭᠡᠢ ᠠᠬᠢᠭᠤᠯᠤᠶ᠎ᠠ︾ ᠭᠡᠬᠦ ᠭᠤᠤᠯ ᠰᠡᠳᠤᠪ ᠢᠶᠠᠷ ᠠᠯᠪᠠᠨ | ᠲᠢᠩᠬᠢᠮ ᠤᠨ ᠰᠢᠰᠲ᠋ᠧᠮ ᠤᠨ ᠨᠠᠮ ᠤᠨ ᠭᠡᠰᠢᠬᠦᠨ ᠺᠠᠳ᠋ᠷᠴᠤᠳ ᠲᠤ ᠭᠤᠤᠯ ᠰᠡᠳᠤᠪᠳᠤ ᠬᠦᠮᠦᠵᠢᠯ ᠤᠨ ᠨᠠᠮ ᠤᠨ | ᠬᠢᠴᠢᠶᠠᠯ ᠤᠷᠤᠭᠰᠠᠨ ᠪᠠᠶᠢᠨ᠎ᠠ᠃ |