ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠰᠢᠨ᠎ᠡ ᠳᠠᠪᠠᠯᠲᠠ— ︽ᠮᠣᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ︾᠎ ᠤᠨ ᠰᠢᠨ᠎ᠡ ᠪᠦᠲᠦᠬᠡᠭᠳᠡᠬᠦᠨ ᠮᠡᠨᠳᠦᠯᠡᠯ᠎ᠡ
ᠨᠡᠶᠢᠲᠡᠯᠡᠭᠰᠡᠨ ᠴᠠᠭ᠄
2019/8/19
     8 ᠰᠠᠷ᠎ᠠ ᠶᠢᠨ 16᠎ ᠤ ᠦᠳᠡ ᠬᠤᠶᠢᠨ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠤ ︽ᠮᠣᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ︾᠎ ᠤᠨ ᠰᠢᠨ᠎ᠡ ᠪᠦᠲᠦᠬᠡᠭᠳᠡᠬᠦᠨ ᠤ ᠲᠠᠷᠬᠠᠭᠠᠯᠲᠠ ᠶᠢᠨ ᠶᠣᠰᠣᠯᠠᠯ ᠵᠢᠴᠢ ᠰᠣᠳᠣᠯᠣᠨ ᠶᠠᠷᠢᠯᠴᠠᠬᠤ ᠬᠤᠷᠠᠯ ᠬᠤᠷᠠᠯᠳᠤᠵᠤ᠂ ᠮᠣᠩᠭᠤᠯ ᠪᠢᠴᠢᠭ ᠤᠨ ᠴᠤᠯᠤ ᠲᠧᠺᠰᠲ ᠬᠠᠷᠭᠤᠭᠤᠯᠭ᠎ᠠ ᠶᠢᠨ ᠰᠢᠰᠲ᠋ᠧᠮ 6.0 ᠪᠠᠷᠯᠠᠯ ︵Mongolian Editor For Plain Text 6.0︶ ᠪᠠ PDF ᠬᠠᠷᠭᠤᠭᠤᠯᠭ᠎ᠠ ᠶᠢᠨ ᠰᠢᠰᠲ᠋ᠧᠮ 1.2 ᠪᠠᠷᠯᠠᠯ ︵Mongolian Editor For PDF 1.2︶᠎ ᠤᠨ ᠬᠤᠶᠠᠷ ᠰᠢᠨ᠎ᠡ ᠪᠦᠲᠦᠬᠡᠭᠳᠡᠬᠦᠨ ᠢ ᠵᠢᠩᠬᠢᠨᠢ ᠪᠠᠷ ᠲᠠᠷᠬᠠᠭᠠᠵᠠᠢ᠃ ᠡᠨᠡ ᠨᠢ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠴᠢᠯᠠᠯᠲᠠ᠂ ᠮᠣᠩᠭᠤᠯ ᠬᠡᠯᠡᠨ ᠤ ᠡᠬᠢ ᠪᠠᠶᠠᠯᠢᠭ ᠤᠨ ᠲᠣᠭᠠᠴᠠᠯᠲᠠ ᠪᠠ ᠢᠨᠲ᠋ᠧᠷᠴᠢᠯᠠᠯᠲᠠ ᠶᠢ ᠠᠬᠢᠭᠤᠯᠬᠤ ᠮᠦᠷᠲᠡᠭᠡᠨ ᠰᠣᠨᠢᠨ ᠮᠡᠳᠡᠭᠡ ᠬᠡᠪᠯᠡᠯ ᠤᠨ ᠬᠢᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠢᠴᠢ ᠵᠠᠯᠠᠭᠤ ᠪᠠᠭᠠᠴᠤᠳ ᠤᠨ ᠮᠣᠩᠭᠤᠯ ᠦᠭᠡ ᠬᠡᠯᠡ ᠦᠰᠦᠭ ᠪᠢᠴᠢᠭ ᠢᠶᠠᠨ ᠵᠥᠪ ᠡᠵᠡᠮᠰᠢᠬᠦ ᠳᠤ ᠶᠡᠬᠡᠬᠡᠨ ᠲᠤᠰᠠ ᠳᠡᠮᠵᠢᠯᠭᠡ ᠪᠣᠯᠣᠨ᠎ᠠ ᠭᠡᠵᠦ ᠡᠷᠳᠡᠮᠲᠡᠳ ᠦᠵᠡᠵᠡᠭᠡᠵᠡᠢ᠃      ᠲᠤᠰ ᠬᠠᠷᠭᠤᠭᠤᠯᠭ᠎ᠠ ᠶᠢᠨ ᠰᠢᠰᠲ᠋ᠧᠮ ᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠣᠳᠣᠯᠣᠯ ᠤᠨ ᠳᠡᠭᠡᠳᠦ ᠰᠤᠷᠭᠠᠭᠤᠯᠢ ᠶᠢᠨ ᠰ᠊ · ᠯᠣᠭᠯᠣ ᠫᠷᠣᠹᠧᠰᠰᠣᠷ ᠤᠨ ᠳᠠᠭᠠᠭᠤᠯᠤᠭᠰᠠᠨ ᠰᠢᠨᠵᠢᠯᠡᠭᠡᠨ ᠤ ᠳᠤᠭᠤᠶᠢᠯᠠᠩ ᠤᠨ ᠬᠢᠨ 2006 ᠣᠨ ᠠᠴᠠ ᠡᠬᠢᠯᠡᠵᠦ ᠮᠣᠩᠭᠤᠯ ᠪᠢᠴᠢᠭ ᠤᠨ ᠠᠳᠠᠯᠢ ᠪᠣᠰᠤ ᠬᠡᠷᠡᠭᠯᠡᠭᠡᠨ ᠤ ᠱᠠᠭᠠᠷᠳᠠᠯᠭ᠎ᠠ ᠳᠤ ᠵᠣᠬᠢᠴᠠᠭᠤᠯᠤᠨ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠠᠶᠢᠵᠢᠷᠠᠭᠤᠯᠵᠤ ᠪᠠᠶᠢᠭᠠᠳ ᠦᠢᠯᠡᠳᠦᠨ ᠪᠦᠲᠦᠭᠡᠭᠰᠡᠨ ᠶᠤᠮ᠃ ᠲᠡᠳᠡ ᠮᠣᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ ᠤᠨ ᠣᠨᠣᠪᠴᠢ ᠶᠢᠨ ᠬᠡᠮᠵᠢᠶ᠎ᠡ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠳᠠᠭᠠᠤ ᠳᠤ ᠪᠦᠲᠦᠬᠡᠭᠳᠡᠬᠦᠨ ᠤ ᠴᠢᠳᠠᠮᠵᠢ ᠪᠠᠨ ᠪᠦᠷᠢᠨᠰᠢᠭᠦᠯᠵᠦ ᠣᠳᠤ ᠪᠣᠯᠬᠤ ᠳᠤ᠂ ᠬᠠᠷᠭᠤᠭᠤᠯᠬᠤ ᠴᠢᠳᠠᠮᠵᠢ᠂ ᠨᠠᠶᠢᠷᠠᠭᠤᠯᠬᠤ ᠴᠢᠳᠠᠮᠵᠢ᠂ ᠺᠣᠳ᠋ ᠬᠦᠷᠪᠡᠭᠦᠯᠬᠦ ᠴᠢᠳᠠᠮᠵᠢ᠂ ᠯᠠᠲ᠋ᠢᠨ ᠭᠠᠯᠢᠭ ᠢᠶᠠᠷ ᠪᠠᠭᠤᠯᠭᠠᠬᠤ ᠴᠢᠳᠠᠮᠵᠢ᠂ ᠦᠭᠡᠰ ᠤᠨ ᠵᠢᠭᠰᠠᠭᠠᠯᠲᠠ ᠬᠢᠬᠦ ᠴᠢᠳᠠᠮᠵᠢ᠂ ᠦᠶ᠎ᠡ ᠪᠠᠷ ᠰᠠᠯᠭᠠᠬᠤ ᠴᠢᠳᠠᠮᠵᠢ᠂ ᠦᠰᠦᠭ ᠪᠢᠴᠢᠭ ᠢ ᠪᠦᠷᠢᠳᠬᠡᠬᠦ ᠴᠢᠳᠠᠮᠵᠢ ᠵᠡᠷᠭᠡ ᠮᠣᠩᠭᠤᠯ ᠪᠢᠴᠢᠭ ᠤᠨ ᠮᠡᠳᠡᠭᠡ ᠵᠠᠩᠬᠢ ᠶᠢᠨ ᠰᠢᠢᠳᠪᠦᠷᠢᠯᠡᠯᠲᠡ ᠶᠢᠨ ᠣᠯᠠᠨ ᠲᠠᠯ᠎ᠠ ᠶᠢᠨ ᠴᠢᠳᠠᠮᠵᠢ ᠶᠢ ᠪᠦᠷᠢᠲᠦᠭᠦᠯᠦᠭᠰᠡᠨ ᠬᠡᠷᠡᠭᠯᠡᠭᠡᠨ ᠤ ᠰᠣᠹᠲ ᠪᠣᠯᠣᠭᠰᠠᠨ ᠪᠠᠶᠢᠨ᠎ᠠ᠃      ᠲᠤᠰ ᠰᠢᠰᠲ᠋ᠧᠮ ᠨᠢ ᠣᠳᠣᠬᠠᠨ ᠤ ᠬᠡᠷᠡᠭᠯᠡᠵᠦ ᠪᠠᠶᠢᠭ᠎ᠠ ᠮᠣᠩᠭᠤᠯ ᠪᠢᠴᠢᠭ ᠤᠨ ᠬᠡᠳᠦᠨ ᠵᠦᠢᠯ ᠤᠨ ᠺᠣᠳ᠋ ᠤᠨ ᠰᠢᠰᠲ᠋ᠧᠮ ᠳᠤ ᠴᠦᠮ ᠵᠣᠬᠢᠴᠠᠬᠤ ᠮᠦᠷᠲᠡᠭᠡᠨ ᠴᠣᠯᠣ ᠲᠧᠺᠰᠲ ᠮᠠᠲ᠋ᠧᠷᠢᠶᠠᠯ ︵*.txt︶᠂ Microsoft Word ᠮᠠᠲ᠋ᠧᠷᠢᠶᠠᠯ ︵Word XML︶᠂ ᠹᠠᠩ ᠵᠧᠩ ᠪᠠᠷᠯᠠᠯ ᠤᠨ ᠰᠢᠰᠲ᠋ᠧᠮ ᠤᠨ ᠵᠠᠳᠠᠭᠠᠢ ᠮᠠᠲ᠋ᠧᠷᠢᠶᠠᠯ ︵*.mbd︶᠂PDF ᠮᠠᠲ᠋ᠧᠷᠢᠶᠠᠯ᠂ PS ᠮᠠᠲ᠋ᠧᠷᠢᠶᠠᠯ᠂ XPS ᠮᠠᠲ᠋ᠧᠷᠢᠶᠠᠯ ᠢ ᠪᠦᠷ ᠰᠢᠢᠳᠪᠦᠷᠢᠯᠡᠵᠦ ᠴᠢᠳᠠᠬᠤ ᠪᠣᠯᠬᠤᠷ ᠨᠣᠮ ᠪᠢᠴᠢᠭ᠂ ᠰᠣᠨᠢᠨ ᠰᠡᠳᠭᠦᠯ᠂ ᠠᠯᠪᠠᠨ ᠪᠢᠴᠢᠭ᠂ ᠦᠭᠦᠯᠡᠯ ᠵᠣᠬᠢᠶᠠᠯ ᠤᠨ ᠬᠠᠷᠭᠤᠭᠤᠯᠭ᠎ᠠ ᠳᠤ ᠴᠦᠮ ᠲᠣᠬᠢᠷᠠᠳᠠᠭ᠃ ᠳᠠᠭᠤᠳᠠᠯᠭ᠎ᠠ ᠶᠢᠨ ᠠᠯᠳᠠᠭ᠎ᠠ ᠶᠢ ᠠᠦ᠋ᠲ᠋ᠦ᠋ᠴᠢᠯᠠᠨ ᠵᠠᠯᠠᠷᠠᠭᠤᠯᠬᠤ᠂ ᠲᠠᠰᠢᠶ᠎ᠠ ᠪᠢᠴᠢᠯᠭᠡ ᠶᠢ ᠪᠠᠶᠢᠴᠠᠭᠠᠬᠤ ᠪᠠ ᠺᠣᠳ᠋ ᠬᠦᠷᠪᠡᠭᠦᠯᠬᠦ ᠣᠨᠣᠪᠴᠢ ᠶᠢᠨ ᠬᠡᠮᠵᠢᠶ᠎ᠡ ᠨᠢ ᠲᠤᠰ ᠲᠤᠰ 98%᠂ 90% ᠪᠠ 99%᠎ ᠠᠴᠠ ᠳᠡᠭᠡᠭᠰᠢ ᠪᠣᠯᠵᠠᠢ᠃      ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠥᠪᠥᠷ ᠮᠣᠩᠭᠤᠯ ᠤᠨ ᠮᠣᠩᠭᠤᠯ ᠬᠡᠯᠡ ᠪᠢᠴᠢᠭ ᠤᠨ ᠰᠤᠷᠠᠭ ᠵᠠᠩᠬᠢᠴᠢᠯᠠᠯᠲᠠ ᠶᠢᠨ ᠰᠢᠨᠵᠢᠯᠡᠭᠡᠨ ᠤ ᠨᠡᠶᠢᠭᠡᠮᠯᠢᠭ ᠬᠠᠮᠲᠤᠷᠠᠨ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃ ᠲᠠᠷᠬᠠᠭᠠᠯᠲᠠ ᠶᠢᠨ ᠶᠣᠰᠣᠯᠠᠯ ᠳᠡᠭᠡᠷ᠎ᠡ᠂ ᠰᠢᠨᠵᠢᠯᠡᠭᠡᠨ ᠤ ᠳᠤᠭᠤᠶᠢᠯᠠᠩ ᠤᠨ ᠬᠢᠨ ᠤᠯᠠᠭᠠᠨᠬᠠᠳᠠ ᠬᠤᠲᠠ᠂ ᠲᠥᠩᠯᠢᠶᠣᠣ ᠬᠤᠲᠠ ᠪᠠ ᠬᠢᠩᠭᠠᠨ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠳᠤ ᠲᠤᠰ ᠲᠤᠰ 150 ᠢᠵᠢ᠂ 100 ᠢᠵᠢ᠂ 100 ᠢᠵᠢ ︽ᠮᠣᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ︾᠎ ᠢᠶᠠᠨ ᠬᠠᠨᠳᠢᠪᠯᠠᠨ ᠪᠡᠯᠡᠭᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号