ᠪᠦ᠋ ᠰᠢᠶᠤᠤ ᠯᠢᠨ ᠬᠦᠯᠤᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠳᠠᠶᠢᠯᠠᠯᠳᠣᠭᠠᠨ ᠢ ᠭᠤᠣᠯ ᠰᠡᠳᠣᠪᠳᠣ ᠬᠦᠮᠦᠵᠢᠯ ᠤᠨ ᠴᠢᠬᠤᠯᠠ ᠠᠴᠢᠶᠠᠯᠠᠪᠣᠷᠢ ᠪᠣᠯᠭᠠᠬᠤ ᠬᠡᠷᠡᠭᠳᠡᠢ
ᠨᠡᠶᠢᠲᠡᠯᠡᠭᠰᠡᠨ ᠴᠠᠭ᠄
2019/8/2
       ᠤᠳᠤᠬᠠᠨ ᠳᠤ ᠦᠷᠨᠢᠬᠦᠯᠵᠤ ᠪᠠᠶᠢᠭ᠎ᠠ ︽ᠤᠬ ᠰᠠᠨᠠᠭ᠎ᠠ ᠪᠠᠨ ᠦᠯᠤ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠤᠵᠢᠯ ᠲᠠᠢ ᠤᠶᠠᠯᠳᠤᠭᠤᠯᠵᠤ᠂ 7 ᠰᠠᠷ᠎ᠠ ᠶᠢᠨ 31᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠯᠤᠨ ᠪᠤᠶᠢᠷ ᠬᠤᠳᠠ ᠳᠤ ᠬᠦᠨᠵᠡᠬᠡᠶᠢᠷᠡᠵᠤ᠂ ᠶᠠᠷᠤᠩᠬᠡᠢ ᠱᠦᠵᠢ ᠰᠢ ᠶᠢᠨ ᠫᠢᠩ ᠎ ᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠠᠶᠢᠭ᠎ᠠ ᠪᠠᠶᠢᠲᠠᠯ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠴᠠᠭᠠᠨ ᠢᠳᠡᠬᠡᠨ ᠤ ᠤᠢᠢᠯᠡᠰ ᠢ ᠬᠦᠭᠵᠢᠬᠦᠯᠤᠨ ᠮᠠᠨᠳᠤᠭᠤᠯᠬᠤ ᠪᠠ ᠬᠢᠯᠢ ᠶᠢᠨ ᠪᠤᠭᠤᠮᠳᠠ ᠶᠢᠨ ᠬᠦᠭᠵᠢᠯᠳᠠ ᠶᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠵᠠᠢ᠃      ᠰᠢᠨ᠎ᠠ ᠪᠠᠷᠭᠤ ᠵᠡᠬᠦᠨ ᠬᠤᠰᠢᠭᠤᠨ ᠤ ᠪᠠᠶᠠᠨ ᠪᠦᠷᠢᠳᠤ ᠭᠠᠴᠠᠭ᠎ᠠ ᠳᠤ᠂ ᠪᠦ᠋ ᠰᠢᠶᠤᠤ ᠯᠢᠨ ᠶᠠᠳᠠᠭᠤ ᠠᠴᠠ ᠠᠩᠬᠢᠵᠢᠷᠠᠬᠰᠠᠨ ᠡᠷᠤᠬᠡ ᠪᠠᠳᠠᠨᠢᠴᠤᠬᠳᠤ ᠶᠢᠨ ᠭᠡᠷ ᠲᠤ᠂ ᠲᠡᠳᠡᠨ ᠤ ᠬᠡᠷ ᠤᠨ ᠠᠵᠤ ᠤᠢᠢᠯᠡᠰ ᠤᠨ ᠬᠦᠭᠵᠢᠯᠳᠠ᠂ ᠤᠰᠤ ᠴᠠᠬᠢᠯᠭᠠᠨ ᠨᠡᠪᠳᠡᠷᠡᠭᠰᠡᠨ ᠡᠰᠡᠬᠦ ᠪᠠ ᠬᠡᠤᠬᠡᠳ ᠤᠨ ᠬᠢᠨᠢ ᠰᠤᠷᠭᠠᠭᠤᠯᠢ ᠳᠤ ᠤᠷᠤᠬᠰᠠᠨ ᠡᠰᠡᠬᠦ ᠵᠡᠷᠬᠡ ᠪᠠᠶᠢᠳᠠᠯ ᠎ ᠢ ᠤᠢᠢᠯᠠᠭᠠᠵᠤ᠂ ᠲᠡᠳᠡᠨ ᠢ ᠶᠠᠳᠠᠭᠤ ᠠᠴᠠ ᠠᠩᠬᠢᠵᠢᠷᠠᠬᠰᠠᠨ ᠦᠷ᠎ᠠ ᠪᠦᠳᠤᠮᠵᠢ ᠪᠠᠨ ᠪᠠᠳᠤᠳᠬᠠᠵᠤ᠂ ᠨᠡᠩ ᠪᠠᠶᠠᠨ ᠴᠢᠨᠡᠭᠡᠯᠢᠭ ᠠᠮᠢᠳᠤᠷᠠᠯ ᠲᠠᠢ ᠪᠤᠯᠬᠤ ᠶᠢ ᠵᠤᠷᠢᠬᠵᠢᠭᠤᠯᠪᠠ᠃ ᠪᠦ᠋ ᠰᠢᠶᠤᠤ ᠯᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠨᠢᠬᠡᠴᠢ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠶᠢ ︽ᠤᠬ ᠰᠠᠨᠠᠭ᠎ᠠ ᠪᠠᠨ ᠦᠯᠤ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠤᠵᠢᠯ ᠤᠨ ᠴᠢᠬᠤᠯᠠ ᠠᠴᠢᠶᠠᠯᠠᠪᠤᠷᠢ ᠪᠤᠯᠭᠠᠵᠤ᠂ ᠬᠢᠯᠢ ᠬᠢᠵᠠᠭᠠᠷ ᠤᠷᠤᠨ ᠤ ᠤᠯᠠᠨ ᠲᠦᠮᠡᠨ ᠤ ᠤᠢᠢᠯᠡᠳᠪᠤᠷᠢᠯᠠᠯ ᠠᠮᠢᠳᠤᠷᠠᠯ ᠤᠨ ᠨᠦᠬᠦᠴᠠᠯ ᠢ ᠲᠠᠰᠤᠷᠠᠯᠳᠠ ᠦᠬᠡᠢ ᠰᠠᠶᠢᠵᠢᠷᠠᠭᠤᠯᠬᠤ ᠭᠡᠷᠡᠭᠳᠠᠢ ᠬᠡᠵᠤ ᠱᠠᠭᠠᠷᠳᠠᠪᠠ᠃      ᠠᠩᠭᠢᠯᠤᠮ᠎ᠠ ᠴᠠᠭᠠᠨ ᠢᠳᠡᠭᠡ ᠪᠤᠯᠪᠠᠰᠤᠷᠠᠭᠤᠯᠬᠤ ᠲᠤᠰᠬᠠᠢ ᠬᠤᠷᠰᠢᠶ᠎ᠠ ᠳᠤ᠂ ᠪᠦ᠋ ᠰᠢᠶᠤᠤ ᠯᠢᠨ ᠢᠳᠡᠭᠡᠨ ᠤ ᠦᠢᠯᠡᠳᠪᠦᠷᠢᠯᠡᠯ ᠤᠨ ᠪᠠᠷᠢᠮᠵᠢᠶᠠᠵᠢᠬᠰᠠᠨ ᠪᠦᠳᠦᠭᠡᠨ ᠪᠠᠶᠢᠭᠤᠯᠤᠯᠲᠠ᠂ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠯᠢᠬ ᠤᠢᠢᠯᠠᠭᠠᠵᠤ᠂ ᠬᠤᠷᠰᠢᠶ᠎ᠠ ᠶᠢᠨ ᠬᠢᠨ ᠲᠤᠰ ᠪᠡᠶ᠎ᠡ ᠶᠢᠨ ᠳᠠᠪᠠᠭᠤᠯᠢᠬ ᠢᠶᠠᠨ ᠪᠠᠳᠠᠷᠠᠭᠤᠯᠵᠤ᠂ ᠪᠦᠲᠦᠭᠡᠭᠳᠡᠭᠦᠨ ᠤ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠮᠠᠯᠴᠢᠳ ᠢ ᠳᠠᠶᠢᠴᠢᠯᠠᠨ ᠦᠷᠬᠦᠯᠵᠢᠯᠡᠨ ᠤᠷᠤᠯᠭ᠎ᠠ ᠶᠢ ᠨᠢ ᠨᠡᠮᠡᠭᠳᠡᠭᠦᠯᠬᠦ ᠬᠡᠷᠡᠭᠲᠡᠢ ᠭᠡᠵᠦ ᠵᠤᠷᠢᠬᠵᠢᠭᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠲᠡ ᠶᠢᠨ ᠬᠡᠯᠪᠡᠷᠢ ᠳᠤ ᠰᠢᠨ᠎ᠡ ᠶᠢ ᠡᠭᠦᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠ ᠤᠷᠤᠨ ᠪᠦᠰᠡ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭᠠᠨ ᠢᠳᠡᠭᠡᠨ ᠤ ᠦᠢᠯᠡᠰ ᠤᠨ ᠬᠦᠭᠵᠢᠨ ᠮᠡᠨᠳᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠡᠪᠦᠳᠦᠭ ᠬᠢᠯᠢ ᠶᠢᠨ ᠪᠤᠭᠤᠮᠲᠠ ᠳᠤ᠂ ᠪᠦ᠋ ᠰᠢᠶᠤᠤ ᠯᠢᠨ ᠬᠢᠯᠢ ᠶᠢᠨ ᠪᠤᠭᠤᠮᠲᠠ ᠶᠢᠨ ᠠᠵᠢᠯᠯᠠᠭᠠᠨ ᠤ ᠪᠠᠶᠢᠲᠠᠯ᠂ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠤᠢᠢᠯᠠᠭᠠᠵᠤ᠂ ᠪᠤᠭᠤᠮᠲᠠ ᠶᠢᠨ ᠤᠷᠤᠨ ᠨᠢ ᠭᠠᠳᠠᠭᠠᠳᠤ ᠨᠡᠭᠡᠭᠡᠯᠲᠡ ᠶᠢᠨ ᠴᠢᠬᠤᠯᠠ ᠴᠤᠩᠬᠤ ᠪᠤᠯᠤᠬᠰᠠᠨ ᠤ ᠬᠤᠪᠢ ᠳᠤ᠂ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠬᠦᠴᠦᠯᠡᠨ ᠰᠢᠯᠢᠳᠡᠭᠵᠢᠭᠦᠯᠬᠦ ᠬᠡᠷᠡᠭᠲᠡᠢ ᠪᠦᠭᠡᠳ ᠪᠦᠬᠦ ᠤᠷᠤᠨ ᠳᠤ ᠳᠠᠭᠤᠷᠢᠶᠠᠯ ᠪᠤᠯᠵᠤ᠂ ᠪᠤᠭᠤᠮᠲᠠ ᠶᠢᠨ ᠠᠵᠤ ᠠᠬᠤᠢ ᠶᠢᠨ ᠴᠡᠴᠡᠭᠯᠡᠨ ᠬᠦᠭᠵᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠠᠬᠢ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号