ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠳᠤᠬᠠᠢ ᠦᠪᠡᠷᠲᠡᠭᠡᠨ ᠵᠠᠰᠠᠬᠤ ᠤᠷᠤᠨ ᠤ 2019 ᠣᠨ ᠤ ᠭᠤᠷᠪᠠᠳᠤᠭᠠᠷ ᠤᠳᠠᠭᠠᠨ ᠤ ᠳᠤᠬᠢᠷᠠᠭᠤᠯᠬᠤ ᠬᠤᠷᠠᠯ ᠬᠤᠷᠠᠯᠳᠤᠪᠠ  ᠪᠤᠤ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/8/2
     8 ᠰᠠᠷ᠎ᠠ ᠶᠢᠨ 1᠎ ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠳᠤᠬᠠᠢ ᠦᠪᠡᠷᠲᠡᠭᠡᠨ ᠵᠠᠰᠠᠬᠤ ᠤᠷᠤᠨ ᠤ 2019 ᠣᠨ ᠤ ᠭᠤᠷᠪᠠᠳᠤᠭᠠᠷ ᠤᠳᠠᠭᠠᠨ ᠤ ᠳᠤᠬᠢᠷᠠᠭᠤᠯᠬᠤ ᠬᠤᠷᠠᠯ ᠬᠦᠬᠡᠬᠤᠳᠠ ᠳᠤ ᠬᠤᠷᠠᠯᠳᠤᠵᠤ᠂ ᠳᠡᠭᠡᠷ᠎ᠡ ᠬᠠᠭᠠᠰ ᠵᠢᠯ ᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠲᠤᠭᠳᠠᠭᠰᠠᠨ ᠴᠠᠭ ᠲᠠᠭᠠᠨ ᠪᠡᠶᠡᠯᠡᠭᠦᠯᠦᠭᠰᠡᠨ ᠦᠭᠡᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠤᠤ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠪᠤᠤ ᠭᠠᠩ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠤᠨ 7 ᠰᠠᠷ᠎ᠠ ᠳᠤ ᠮᠠᠨ ᠤ ᠤᠷᠤᠨ ᠳᠤ ᠢᠷᠡᠵᠦ ᠰᠢᠨᠵᠢᠯᠡᠨ ᠪᠠᠶᠢᠴᠠᠭᠠᠵᠤ ᠵᠢᠯᠤᠭᠤᠳᠬᠤ ᠦᠶ᠎ᠠ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠤᠷᠤᠰᠢᠵᠤ ᠪᠠᠶᠢᠭ᠎ᠠ ᠠᠰᠠᠭᠤᠳᠠᠯ ᠢ ᠲᠤᠳᠤᠷᠬᠠᠢ ᠲᠠᠨᠢᠵᠤ᠂ ᠠᠵᠢᠯ ᠤᠨ ᠲᠤᠯᠭᠠᠮ ᠴᠢᠨᠠᠷ ᠢ ᠦᠨᠡᠨ ᠬᠦ ᠨᠡᠮᠡᠭᠳᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠲᠡᠭᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠢᠯ ᠤᠨ ᠭᠤᠤᠯᠳᠠᠯᠭ᠎ᠠ ᠪᠠᠨ ᠲᠤᠪᠤᠶᠢᠯᠭᠠᠵᠤ᠂ ︽ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ︾᠎ ᠶᠢᠨ ᠠᠮᠢ ᠠᠬᠤᠢ ᠶᠢᠨ ᠵᠠᠰᠠᠯᠳᠠ ᠶᠢᠨ ᠲᠦᠯᠤᠪᠵᠢᠬᠦᠯᠬᠡ ᠶᠢ ᠵᠠᠰᠠᠨ ᠨᠠᠶᠢᠷᠠᠭᠤᠯᠬᠤ᠂ ᠪᠤᠭᠤᠳᠤ ᠬᠤᠳᠠ ᠶᠢᠨ ᠠᠶᠤᠯᠳᠠᠢ ᠬᠠᠶᠠᠬᠳᠠᠮᠠᠯ ᠪᠤᠳᠠᠰ ᠢ ᠰᠢᠢᠳᠪᠤᠷᠢᠯᠡᠬᠦ ᠲᠦᠪ ᠤᠨ ᠠᠵᠢᠯᠯᠠᠭ᠎ᠠ ᠬᠡᠪ ᠤᠨ ᠪᠤᠰᠤ ᠪᠠᠶᠢᠬᠤ᠂ ᠬᠦᠬᠡᠬᠤᠳᠠ ᠶᠢᠨ ᠲᠠᠯᠠᠨ ᠬᠠᠷ᠎ᠠ ᠠᠭᠤᠯᠠ ᠶᠢᠨ ᠤᠯᠤᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠴᠢᠯᠠᠭᠤ ᠮᠠᠯᠳᠠᠬᠤ ᠠᠭᠤᠷᠬᠠᠢ ᠮᠠᠯᠳᠠᠬᠤ ᠠᠵᠤ ᠠᠬᠤᠢᠢᠯᠠᠯ ᠢ ᠵᠤᠬᠰᠤᠭᠠᠬᠤ᠂ ᠤᠯᠠᠭᠠᠨᠬᠠᠳᠠ ᠬᠤᠳᠠ ᠶᠢᠨ ᠨᠤᠳᠤᠬ ᠪᠡᠯᠴᠢᠬᠡᠷ ᠎ ᠢ ᠲᠠᠳᠠᠪᠤᠷᠢᠯᠠᠨ ᠭᠡᠷᠡᠭᠯᠡᠬᠦ ᠬᠢᠨᠠᠨ ᠬᠠᠷᠭᠤᠭᠤᠯᠬᠤ ᠭᠠᠷ ᠬᠦᠢᠴᠡᠳᠬᠡᠯ ᠬᠢᠭᠰᠡᠨ ᠦᠬᠡᠢ ᠲᠦᠷᠤᠯ ᠵᠦᠢᠯ ᠢ ᠴᠡᠭᠴᠡᠯᠡᠨ ᠴᠡᠪᠡᠷᠯᠡᠬᠦ᠂ ᠰᠢᠯᠢ ᠶᠢᠨ ᠭᠤᠤᠯ ᠠᠶᠢᠮᠠᠬ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠭᠤᠷᠬᠠᠢ ᠶᠢᠨ ᠠᠵᠤ ᠠᠬᠤᠢᠢᠯᠠᠯ ᠢ ᠵᠤᠭᠰᠤᠭᠠᠬᠤ ᠵᠡᠷᠬᠡ ᠭᠤᠤᠯᠳᠠᠯᠭ᠎ᠠ ᠲᠠᠢ ᠡᠬᠦᠷᠬᠡ ᠶᠢ ᠲᠦᠷᠬᠡᠨ ᠪᠡᠶᠡᠯᠡᠬᠦᠯᠵᠤ᠂ ᠴᠡᠭᠴᠡᠯᠡᠨ ᠰᠠᠶᠢᠵᠢᠷᠠᠭᠤᠯᠤᠭᠠᠳ ᠲᠠᠭᠤᠰᠤᠬᠰᠠᠨ ᠢ ᠲᠦᠷᠬᠡᠨ ᠬᠢᠨᠠᠨ ᠰᠢᠯᠭᠠᠵᠤ ᠲᠠᠩᠰᠠ ᠠᠴᠠ ᠭᠠᠷᠭᠠᠬᠤ ᠭᠡᠷᠡᠭᠳᠠᠢ᠃ ᠴᠡᠭᠴᠡᠯᠡᠨ ᠰᠠᠶᠢᠵᠢᠷᠠᠭᠤᠯᠬᠤ ᠲᠠᠷᠤᠯᠳᠠ ᠶᠢ ᠱᠠᠳᠤ ᠱᠠᠳᠤ ᠪᠠᠷ ᠲᠠᠮᠵᠢᠭᠤᠯᠵᠤ᠂ ᠵᠤᠬᠢᠴᠠᠭᠤᠯᠤᠨ ᠲᠤᠬᠢᠷᠠᠭᠤᠯᠬᠤ᠂ ᠵᠠᠷᠯᠠᠨ ᠮᠡᠳᠡᠭᠳᠡᠵᠤ ᠬᠠᠷᠢᠭᠤᠴᠠᠯᠭ᠎ᠠ ᠨᠡᠬᠡᠮᠵᠢᠯᠡᠬᠦ᠂ ᠤᠬᠠᠭᠤᠯᠤᠨ ᠮᠡᠳᠡᠬᠡᠯᠡᠬᠦ ᠵᠡᠷᠬᠡ ᠠᠵᠢᠯ ᠢ ᠴᠢᠩᠭᠠᠳᠬᠠᠵᠤ᠂ ᠡᠯ᠎ᠠ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠪᠤᠳᠠᠳᠠᠢ ᠨᠠᠶᠢᠳᠠᠪᠤᠷᠢᠵᠢᠭᠤᠯᠵᠤ᠂ ᠪᠤᠳᠠᠳᠤ ᠦᠷ᠎ᠠ ᠪᠦᠳᠤᠮᠵᠢ ᠤᠯᠬᠤ ᠶᠢ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠲᠡᠬᠦᠰᠦᠭᠰᠡᠨ ᠤ ᠲᠠᠷᠠᠭ᠎ᠠ᠂ ᠪᠤᠤ ᠭᠠᠩ ᠦᠪᠡᠷᠳᠡᠬᠡᠨ ᠵᠠᠰᠠᠬᠤ ᠤᠷᠤᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠢ ᠲᠦᠯᠤᠬᠡᠯᠠᠵᠤ᠂ ᠲᠤᠭᠳᠠᠭᠰᠠᠨ ᠴᠠᠭ ᠲᠠᠭᠠᠨ ᠴᠡᠭᠴᠡᠯᠡᠨ ᠰᠠᠶᠢᠵᠢᠷᠠᠭᠤᠯᠬᠤ ᠡᠬᠦᠷᠬᠡ ᠪᠠᠨ ᠪᠡᠶᠡᠯᠡᠬᠦᠯᠦᠭᠰᠡᠨ ᠦᠬᠡᠢ ᠪᠠ ᠴᠡᠭᠴᠡᠯᠡᠨ ᠰᠠᠶᠢᠵᠢᠷᠠᠭᠤᠯᠬᠤ ᠠᠬᠢᠴᠠ ᠤᠳᠠᠭᠠᠨ ᠪᠠᠶᠢᠬᠤ ᠬᠤᠯᠪᠤᠬᠳᠠᠯ ᠪᠦᠬᠦᠢ ᠠᠶᠢᠮᠠᠬ ᠬᠤᠳᠠ᠂ ᠲᠢᠩᠬᠢᠮ ᠲᠤᠪᠴᠢᠶᠠᠨ ᠤ ᠬᠠᠷᠢᠭᠤᠴᠠᠯᠭᠠᠳᠠᠨ ᠲᠠᠢ ᠪᠤᠯᠵᠤᠨ ᠶᠠᠷᠢᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号