ᠪᠦᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠩᠬᠠᠳᠠᠭᠴᠢ ᠤᠯᠤᠰ ᠤᠨ ᠲᠡᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/8/20
     8 ᠳ᠋ᠤᠭᠠᠷ ᠰᠠᠷ᠎ᠠ ᠶᠢᠨ 16᠎ ᠤ ᠡᠳᠦᠷ᠂ ᠪᠥᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠩᠬᠠᠳᠠᠭᠴᠢ ᠤᠯᠤᠰ ᠤᠨ ᠲᠡᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ — ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠵᠢᠭ ᠴᠢᠨᠠᠷᠲᠠᠶ ᠠᠭᠤᠰᠬᠢᠨ ᠠᠭᠰᠠᠭ᠎ᠠ ᠶᠢ ᠣᠨᠣᠰᠢᠯᠠᠨ ᠵᠠᠰᠠᠬᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠢᠯᠡᠷᠬᠡᠶᠢᠯᠡᠯ ᠰᠡᠬᠦᠪᠡ᠂ ᠡᠨᠡ ᠨᠢ ᠮᠠᠨ ᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ︽ᠤᠵᠢᠭ ᠴᠢᠨᠠᠷᠲᠠᠶ ᠠᠭᠤᠰᠬᠢᠨ ᠠᠭᠰᠠᠭ᠎ᠠ ᠨᠢᠭᠡᠨᠲᠡ ᠥᠪᠥᠷ ᠮᠣᠩᠭᠤᠯ ᠣᠷᠣᠨ ᠤ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠪᠣᠯᠵᠠᠶ︾᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠵᠢᠭ ᠴᠢᠨᠠᠷᠲᠠᠶ ᠠᠭᠤᠰᠬᠢᠨ ᠠᠭᠰᠠᠭ᠎ᠠ ᠶᠢ ᠣᠨᠣᠰᠢᠯᠠᠨ ᠵᠠᠰᠠᠬᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠰᠦᠨ ᠳ᠋ᠧ ᠵᠢᠶᠦ᠋ᠨ ᠲᠠᠨᠢᠯᠴᠠᠭᠤᠯᠬᠤ ᠳᠤ ᠪᠠᠨ᠂ 2015 ᠣᠨ ᠤ ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠯᠲᠠ ᠠᠴᠠ ᠦᠵᠡᠪᠡᠯ᠂ ᠥᠪᠥᠷ ᠮᠣᠩᠭᠤᠯ ᠣᠷᠣᠨ ᠤ 40 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠤᠵᠢᠭ ᠴᠢᠨᠠᠷᠲᠠᠶ ᠠᠭᠤᠰᠬᠢᠨ ᠠᠭᠰᠠᠭ᠎ᠠ ᠬᠠᠯᠳᠠᠪᠤᠷᠢᠯᠠᠬᠤ ᠨᠤᠷᠮ᠎ᠠ 12.8%᠎ ᠳᠤ ᠬᠦᠷᠴᠦ᠂ ᠪᠥᠬᠦ ᠤᠯᠤᠰ ᠤᠨ ᠠᠳᠠᠯᠢ ᠬᠤᠭᠤᠴᠠᠭᠠᠨ ᠤ ᠬᠢ ᠠᠴᠠ 9.9% ᠥᠨᠳᠥᠷ ᠪᠠᠶᠢᠳᠠᠭ᠃ ᠰᠦᠨ ᠳ᠋ᠧ ᠵᠢᠶᠦ᠋ᠨ ᠢᠯᠡᠳᠬᠡᠭᠰᠡᠨ ᠨᠢ᠂ ᠲᠤᠷᠰᠢᠯᠲᠠ ᠶᠢᠨ ᠲᠠᠰᠤᠭ ᠢᠯᠡᠷᠬᠡᠶᠢᠯᠡᠯ ᠡᠯᠭᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠡᠪᠡᠳᠴᠢᠨ ᠡᠮᠭᠡᠭ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠥᠪᠡᠷᠲᠡᠭᠡᠨ ᠵᠠᠰᠠᠬᠤ ᠣᠷᠣᠨ ᠤ ᠠᠮᠢᠰᠬᠤᠯ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠳᠡᠮᠵᠢᠯᠭᠡ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠤᠬᠠᠶᠢᠯᠠᠪᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠮᠢᠰᠬᠤᠯ ᠬᠢᠭᠡᠳ ᠠᠶᠤᠯᠲᠠᠶ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠢᠨᠵᠢᠯᠡᠭᠡᠨ ᠤ ᠰᠠᠯᠠᠭ᠎ᠠ ᠪᠠᠷ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠲᠠᠪᠴᠠᠩ ᠪᠣᠯᠭᠠᠨ᠂ ᠥᠪᠥᠷ ᠮᠣᠩᠭᠤᠯ ᠤᠨ ᠦᠨᠳᠦᠰᠦᠨ ᠱᠠᠲᠤᠨ ᠤ ᠠᠮᠢᠰᠬᠤᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠯᠪᠣᠭ᠎ᠠ᠂ ᠠᠮᠢᠰᠬᠤᠯ ᠤᠨ ᠡᠪᠡᠳᠴᠢᠨ ᠡᠮᠭᠡᠭ ᠤᠨ ᠲᠤᠰᠬᠠᠶ ᠰᠠᠯᠠᠭᠠᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠥᠪᠥᠷ ᠮᠣᠩᠭᠤᠯ ᠤᠨ ᠤᠵᠢᠭ ᠴᠢᠨᠠᠷᠲᠠᠶ ᠠᠭᠤᠰᠬᠢᠨ ᠠᠭᠰᠠᠭ᠎ᠠ ᠶᠢᠨ ᠲᠤᠰᠬᠠᠶ ᠰᠠᠯᠠᠭᠠᠨ ᠤ ᠬᠤᠯᠪᠣᠭ᠎ᠠ ᠪᠠᠷ ᠣᠷᠣᠨ ᠪᠦᠰᠡ ᠶᠢᠨ ᠰᠦᠯᠵᠢᠶᠡᠨ ᠤ ᠲᠠᠪᠴᠠᠩ ᠪᠣᠯᠭᠠᠵᠤ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠢᠭᠠᠨ ᠰᠤᠷᠭᠠᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠨᠡᠷᠡᠲᠦ ᠲᠥᠷᠥᠯ ᠲᠡᠮᠳᠡᠭᠲᠦ ᠶᠢ ᠡᠭᠦᠳᠬᠦ ᠵᠡᠷᠭᠡ ᠣᠯᠠᠨ ᠲᠠᠯ᠎ᠠ ᠪᠠᠷ ᠮᠠᠨ ᠤ ᠣᠷᠣᠨ ᠤ ᠲᠣᠰ ᠬᠦᠷᠢᠶᠡᠨ ᠳᠠᠬᠢ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠮᠠᠨ ᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠪᠣᠯᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠣᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号