ᠪᠦ᠋ ᠰᠢᠶᠤᠤ ᠯᠢᠨ ᠢᠰᠷᠧᠯ ᠤᠨ ᠬᠦᠲᠡᠭᠡ ᠠᠵᠦ ᠠᠬᠤᠢ ᠬᠢᠭᠡᠳ ᠬᠦᠲᠡᠭᠡ ᠲᠤᠰᠬᠤᠨ ᠤ ᠬᠦᠭᠵᠢᠯᠲᠠ ᠶᠢᠨ ᠶᠠᠮᠤᠨ ᠤ ᠰᠠᠶᠢᠳ ᠦᠷᠢ᠊ · ᠠᠷᠢ᠊ ᠊ ᠠᠶᠢᠯᠧ ᠲᠠᠢ ᠠᠭᠤᠯᠵᠠᠵᠠᠢ ᠵᠠᠩ ᠵᠢᠶᠠᠠ ᠯᠦᠩ ᠠᠭᠤᠯᠵᠠᠯᠲᠠ ᠳᠤ ᠤᠷᠤᠯᠴᠠᠪᠠ
ᠨᠡᠶᠢᠲᠡᠯᠡᠭᠰᠡᠨ ᠴᠠᠭ᠄
2019/8/21
     8 ᠰᠠᠷ᠎ᠠ ᠶᠢᠨ 20᠎ ᠤ ᠦᠲᠡ ᠶᠢᠨ ᠬᠤᠶᠢᠨ᠎ᠠ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠠ ᠪᠠᠶᠠᠠᠨᠠᠭᠤᠷ ᠬᠤᠲᠠ ᠳᠤ ᠢᠰᠷᠧᠯ ᠤᠨ ᠬᠦᠲᠡᠭᠡ ᠠᠵᠦ ᠠᠬᠤᠢ ᠬᠢᠭᠡᠳ ᠬᠦᠲᠡᠭᠡ ᠲᠤᠰᠬᠤᠨ ᠤ ᠬᠦᠭᠵᠢᠯᠲᠠ ᠶᠢᠨ ᠶᠠᠮᠤᠨ ᠤ ᠰᠠᠶᠢᠳ ᠦᠷᠢ᠊ · ᠠᠷᠢ᠊ ᠊ ᠠᠶᠢᠯᠧ ᠨᠠᠷ ᠲᠠᠢ ᠠᠭᠤᠯᠵᠠᠪᠠ᠃ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠠ ᠤ ᠲᠠᠷᠤᠭ᠎ᠠ ᠵᠠᠩ ᠵᠢᠶᠠᠠ ᠯᠦᠩ ᠠᠭᠤᠯᠵᠠᠯᠲᠠ ᠳᠤ ᠤᠷᠤᠯᠴᠠᠪᠠ᠃      ᠪᠦ᠋ ᠰᠢᠶᠤᠤ ᠯᠢᠨ ᠦᠷᠢ᠊ · ᠠᠷᠢ᠊ ᠊ ᠠᠶᠢᠯᠧ ᠨᠠᠷ ᠤᠨ ᠦᠪᠦᠷ ᠮᠤᠩᠭᠤᠯ ᠳᠤ ᠠᠶᠢᠯᠴᠢᠯᠠᠷ᠎ᠠ ᠢᠷᠡᠭᠰᠡᠡ ᠢ ᠪᠠᠶᠠᠷᠯᠠᠨ ᠤᠭᠲᠤᠵᠦ ᠪᠠᠶᠢᠭ᠎ᠠ ᠪᠠᠨ ᠢᠯᠡᠳᠭᠡᠬᠦ ᠶᠢᠨ ᠬᠠᠮᠳᠤ ᠦᠪᠦᠷ ᠮᠤᠩᠭᠤᠯ ᠤᠨ ᠬᠤᠯᠪᠤᠭᠲᠠᠯ ᠪᠦᠬᠦᠢ ᠪᠠᠶᠢᠲᠠᠯ ᠢ ᠲᠦᠭᠦᠮ ᠲᠠᠨᠢᠯᠴᠠᠭᠤᠯᠵᠠᠢ᠃ ᠲᠡᠷᠡ᠂ ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠪᠤᠯ ᠲᠤᠮᠲᠠᠲᠤ ᠤᠯᠤᠰ ᠎ ᠤᠨ ᠲᠠᠷᠢᠶᠠᠯᠠᠩ᠂ ᠮᠠᠯ ᠠᠵᠦ ᠠᠬᠤᠢ ᠶᠢᠨ ᠲᠤᠮᠤ ᠤᠷᠤᠨ ᠮᠦᠨ᠂ ᠮᠦᠨ ᠴᠤ ᠴᠦᠯᠯᠡᠷᠬᠡᠭᠵᠢᠭᠰᠡᠨ ᠪᠠ ᠡᠯᠡᠰᠦᠷᠭᠡᠭᠵᠢᠭᠰᠡᠡ ᠭᠠᠵᠠᠷ ᠨᠤᠳᠤᠭ ᠲᠦᠪᠯᠡᠷᠡᠵᠦ᠂ ᠬᠤᠤᠷ ᠬᠦᠨᠦᠭᠡᠯ ᠨᠢ ᠬᠦᠨᠲᠦ ᠨᠤᠴᠢᠲᠠᠢ ᠪᠠᠶᠢᠭ᠎ᠠ ᠭᠠᠵᠠᠷ ᠤᠷᠤᠨ ᠪᠤᠯᠤᠨ᠎ᠠ᠂ ᠢᠰᠷᠧᠯ ᠤᠨ ᠬᠦᠲᠡᠭᠡ ᠠᠵᠦ ᠠᠬᠤᠢ ᠪᠠ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠶᠢᠨ ᠲᠠᠯ᠎ᠠ ᠶᠢᠨ ᠮᠡᠷᠭᠡᠵᠢᠯ ᠪᠤᠯᠤᠨ ᠲᠤᠷᠰᠢᠯᠭ᠎ᠠ ᠲᠡᠯᠡᠭᠡᠢ ᠳᠤ ᠲᠦᠷᠦᠭᠦᠯᠡᠵᠦ᠂ ᠬᠤᠶᠠᠷ ᠲᠠᠯ᠎ᠠ ᠪᠠᠷ ᠢᠶᠠᠨ ᠲᠠᠷᠢᠶᠠᠯᠠᠩ ᠦᠢᠯᠡᠳᠪᠦᠷᠢᠯᠡᠯ᠂ ᠮᠠᠯ ᠲᠡᠵᠢᠭᠡᠪᠦᠷᠢ᠂ ᠠᠮᠢ ᠠᠬᠤᠢ ᠤᠷᠴᠢᠨ ᠲᠤᠭᠤᠷᠢᠨ ᠵᠡᠷᠭᠡ ᠮᠠᠰᠢ ᠤᠯᠠᠠ ᠬᠦᠷᠢᠶᠠᠠ ᠳᠤ ᠪᠦᠷ ᠲᠤᠩ ᠰᠠᠶᠢᠨ ᠬᠠᠮᠲᠤᠷᠠᠨ ᠠᠵᠢᠯᠯᠠᠬᠤ ᠰᠠᠭᠤᠷᠢ ᠲᠠᠢ᠂ ᠬᠤᠶᠠᠷ ᠲᠠᠯ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ᠂ ᠠᠵᠦ ᠠᠬᠤᠢᠢᠯᠠᠯ᠂ ᠶᠡᠭᠡ ᠲᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠠ ᠤ ᠰᠤᠲᠤᠯᠭᠠᠠ ᠤ ᠬᠦᠷᠢᠶᠡᠯᠡᠩ ᠭᠠᠵᠠᠷ ᠎ ᠤᠨ ᠬᠤᠭᠤᠷᠤᠨᠲᠤᠬᠢ ᠰᠤᠯᠢᠯᠴᠠᠭ᠎ᠠ ᠶᠠᠪᠤᠯᠴᠠᠭ᠎ᠠ ᠶᠢ ᠴᠢᠨᠠᠭᠰᠢᠲᠠ ᠠᠬᠢᠭᠤᠯᠵᠦ᠂ ᠮᠡᠷᠭᠡᠵᠢᠯ ᠤᠨ ᠰᠢᠨ᠎ᠠ ᠶᠢ ᠡᠭᠦᠳᠬᠦ ᠭᠡᠷᠡᠭᠯᠡᠭᠡ᠂ ᠴᠢᠲᠠᠪᠤᠷᠢᠲᠠᠠ ᠬᠦᠮᠦᠵᠢᠭᠦᠯᠬᠦ ᠵᠡᠷᠭᠡ ᠲᠠᠯ᠎ᠠ ᠪᠠᠷ ᠬᠢ ᠪᠤᠲᠠᠲᠠᠢ ᠶᠢ ᠡᠷᠬᠢᠮᠯᠡᠭᠰᠡᠡ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃      ᠦᠷᠢ᠊ · ᠠᠷᠢ᠊ ᠊ ᠠᠶᠢᠯᠧ᠂ ᠦᠪᠦᠷ ᠮᠤᠩᠭᠤᠯ ᠳᠤ ᠰᠢᠨᠵᠢᠯᠡᠡ ᠪᠠᠶᠢᠴᠠᠭᠠᠵᠤ ᠠᠶᠢᠯᠴᠢᠯᠠᠯᠲᠠ ᠬᠢᠭᠰᠡᠡ ᠳᠡᠭᠡᠨ ᠲᠤᠩ ᠪᠠᠶᠠᠷᠯᠠᠵᠦ ᠪᠠᠶᠢᠨ᠎ᠠ᠂ ᠦᠪᠦᠷ ᠮᠤᠩᠭᠤᠯ ᠳᠤ ᠮᠠᠰᠢ ᠰᠠᠶᠢᠨ ᠭᠠᠵᠠᠷ ᠨᠤᠳᠤᠭ᠂ ᠤᠰᠤᠨ ᠤ ᠡᠬᠢ ᠪᠠᠶᠠᠯᠢᠭ ᠤᠨ ᠲᠠᠪᠠᠭᠤᠯᠢᠭ ᠲᠠᠢ᠂ ᠡᠯᠡᠰᠦ ᠶᠢ ᠵᠠᠰᠬᠠᠤ ᠵᠡᠷᠭᠡ ᠲᠠᠯ᠎ᠠ ᠪᠠᠷ ᠮᠠᠰᠢ ᠬᠤᠪᠤᠷ ᠨᠠᠨᠳᠢᠨ ᠲᠤᠷᠰᠢᠯᠭ᠎ᠠ ᠬᠤᠷᠠᠮᠲᠤᠭᠤᠯᠵᠦ᠂ ᠮᠠᠰᠢ ᠳᠤᠪᠤᠶᠢᠮ᠎ᠠ ᠠᠮᠵᠢᠯᠳᠠ ᠤᠯᠵᠠᠢ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠬᠦᠨᠵᠡᠭᠡᠶᠢᠷᠡᠭᠦᠯᠦᠠ᠂ ᠠᠮᠢ ᠠᠬᠤᠢ ᠶᠢᠨ ᠵᠠᠰᠠᠯᠲᠠ ᠪᠤᠯᠤᠨ ᠤᠲᠤ ᠦᠶ᠎ᠠ ᠶᠢᠨ ᠲᠠᠷᠢᠶᠠᠯᠠᠩ ᠮᠠᠯ ᠠᠵᠦ ᠠᠬᠤᠢ ᠵᠡᠷᠭᠡ ᠬᠦᠷᠢᠶᠡᠡ ᠳᠤ ᠨᠡᠩ ᠤᠯᠠᠠ ᠬᠠᠮᠲᠤ ᠶᠢᠨ ᠲᠠᠨᠢᠯᠲᠠ ᠲᠠᠢ ᠪᠤᠯᠵᠦ᠂ ᠬᠠᠷᠢᠯᠴᠠᠠ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃      ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠠᠭᠤᠯᠵᠠᠯᠲᠠ ᠶᠢᠨ ᠬᠤᠷᠠᠯ ᠢ ᠡᠷᠬᠢᠯᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号