ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠠᠯᠠᠱᠠ ᠠᠶᠢᠮᠠᠭ ᠲᠤ ᠡᠬᠢᠯᠡᠪᠡ
ᠨᠡᠶᠢᠲᠡᠯᠡᠭᠰᠡᠨ ᠴᠠᠭ᠄
2019/8/21
     ᠨᠠᠷᠠ ᠬᠤᠷ᠎ᠠ ᠳᠡᠩᠴᠡᠭᠰᠡᠨ ᠨᠠᠢᠮᠠᠨ ᠰᠠᠷ᠎ᠠ ᠶᠢᠨ ᠭᠤᠪᠢ ᠨᠤᠳᠤᠭ ᠬᠤᠪᠢ ᠶᠢᠨ ᠭᠠᠳᠠᠨ᠎ᠠ ᠭᠤᠶᠤᠬᠠᠨ᠃ 8 ᠰᠠᠷ᠎ᠠ ᠶᠢᠨ 20᠎ ᠤ ᠡᠳᠦᠷ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠬᠠᠮᠲᠤᠷᠠᠨ ᠭᠤᠤᠯᠯᠠᠨ ᠡᠷᠬᠢᠯᠡᠭᠰᠡᠨ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠪᠠᠶᠠᠨᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠢᠦᠶ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠠᠶ ᠢᠦᠶ ᠭᠠᠩ ᠤᠷᠠᠯᠢᠭ ᠤᠨ ᠨᠠᠶᠢᠷ ᠡᠬᠢᠯᠡᠭᠰᠡᠨ ᠢ ᠵᠠᠷᠯᠠᠵᠤ᠂ ᠵᠧᠩ ᠬᠤᠩ ᠹᠠᠨ᠂ ᠴᠡᠴᠡᠭ ᠤᠯᠠᠭᠠᠨᠮᠥ᠋ᠴᠢᠷ ᠤᠨ ᠲᠥᠯᠥᠭᠡᠯᠡᠭᠴᠢᠳ ᠲᠤ ᠪᠠᠶᠠᠨ ᠬᠤᠭᠤᠷ ᠬᠦᠷᠭᠡᠪᠡ᠃      ᠡᠬᠢᠯᠡᠯᠳᠡ ᠶᠢᠨ ᠶᠣᠰᠣᠯᠠᠯ ᠳᠤ ᠣᠷᠣᠨ ᠤ ᠳᠣᠲᠣᠨ᠎ᠠ ᠭᠠᠳᠠᠨᠠᠬᠢ 22 ᠤᠯᠠᠭᠠᠨᠮᠥ᠋ᠴᠢᠷ ᠦᠨᠳᠦᠰᠦᠳᠡᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠵᠤ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠤᠷᠠᠯᠢᠭ ᠢᠶᠠᠨ ᠳᠡᠯᠭᠡᠨ ᠦᠵᠡᠭᠦᠯᠵᠦ᠂ ᠠᠯᠠᠱᠠ ᠨᠤᠳᠤᠭ ᠤᠨ ᠰᠤᠶᠤᠯ ᠰᠢᠨ᠎ᠠ ᠴᠠᠭ ᠤᠨ ᠤᠯᠠᠭᠠᠨᠮᠦ᠋ᠴᠢᠷ ᠤᠨ ᠴᠤᠭ ᠵᠢᠪᠬᠤᠭ᠎ᠠ ᠶᠢ ᠬᠠᠷᠠᠭᠤᠯᠤᠭᠰᠠᠨ ᠤᠷᠠᠨ ᠰᠠᠶᠢᠬᠠᠨ ᠤ ᠳᠤᠭᠯᠠᠯᠳᠠ ᠨᠢ ᠢᠳᠡ ᠬᠦᠭ ᠲᠠᠢ ᠶᠠᠪᠤᠭᠳᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠨᠢ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ ᠠᠶᠠᠨ ᠳᠠᠭᠠᠨ ᠳᠠᠬᠢᠨ ᠮᠣᠷᠳᠠᠨ ᠦᠨᠢ ᠡᠭᠦᠷᠢᠳᠡ ᠲᠠᠯ᠎ᠠ ᠨᠤᠳᠤᠭ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ ᠪᠤᠯᠬᠤ︾᠎ ᠪᠠᠷ ᠭᠤᠤᠯ ᠰᠡᠳᠦᠪ ᠪᠣᠯᠭᠠᠵᠤ᠂ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠨᠢᠭᠡ ᠳᠤ ᠴᠠᠭᠠᠷᠠᠵᠤ ᠤᠯᠠᠨ ᠳᠤ ᠮᠡᠷᠬᠡᠰᠢᠭᠰᠡᠨ ᠤᠷᠤᠯᠳᠤᠭᠠᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠰᠢᠨ᠎ᠡ ᠶᠢ ᠡᠭᠦᠳᠬᠦ ᠪᠠ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ᠂ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · ᠠᠯᠠᠱᠠ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ ᠶᠢ ᠲᠥᠪᠯᠡᠷᠡᠭᠦᠯᠦᠨ ᠡᠷᠬᠢᠯᠡᠨ᠎ᠡ᠃ ᠤᠯᠠᠭᠠᠨᠮᠥ᠋ᠴᠢᠷ ᠤᠨ ᠭᠡᠰᠢᠭᠦᠳ ᠪᠠᠰᠠ ᠴᠡᠷᠢᠭ ᠤᠨ ᠬᠤᠸᠠᠷᠠᠨ᠂ ᠬᠢᠯᠢ ᠶᠢᠨ ᠬᠠᠷᠠᠭᠤᠯ ᠤᠨ ᠭᠠᠵᠠᠷ᠂ ᠰᠤᠮᠤ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠨ 80 ᠭᠠᠷᠤᠶ ᠲᠠᠯᠠᠪᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠠᠷᠠᠳ ᠣᠯᠠᠨ ᠳᠤ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠬᠦ ᠪᠤᠯᠦᠨ᠎ᠡ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号