ᠲᠠᠯ᠎ᠠ ᠨᠤᠳᠤᠭ ᠤᠨ ᠠᠮᠢ ᠠᠬᠤᠢ ᠪᠠ ᠬᠠᠮᠠᠭᠠᠯᠠᠯᠳᠠ ᠶᠢᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠬᠳᠠᠪᠠ  ᠡᠦ ᠸᠧᠢ ᠬᠤᠸᠠ ᠤᠷᠤᠯᠴᠠᠵᠤ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄
2019/8/22
     8 ᠰᠠᠷ᠎ᠠ ᠶᠢᠨ 21᠎ ᠤ ᠡᠳᠦᠷ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ᠂ ᠪᠡᠭᠡᠵᠢᠩ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠦᠬᠡᠨᠠᠭᠤᠷ ᠮᠤᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠭᠠᠨᠰᠦ ᠮᠤᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠳᠤᠷᠠᠨ ᠡᠷᠬᠢᠯᠡᠭᠰᠡᠨ 2019 ᠣᠨ ᠤ ᠲᠠᠯ᠎ᠠ ᠨᠤᠳᠤᠭ ᠤᠨ ᠠᠮᠢ ᠠᠬᠤᠢ ᠪᠠ ᠬᠠᠮᠠᠭᠠᠯᠠᠯᠳᠠ ᠶᠢᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠬᠳᠠᠪᠠ᠃ ᠬᠤᠷᠠᠯ ᠨᠢ ︽ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠶᠢ ᠪᠠᠷᠢᠮᠲᠠᠯᠠᠨ᠂ ᠪᠤᠬᠢᠷᠳᠤᠯ ᠦᠭᠡᠢ ᠬᠦᠭᠵᠢᠯᠲᠡ ᠶᠢ ᠠᠭᠢᠭᠤᠯᠤᠶ᠎ᠠ︾ ᠭᠡᠬᠦ ᠪᠠᠷ ᠭᠤᠤᠯ ᠰᠡᠳᠦᠪ ᠪᠤᠯᠭᠠᠵᠠᠢ᠃      ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ︽9 · 3︾᠎ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠦᠪ ᠬᠤᠷᠢᠶᠠᠨ ᠤ ᠲᠡᠷᠢᠭᠦᠯᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠳᠧᠮᠢᠴᠢ ᠡᠦ ᠸᠧᠢ ᠬᠤᠸᠠ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃      ᠡᠦ ᠸᠧᠢ ᠬᠤᠸᠠ ᠶᠠᠷᠢᠶᠠᠨ ᠳᠠᠭᠠᠨ᠂ ᠲᠤᠰ ᠤᠳᠠᠭᠠᠨ ᠤ ᠬᠤᠷᠠᠯ ᠨᠢ ᠲᠤᠩ ᠴᠢᠬᠤᠯᠠ ᠮᠦᠷᠳᠡᠭᠡᠨ ᠮᠠᠰᠢ ᠶᠡᠭᠡ ᠠᠴᠢ ᠬᠤᠯᠪᠤᠬᠳᠠᠯ ᠲᠠᠢ᠃ ᠲᠠᠯ᠎ᠠ ᠨᠤᠳᠤᠭ ᠪᠢᠳᠡᠨ ᠤ ᠬᠦᠮᠦᠨ ᠲᠦᠷᠦᠯᠬᠢᠳᠡᠨ ᠤ ᠪᠤᠯᠪᠠᠰᠤᠨ ᠤ ᠬᠦᠭᠵᠢᠯᠳᠡ ᠲᠠᠢ ᠨᠢᠬᠳᠠ ᠬᠠᠷᠢᠴᠠᠭ᠎ᠠ ᠲᠠᠢ ᠪᠠᠶᠢᠳᠠᠭ᠂ ᠮᠠᠨ ᠤ ᠤᠯᠤᠰ ᠤᠨ ᠪᠠᠶᠢᠭᠠᠯᠢᠯᠢᠭ ᠲᠠᠯ᠎ᠠ ᠨᠤᠳᠤᠭ 60 ᠳ᠋ᠦᠩᠰᠢᠭᠤᠷ ᠮᠦ ᠪᠠᠶᠢᠵᠤ᠂ ᠪᠦᠬᠦ ᠤᠯᠤᠰ ᠤᠨ 42%᠎ ᠤᠨ ᠨᠤᠳᠤᠭ ᠳᠡᠪᠢᠰᠭᠡᠷ ᠢ ᠡᠵᠡᠯᠡᠵᠤ ᠪᠠᠶᠢᠳᠠᠭ᠃ ᠡᠨᠡ ᠤᠳᠠᠭ᠎ᠠ ᠶᠢᠨ ᠬᠤᠷᠠᠯ ᠳᠤ ᠲᠠᠯ᠎ᠠ ᠨᠤᠳᠤᠭ ᠤᠨ ᠤᠷᠭᠤᠮᠠᠯ ᠤᠨ ᠤᠯᠠᠨ ᠶᠠᠩᠵᠤᠳᠤ ᠴᠢᠨᠠᠷ ᠤᠨ ᠬᠠᠮᠠᠭᠠᠯᠠᠯᠳᠠ ᠪᠤᠶᠢᠵᠢᠭᠤᠯᠤᠯᠳᠠ᠂ ᠲᠠᠯ᠎ᠠ ᠨᠤᠳᠤᠭ ᠤᠨ ᠰᠡᠷᠭᠦᠭᠡᠨ ᠵᠠᠰᠠᠯᠳᠠ᠂ ᠲᠠᠯ᠎ᠠ ᠨᠤᠳᠤᠭ ᠤᠨ ᠠᠮᠢ ᠠᠬᠤᠢ ᠶᠢᠨ ᠡᠷᠡᠭᠦᠯ ᠪᠦᠲᠦᠨ ᠤ ᠬᠠᠮᠠᠭᠠᠯᠠᠯᠳᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠶᠠᠷᠢᠯᠴᠠᠨ ᠰᠤᠳᠤᠯᠵᠤ᠂ ᠪᠦᠬᠦᠳᠡᠭᠡᠷ ᠲᠠᠯ᠎ᠠ ᠨᠤᠳᠤᠭ ᠤᠨ ᠬᠠᠮᠠᠭᠠᠯᠠᠯᠳᠠ ᠪᠤᠯᠤᠨ ᠦᠷᠭᠦᠯᠵᠢᠯᠡᠬᠦ ᠠᠰᠢᠬᠯᠠᠯᠳᠠ ᠶᠢ ᠵᠦᠪᠯᠡᠵᠤ᠂ ᠤᠯᠠᠨ ᠤᠯᠤᠰ ᠎ ᠤᠨ ᠬᠤᠯᠪᠤᠭ᠎ᠠ ᠶᠢᠨ 2030 ᠣᠨ ᠤ ᠦᠷᠭᠦᠯᠵᠢᠯᠡᠬᠦ ᠬᠦᠭᠵᠢᠯᠳᠡ ᠶᠢᠨ ᠠᠯᠬᠤᠮ ᠳᠠᠷᠠᠭ᠎ᠠ ᠶᠢ ᠪᠡᠶᠡᠯᠡᠭᠦᠯᠬᠦ ᠶᠢ ᠬᠦᠰᠡᠵᠠᠢ᠃      ᠡᠸᠦ ᠶᠠᠩ ᠰᠢᠶᠤᠤ ᠬᠤᠢ᠂ ᠲᠠᠯ᠎ᠠ ᠨᠤᠳᠤᠭ ᠪᠤᠯ ᠦᠪᠦᠷ ᠮᠤᠩᠭᠤᠯ ᠤᠨ ᠪᠤᠬᠢᠷᠳᠤᠯ ᠦᠭᠡᠢ ᠬᠦᠭᠵᠢᠯᠳᠡ ᠎ ᠶᠢᠨ ᠰᠠᠭᠤᠷᠢ᠂ ᠲᠠᠯ᠎ᠠ ᠨᠤᠳᠤᠭ ᠢ ᠬᠠᠮᠠᠭᠠᠯᠠᠬᠤ ᠨᠢ ᠦᠪᠦᠷ ᠮᠤᠩᠭᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠴᠢᠬᠤᠯᠠ ᠡᠭᠦᠷᠭᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠪᠦᠷ ᠮᠤᠩᠭᠤᠯ ᠲᠦᠪ ᠤᠨ ᠡᠯ᠎ᠡ ᠲᠦᠷᠦᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ ᠪᠤᠬᠢᠷᠳᠤᠯ ᠦᠭᠡᠢ ᠪᠠᠷ ᠬᠦᠭᠵᠢᠭᠦᠯᠬᠦ ᠵᠠᠮ ᠢ ᠪᠠᠷᠢᠮᠳᠠᠯᠠᠵᠤ᠂ ᠲᠠᠯ᠎ᠠ ᠨᠤᠳᠤᠭ ᠤᠨ ᠬᠠᠮᠠᠭᠠᠯᠠᠯᠳᠠ ᠪᠤᠯᠤᠨ ᠪᠠᠶᠢᠭᠤᠯᠤᠯᠳᠠ ᠶᠢ ᠦᠷᠭᠦᠯᠵᠢᠯᠡᠨ ᠠᠭᠢᠭᠤᠯᠤᠭᠰᠠᠨ ᠠᠴᠠ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠵᠤ᠂ ᠴᠢᠨᠠᠷ ᠨᠢ ᠮᠡᠳᠡᠭᠳᠡᠮ᠎ᠠ ᠳᠡᠭᠡᠭᠰᠢᠯᠡᠵᠠᠢ᠃ ᠲᠤᠰ ᠤᠳᠠᠭ᠎ᠠ ᠶᠢᠨ ᠬᠤᠷᠠᠯ ᠢᠶᠠᠷ ᠳᠠᠮᠵᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤᠮᠳᠠᠬᠢ ᠳᠠᠭᠠᠭᠤᠯᠬᠤ ᠦᠢᠯᠡᠳᠦᠯ ᠢ ᠠᠭᠢᠭᠤᠯᠵᠤ᠂ ᠡᠯ᠎ᠡ ᠤᠯᠤᠰ ᠤᠨ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠪᠠᠶᠢᠭᠤᠯᠤᠯᠳᠠ ᠶᠢᠨ ᠲᠠᠯ᠎ᠠ ᠳᠡᠭᠡᠷᠡᠬᠢ ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠠᠭᠢᠭᠤᠯᠵᠤ᠂ ᠬᠠᠮᠳᠤ ᠪᠠᠷ ᠪᠦᠬᠦ ᠪᠦᠮᠪᠦᠷᠴᠡᠭ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠪᠡ᠃      ᠰᠤᠳᠤᠯᠤᠨ ᠶᠠᠷᠢᠯᠴᠠᠬᠤ ᠬᠤᠷᠠᠯ ᠳᠤ ᠤᠯᠤᠰ ᠤᠨ ᠳᠤᠳᠤᠭᠠᠳᠤ ᠭᠠᠳᠠᠭᠠᠳᠤ ᠶᠢᠨ 20 ᠭᠠᠷᠤᠢ ᠲᠤᠰᠬᠠᠢ ᠮᠡᠷᠭᠡᠵᠢᠯᠳᠡᠡ ᠤᠷᠤᠯᠴᠠᠨ ᠲᠤᠰᠬᠠᠢ ᠰᠡᠳᠦᠪᠳᠦ ᠢᠯᠡᠳᠭᠡᠯ ᠬᠢᠵᠤ᠂ ᠲᠠᠯ᠎ᠠ ᠨᠤᠳᠤᠭ ᠤᠨ ᠠᠮᠢ ᠠᠬᠤᠢ ᠪᠠ ᠬᠠᠮᠠᠭᠠᠯᠠᠯᠳᠠ ᠶᠢᠨ ᠰᠤᠳᠤᠯᠭᠠᠨ ᠤ ᠦᠷ᠎ᠡ ᠪᠦᠲᠦᠭᠡᠯ ᠢᠶᠠᠨ ᠰᠤᠳᠤᠯᠤᠨ ᠶᠠᠷᠢᠯᠴᠠᠬᠤ ᠪᠠᠷ ᠳᠠᠮᠵᠢᠨ᠂ ᠠᠮᠢ ᠠᠬᠤᠢ ᠎ ᠶᠢᠨ ᠬᠠᠮᠠᠭᠠᠯᠠᠯᠳᠠ ᠪᠤᠯᠤᠨ ᠪᠤᠬᠢᠷᠳᠤᠯ ᠦᠭᠡᠢ ᠬᠦᠭᠵᠢᠯᠳᠡ ᠶᠢᠨ ᠬᠦᠷᠢᠶᠡᠨ ᠤ ᠡᠷᠳᠡᠮ ᠰᠢᠨᠵᠢᠯᠡᠬᠡᠨ ᠤ ᠰᠤᠯᠢᠯᠴᠠᠭ᠎ᠠ ᠎ ᠶᠢ ᠨᠡᠩ ᠦᠨᠳᠦᠷ ᠬᠢᠷᠢ ᠲᠦᠪᠰᠢᠨ ᠳᠤ ᠬᠦᠷᠭᠡᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠬᠦᠴᠦᠨ ᠨᠡᠮᠡᠷᠢᠯᠠᠬᠦ ᠶᠢ ᠵᠤᠷᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号