1100 ᠭᠠᠷᠤᠶ ᠲᠣᠭᠯᠠᠯᠲᠠ ᠥᠪᠡᠷᠲᠡᠭᠡᠨ ᠵᠠᠰᠠᠬᠤ ᠣᠷᠣᠨ ᠤ ᠱᠠᠩᠨᠠᠯ ᠢ ᠬᠦᠷᠲᠡᠵᠦ᠂ 230 ᠭᠠᠷᠤᠶ | ᠲᠣᠭᠯᠠᠯᠲᠠ ᠨᠢ ᠤᠯᠤᠰ ᠤᠨ ᠲᠡᠰ ᠤᠨ ᠱᠠᠩᠨᠠᠯ ᠬᠦᠷᠲᠡᠪᠡ ᠁ 8 ᠳ᠋ᠤᠭᠠᠷ ᠰᠠᠷ᠎ᠠ ᠶᠢᠨ 21 ᠤ ᠡᠳᠦᠷ᠂ ᠠᠯᠠᠱᠠ | ᠠᠶᠢᠮᠠᠭ ᠤᠨ ᠨᠣᠮ ᠤᠨ ᠰᠠᠩ ᠳᠤ ᠶᠠᠪᠤᠭᠳᠠᠭᠰᠠᠨ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠰᠢᠨ᠎ᠡ ᠶᠢ ᠡᠭᠦᠳᠬᠦ | ᠪᠠ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠤᠯᠠᠭᠠᠨᠮᠥ᠋ᠴᠢᠷ ᠤᠨ | ᠨᠡᠶᠢᠭᠡᠮᠯᠢᠭ ᠤᠨ ᠳᠠᠷᠤᠭ᠎ᠠ ᠵᠢᠷᠭᠠᠯ ᠰᠤᠷᠪᠤᠯᠵᠢᠯᠠᠭᠴᠢ ᠳᠤ ᠨᠢᠭᠡ ᠪᠦᠯᠦᠭ ᠲᠤᠭ᠎ᠠ ᠪᠠᠷᠢᠮᠲᠠ ᠬᠠᠩᠭᠠᠪᠠ᠄ 60 ᠭᠠᠷᠤᠶ | ᠵᠢᠯ ᠤᠨ ᠲᠤᠷᠰᠢ᠂ ᠪᠦᠬᠦ ᠣᠷᠣᠨ ᠤ ᠤᠯᠠᠭᠠᠨᠮᠥ᠋ᠴᠢᠷ 13200 ᠭᠠᠷᠤᠶ ᠲᠣᠭᠯᠠᠯᠲᠠ ᠵᠣᠬᠢᠶᠠᠨ ᠪᠦᠲᠦᠭᠡᠵᠦ᠂ | 1100 ᠭᠠᠷᠤᠶ ᠲᠣᠭᠯᠠᠯᠲᠠ ᠨᠢ ᠥᠪᠡᠷᠲᠡᠭᠡᠨ ᠵᠠᠰᠠᠬᠤ ᠣᠷᠣᠨ ᠤ ᠱᠠᠩᠨᠠᠯ ᠢ ᠬᠦᠷᠲᠡᠵᠦ᠂ 230 ᠭᠠᠷᠤᠶ | ᠲᠣᠭᠯᠠᠯᠲᠠ ᠨᠢ ᠤᠯᠤᠰ ᠤᠨ ᠲᠡᠰ ᠤᠨ ᠱᠠᠩᠨᠠᠯ ᠬᠦᠷᠲᠡᠵᠡᠢ᠃ | ᠡᠭᠦᠨ ᠳᠤ᠂ ᠪᠥᠵᠢᠭ᠄ ︽ᠠᠶᠠᠭᠠᠨ ᠪᠥᠵᠢᠭ︾ ︽ᠰᠣᠯᠣᠩᠭ᠎ᠠ︾᠂ ᠬᠤᠯᠪᠣᠭ᠎ᠠ᠄ ︽ᠪᠠᠷᠰ ᠠᠯᠠᠵᠤ | ᠠᠭᠤᠯᠠᠨ ᠳᠤ ᠭᠠᠷᠤᠭᠰᠠᠨ ᠨᠢ︾᠂ ︽ᠳᠡᠭᠦᠯᠢᠨ ᠨᠢᠰᠬᠦ ᠠᠵᠢᠨᠠᠶ ᠬᠥᠯᠥᠭ︾᠂ ᠳᠠᠭᠤᠤ᠄ ︽ᠰᠣᠶᠣᠯ ᠤᠨ ᠬᠥᠩᠭᠡᠨ | ᠮᠣᠷᠢᠲᠤ ᠴᠡᠷᠢᠭ ᠤᠨ ᠳᠠᠭᠤᠤ︾ ︽ᠲᠠᠯ᠎ᠠ ᠨᠤᠲᠤᠭ ᠤᠨ ᠬᠥᠪᠡᠭᠦᠳ ᠥᠬᠢᠳ ᠶᠠᠨ ᠠᠨ ᠳᠤ ᠪᠠᠨ ᠬᠠᠶᠢᠷᠠᠲᠠᠶ ︾ | ︽ᠮᠠᠯᠴᠢᠨ ᠲᠦᠮᠡᠨ ᠨᠠᠮ ᠢᠶᠠᠨ ᠳᠠᠭᠤᠯᠠᠨ᠎ᠠ︾ ᠵᠡᠷᠭᠡ ᠣᠯᠠᠨ ᠲᠦᠮᠡᠨ ᠲᠠᠢ ᠣᠢᠷᠠᠲᠤᠭᠰᠠᠨ᠂ ᠨᠠᠮ ᠪᠣᠯᠣᠨ ᠠᠷᠠᠳ | ᠲᠦᠮᠡᠨ ᠢᠶᠠᠨ ᠮᠠᠭᠲᠠᠨ ᠳᠠᠭᠤᠯᠠᠭᠰᠠᠨ ᠤᠯᠠᠭᠠᠨᠮᠥ᠋ᠴᠢᠷ ᠤᠨ ᠤᠨᠴᠠᠯᠢᠬᠳᠤ ᠲᠣᠭᠯᠠᠯᠲᠠ ᠨᠢ ᠬᠡᠳᠦᠨ ᠠᠷᠪᠠᠨ ᠵᠢᠯ ᠳᠤ | ᠳᠠᠬᠢᠨ ᠳᠠᠪᠲᠠᠨ ᠲᠣᠭᠯᠠᠭᠳᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠬᠠᠶᠢᠷ᠎ᠠ ᠪᠠᠭ᠋ᠠᠳᠤᠯ ᠢ ᠨᠢ | ᠲᠠᠲᠠᠭᠰᠠᠭᠠᠷ ᠢᠷᠡᠪᠡ᠃ | ᠢᠯᠠᠩᠭᠤᠶ᠎ᠠ ᠤᠯᠠᠭᠠᠨᠮᠥ᠋ᠴᠢᠷ ᠤᠨ ᠥᠪᠡᠷᠮᠢᠴᠡ ᠣᠨᠴᠠᠯᠢᠭ ᠲᠠᠢ ᠰᠢᠶᠠᠨ ᠤ ᠱᠠᠲᠤᠨ ᠤ ᠤᠳᠬ᠎ᠠ ᠤᠷᠠᠯᠢᠭ ᠤᠨ | ᠪᠦᠯᠬᠦᠮ ᠤᠨ ᠳᠠᠭᠤᠷᠢᠶᠠᠵᠤ ᠪᠣᠯᠬᠤᠶᠢᠴᠠ ᠡᠷᠬᠢᠮ ᠨᠠᠨᠳᠢᠨ ᠲᠤᠷᠰᠢᠯᠭ᠎ᠠ ᠶᠢ ᠪᠦᠬᠦ ᠤᠯᠤᠰ ᠤᠨ ᠡᠯ᠎ᠡ ᠭᠠᠵᠠᠷ ᠤᠳ | ᠰᠤᠷᠤᠯᠴᠠᠨ ᠲᠣᠯᠢᠳᠠᠪᠠ᠃ ᠪᠦᠬᠦ ᠤᠯᠤᠰ ᠤᠨ ᠤᠳᠬ᠎ᠠ ᠤᠷᠠᠯᠢᠭ ᠤᠨ ᠬᠢᠨ ᠳᠤ ᠤᠯᠠᠭᠠᠨᠮᠥ᠋ᠴᠢᠷ ᠠᠴᠠ ᠰᠤᠷᠤᠯᠴᠠᠬᠤ | ᠥᠷᠨᠢᠯᠲᠡ ᠭᠠᠷᠴᠤ᠂ ᠭᠠᠵᠠᠷ ᠣᠷᠣᠨ ᠤ ᠰᠣᠶᠣᠯ ᠤᠨ ᠣᠨᠴᠠᠯᠢᠭ ᠲᠠᠢ᠂ ᠠᠷᠠᠳ ᠣᠯᠠᠨ ᠤ ᠬᠦᠷᠢᠶᠡᠯᠡᠯ ᠢ | ᠣᠯᠤᠭᠰᠠᠨ ᠤᠳᠬ᠎ᠠ ᠤᠷᠠᠯᠢᠭ ᠤᠨ ᠰᠠᠯᠪᠤᠷᠢ ᠠᠩᠭᠢ᠂ ᠰᠣᠶᠣᠯ ᠤᠨ ᠠᠵᠢᠯ ᠤᠨ ᠠᠩᠭᠢ ᠵᠡᠷᠭᠡ ᠶᠢ ᠴᠢᠷᠮᠠᠶᠢᠨ | ᠪᠠᠶᠢᠭᠤᠯᠵᠤ᠂ ᠨᠠᠩ ᠣᠯᠠᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠢ | ᠪᠠᠶᠢᠭᠤᠯᠪᠠ᠃ | ᠥᠪᠥᠷ ᠮᠣᠩᠭᠤᠯ ᠴᠤ ᠪᠦᠬᠦ ᠣᠷᠣᠨ ᠤ ᠡᠯ᠎ᠡ ᠠᠵᠢᠯ ᠲᠥᠷᠥᠯ ᠤᠨ ᠬᠢᠨ ︽ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠢ ᠤᠷᠢᠶᠠᠯᠠᠪᠠ᠃ ᠵᠢᠷᠭᠠᠯ ᠤᠨ ᠦᠵᠡᠬᠦ ᠪᠠᠷ᠂ | ︽ᠤᠯᠠᠭᠠᠨᠮᠥ᠋ᠴᠢᠷ︾ ᠭᠡᠳᠡᠭ ᠨᠡᠷ᠎ᠡ ᠨᠢ ᠲᠡᠭᠦᠨ ᠤ ᠤᠤᠯ ᠤᠳᠬ᠎ᠠ ᠠᠴᠠ ᠪᠠᠨ ᠳᠠᠪᠠᠵᠤ᠂ ︽ᠦᠨᠳᠦᠰᠦᠨ | ᠱᠠᠲᠤᠨ ᠳᠤ ᠦᠢᠯᠡᠴᠢᠯᠡᠬᠦ᠂ ᠠᠷᠠᠳ ᠣᠯᠠᠨ ᠳᠤ ᠦᠢᠯᠡᠴᠢᠯᠡᠬᠦ︾ ᠲᠥᠯᠥᠭᠡᠨ ᠤ ᠨᠡᠷ᠎ᠡ ᠪᠣᠯᠵᠠᠶ᠃ | 60 ᠭᠠᠷᠤᠶ ᠵᠢᠯ ᠤᠨ ᠲᠤᠷᠰᠢ᠂ ᠪᠦᠬᠦ ᠣᠷᠣᠨ ᠤ ᠤᠯᠠᠭᠠᠨᠮᠥ᠋ᠴᠢᠷ ᠤᠨ ᠬᠢᠨ ᠨᠡᠶᠢᠲᠡ 132 ᠲᠦᠮᠡ ᠭᠠᠷᠤᠢ | ᠺᠢᠯᠣᠮᠧᠲᠷ ᠠᠶᠠᠯᠠᠵᠤ᠂ ᠦᠨᠳᠦᠰᠦᠨ ᠱᠠᠲᠤᠨ ᠳᠤ 36 ᠲᠦᠮᠡ ᠭᠠᠷᠤᠶ ᠲᠠᠯᠠᠪᠠᠢ ᠤᠳᠠᠭ᠎ᠠ ᠲᠣᠭᠯᠠᠯᠲᠠ ᠭᠠᠷᠭᠠᠵᠤ᠂ | ᠦᠵᠡᠭᠴᠢᠳ ᠨᠢ 2.6 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠴᠥᠭᠡᠨ ᠲᠣᠭᠠᠲᠤ ᠦᠨᠳᠦᠰᠦᠲᠡᠨ ᠤ | ᠭᠠᠵᠠᠷ ᠣᠷᠣᠨ ᠤ ᠦᠨᠳᠦᠰᠦᠨ ᠱᠠᠲᠤᠨ ᠤ ᠰᠣᠶᠣᠯ ᠤᠨ ᠬᠥᠭᠵᠢᠯᠲᠡ ᠪᠠ ᠦᠢᠯᠡᠴᠢᠯᠡᠭᠡᠨ ᠤ ᠠᠷᠭ᠎ᠠ ᠵᠠᠮ ᠢ | ᠨᠡᠬᠡᠬᠡᠵᠦ᠂ ᠥᠪᠡᠷᠮᠢᠴᠡ ᠣᠨᠴᠠᠯᠢᠭ ᠪᠦᠬᠦᠢ ᠦᠨᠳᠦᠰᠦᠲᠡᠨ ᠤ ᠴᠣᠭᠯᠢᠭ ᠭᠦᠭ ᠠᠶᠠᠰ᠂ ᠭᠦᠨ ᠵᠤᠵᠠᠭᠠᠨ | ᠠᠮᠢᠳᠤᠷᠠᠯ ᠤᠨ ᠠᠭᠤᠷ ᠠᠮᠢᠰᠬᠤᠯ᠂ ᠴᠠᠭ ᠦᠶ᠎ᠡ ᠶᠢᠨ ᠣᠨᠴᠠᠯᠢᠭ ᠢᠯᠡ ᠲᠣᠳᠣ᠂ ᠣᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠶ ᠤᠯᠠᠭᠠᠨᠮᠥ᠋ᠴᠢᠷ ᠤᠨ ᠤᠷᠠᠯᠢᠭ ᠤᠨ ᠬᠡᠪ ᠨᠠᠮᠪᠠ ᠶᠢ ᠪᠦᠷᠢᠯᠳᠦᠭᠦᠯᠵᠡᠶ᠃ | ᠲᠣᠰ ᠬᠤᠭᠤᠴᠠᠭᠠᠨ ᠤ ᠤᠷᠠᠯᠢᠭ ᠤᠨ ᠨᠠᠶᠢᠷ ᠲᠤ ᠪᠦᠬᠦ ᠣᠷᠣᠨ ᠤ 18 ᠤᠯᠠᠭᠠᠨᠮᠥ᠋ᠴᠢᠷ ᠤᠨ ᠠᠩᠭᠢ᠂ ᠵᠠᠭᠤ | ᠰᠢᠬᠠᠮ ᠲᠠᠯᠠᠪᠠᠢ ᠲᠣᠭᠯᠠᠯᠲᠠ ᠳᠤᠮᠳᠠ᠂ ᠣᠯᠠᠨ ᠡᠰᠢᠴᠢᠯᠡᠭᠰᠡᠨ ᠤᠷᠠᠯᠢᠭ ᠤᠨ ᠬᠡᠯᠪᠡᠷᠢ ᠨᠡᠯᠢᠶᠡᠳ ᠥᠨᠳᠥᠷ | ᠬᠠᠷᠢᠴᠠᠯ ᠢ ᠡᠵᠡᠯᠡᠪᠡ᠃ ᠠᠯᠠᠱᠠ ᠶᠢᠨ ᠤᠯᠠᠭᠠᠨᠮᠥ᠋ᠴᠢᠷ ᠤᠨ ᠢᠵᠠᠭᠤᠷ ᠶᠠᠷᠢᠶᠠᠲᠤ ᠵᠦᠴᠦᠭᠡ ︽ᠳᠣᠷᠣᠨ᠎ᠠ ᠶᠢᠨ | ᠰᠠᠯᠬᠢ ᠰᠡᠷᠴᠢᠭᠢᠨᠡᠨᠡ︾ ᠨᠢ ᠦᠨᠡᠨ ᠲᠡᠤᠬᠡ ᠶᠢ ᠨᠠᠶᠢᠷᠠᠭᠤᠯᠤᠨ ᠵᠣᠬᠢᠶᠠᠵᠠᠢ︔ ᠠᠯᠠᠱᠠ ᠵᠡᠭᠦᠨ ᠬᠤᠰᠢᠭᠤᠨ ᠤ | ᠤᠯᠠᠭᠠᠨᠮᠥ᠋ᠴᠢᠷ ᠤᠨ ︽ᠡᠯᠡᠰᠦᠨ ᠴᠦᠯ ᠤᠨ ᠬᠥᠩᠭᠡᠨ ᠮᠣᠷᠢᠲᠤ ᠴᠡᠷᠢᠭ · ᠤᠶᠠᠩᠭ᠎ᠠ︾᠂ ᠨᠠᠶᠢᠷᠠᠯ ᠳᠠᠭᠤᠤ᠂ | ᠬᠠᠪᠰᠤᠷᠤᠯ ᠳᠠᠭᠤᠤ ᠵᠢᠴᠢ ᠣᠳᠣ ᠦᠶ᠎ᠡ ᠶᠢᠨ ᠭᠦᠭ ᠠᠶᠠᠰ ᠲᠠᠢ ᠬᠠᠮᠲᠤ ᠶᠢᠨ ᠪᠥᠵᠢᠭ ᠵᠡᠷᠭᠡ ᠨᠢ | ᠤᠯᠠᠭᠠᠨᠮᠥ᠋ᠴᠢᠷ ᠤᠨ ᠲᠣᠭᠯᠠᠯᠲᠠ ᠶᠢᠨ ᠶᠠᠩᠵᠤ ᠬᠡᠯᠪᠡᠷᠢ ᠶᠢ ᠪᠠᠶᠠᠯᠢᠭᠵᠢᠭᠤᠯᠪᠠ᠃ | ︽ᠵᠠᠷᠢᠮ ᠵᠦᠴᠦᠭᠡ ᠶᠢᠨ ᠵᠠᠯᠭᠠᠮᠵᠢᠯᠠᠬᠤ ᠪᠠᠷ ᠰᠠᠭᠤᠷᠢ ᠪᠣᠯᠭᠠᠨ᠂ ᠤᠯᠠᠷᠢᠭᠤᠯᠬᠤ ᠪᠠᠷ ᠵᠠᠮ ᠱᠤᠭᠤᠮ | ᠪᠣᠯᠭᠠᠵᠤ᠂ ᠰᠢᠨ᠎ᠡ ᠶᠢ ᠡᠭᠦᠳᠬᠦ ᠪᠠᠷ ᠵᠠᠩᠭᠢᠯᠠᠭ᠎ᠠ ᠪᠣᠯᠭᠠᠨ᠂ ᠬᠥᠭᠵᠢᠯᠲᠡ ᠪᠠᠷ ᠵᠣᠷᠢᠯᠭ᠎ᠠ ᠪᠣᠯᠭᠠᠭᠰᠠᠨ ᠵᠣᠬᠢᠶᠠᠨ | ᠪᠦᠲᠦᠭᠡᠯᠭᠡ ᠶᠢᠨ ᠬᠠᠨᠳᠤᠰᠢ ᠶᠢ ᠣᠯᠵᠤ ᠬᠠᠷᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠡᠨᠡ ᠬᠦ ᠬᠠᠨᠳᠤᠰᠢ ᠶᠢ | ᠨᠤᠲᠠᠯᠠᠭᠤᠰᠢᠲᠠᠢ ᠶᠤᠮ︾ ᠬᠡᠮᠡᠨ ᠵᠢᠷᠭᠠᠯ ᠶᠠᠷᠢᠵᠤ ᠪᠢᠯᠡ᠃ |