ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠳᠤᠰᠬᠠᠢ ᠰᠡᠳᠦᠪᠳᠤ ᠪᠠᠶᠢᠴᠠᠭᠠᠨ ᠰᠤᠳᠤᠯᠤᠯᠳᠡ ᠶᠢᠨ ᠦᠷ᠎ᠡ ᠪᠦᠳᠦᠬᠡᠯ ᠢ ᠬᠦᠨᠵᠡᠬᠡᠢ ᠰᠤᠯᠢᠯᠴᠠᠪᠠ  ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019/8/23
     8 ᠰᠠᠷ᠎ᠠ ᠶᠢᠨ 22᠎ ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠳᠤᠰᠬᠠᠢ ᠰᠡᠳᠦᠪᠳᠤ ᠪᠠᠶᠢᠴᠠᠭᠠᠨ ᠰᠤᠳᠤᠯᠤᠯᠳᠡ ᠶᠢᠨ ᠦᠷ᠎ᠡ ᠪᠦᠳᠦᠬᠡᠯ ᠢ ᠬᠦᠨᠵᠡᠬᠡᠢ ᠰᠤᠯᠢᠯᠴᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢᠨ ᠳᠤᠭᠤᠷᠢᠨ ᠳᠤ ᠬᠦᠨᠵᠡᠬᠡᠢ ᠪᠠᠶᠢᠴᠠᠭᠠᠨ ᠰᠤᠳᠤᠯᠤᠯᠳᠠ ᠬᠢᠬᠦ ᠨᠢ ᠤᠷᠤᠨ ᠳᠠᠶᠠᠭᠠᠷ ᠲᠤ ︽ᠦᠵᠡᠯ ᠰᠠᠨᠠᠭ᠎ᠠ ᠪᠠᠨ ᠳᠠᠬᠢᠨᠳᠠ ᠴᠢᠯᠦᠬᠡᠯᠡᠵᠥ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠪᠠᠳᠤᠳᠠᠢ ᠬᠡᠷᠡᠭᠵᠢᠭᠦᠯᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠦᠷᠨᠢᠬᠦᠯᠬᠦ ᠴᠢᠬᠤᠯᠠ ᠠᠭᠤᠯᠭ᠎ᠠ ᠪᠤᠯᠤᠨ᠎ᠠ᠂ ᠰᠤᠷᠤᠯᠴᠠᠨ ᠳᠤᠭᠤᠰᠢᠯᠠᠭᠤᠯᠤᠬᠰᠠᠨ ᠪᠠᠶᠢᠳᠠᠯ ᠤᠨ ᠳᠤᠬᠠᠢ ᠵᠤᠬᠢᠶᠠᠨ ᠪᠠᠶᠢᠭᠤᠯᠵᠥ ᠦᠷᠨᠢᠬᠦᠯᠵᠥ ᠪᠠᠶᠢᠭ᠎ᠠ ᠨᠢᠬᠡ ᠤᠳᠠᠭ᠎ᠠ ᠶᠢᠨ ᠰᠢᠰᠲ᠋ᠧᠮ ᠲᠠᠢ ︽ᠡᠷᠬᠢᠨ ᠬᠠᠷᠠᠬᠤ︾ ᠶᠠᠪᠤᠳᠠᠯ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠪᠠᠶᠢᠷᠢᠰᠢᠭᠤᠯᠬᠤ ᠦᠶ᠎ᠡ ᠳᠤ᠂ ᠳᠤᠯᠤᠭᠠᠨ ᠳᠠᠯ᠎ᠠ ᠶᠢᠨ ᠭᠤᠤᠯᠳᠠᠯᠭᠠᠳᠤ ᠠᠭᠤᠯᠭ᠎ᠠ ᠶᠢᠨ ᠳᠤᠭᠤᠷᠢᠨ ᠳᠤ 18 ᠪᠠᠶᠢᠴᠠᠭᠠᠨ ᠰᠤᠳᠤᠯᠬᠤ ᠰᠡᠳᠦᠪ ᠳᠤᠬᠳᠠᠭᠠᠵᠥ᠂ ᠠᠵᠢᠯ ᠤᠨ ᠬᠤᠪᠢᠶᠠᠷᠢᠯᠠᠯ ᠢ ᠦᠨᠳᠦᠰᠦᠯᠡᠨ ᠦᠪᠡᠷᠳᠡᠬᠡᠨ ᠵᠠᠰᠠᠬᠤ ᠤᠷᠤᠨ ᠤ ᠨᠠᠮ ᠵᠠᠰᠠᠬ ᠤᠨ ᠤᠳᠤᠷᠢᠳᠬᠤ ᠪᠠᠬ ᠤᠨ ᠪᠦᠷᠢᠯᠳᠦᠬᠦᠨ ᠳᠤ ᠬᠤᠪᠢᠶᠠᠵᠥ ᠦᠭᠪᠡ᠃ ᠪᠠᠶᠢᠴᠠᠭᠠᠨ ᠰᠤᠳᠤᠯᠬᠤ ᠡᠬᠦᠷᠬᠡ ᠶᠢ ᠡᠬᠦᠷᠬᠡᠯᠡᠭᠰᠡᠨ ᠤᠳᠤᠷᠢᠳᠬᠤ ᠨᠦᠬᠦᠳ ᠬᠠᠮᠢᠶ᠎ᠠ ᠪᠦᠬᠦᠢ ᠨᠢᠬᠡᠴᠢ ᠶᠢ ᠵᠤᠬᠢᠶᠠᠨ ᠪᠠᠶᠢᠭᠤᠯᠵᠥ ᠤᠯᠠᠨ ᠵᠦᠢᠯ ᠤᠨ ᠬᠡᠯᠪᠡᠷᠢ ᠪᠠᠷ ᠪᠠᠶᠢᠴᠠᠭᠠᠨ ᠰᠤᠳᠤᠯᠬᠤ ᠠᠵᠢᠯᠯᠠᠭ᠎ᠠ ᠶᠢ ᠨᠠᠷᠢᠨ ᠬᠢᠨᠠᠮᠠᠭᠠᠢ ᠬᠦᠨᠵᠡᠬᠡᠢ ᠦᠷᠨᠢᠬᠦᠯᠵᠥ᠂ ᠪᠠᠶᠢᠳᠠᠯ ᠢ ᠪᠦᠬᠦ ᠳᠠᠯ᠎ᠠ ᠪᠠᠷ ᠦᠢᠯᠠᠭᠠᠬᠤ ᠶᠢ ᠴᠢᠬᠤᠯᠠᠴᠢᠯᠠᠬᠤ ᠶᠢᠨ ᠵᠡᠷᠭᠡ ᠪᠠᠷ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠥ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠬᠠᠨᠳᠤᠯᠭᠠᠳᠤ ᠴᠢᠨᠠᠷᠳᠠᠢ ᠪᠠᠷ ᠳᠤᠷᠠᠳᠴᠤ᠂ ᠪᠠᠶᠢᠴᠠᠭᠠᠨ ᠰᠤᠳᠤᠯᠬᠤ ᠠᠵᠢᠯᠯᠠᠭ᠎ᠠ ᠶᠢ ᠳᠦᠪ ᠤᠨ ᠵᠤᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠬᠤ᠂ ᠠᠰᠠᠭᠤᠳᠠᠯ ᠢ ᠢᠯᠡᠷᠡᠬᠦᠯᠵᠥ ᠠᠰᠠᠭᠤᠳᠠᠯ ᠢ ᠰᠢᠢᠳᠪᠦᠷᠢᠯᠡᠬᠦ᠂ ᠦᠵᠡᠯ ᠰᠠᠨᠠᠭ᠎ᠠ ᠪᠠᠨ ᠴᠢᠯᠦᠬᠡᠯᠡᠵᠥ ᠰᠡᠳᠬᠢᠴᠡ ᠪᠠᠨ ᠳᠡᠬᠦᠯᠳᠡᠷᠵᠢᠬᠦᠯᠬᠦ ᠶᠠᠪᠤᠴᠠ ᠪᠤᠯᠭᠠᠪᠠ᠃      ᠬᠤᠷᠠᠯ ᠳᠡᠬᠡᠷ᠎ᠡ᠂ ᠯᠢᠨ ᠱᠤᠤ ᠴᠦᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠢ ᠢᠥᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠪᠤᠤ ᠭᠠᠩ ᠵᠡᠷᠭᠡ 9 ᠨᠦᠬᠦᠷ ᠠᠴᠠ ᠤᠨᠴᠠ ᠶᠠᠳᠠᠭᠤ ᠬᠦᠴᠢᠷᠳᠠᠯᠳᠠᠢ ᠭᠠᠵᠠᠷ ᠤᠷᠤᠨ ᠳᠤ ᠠᠩᠬᠠᠷᠤᠯ ᠢᠶᠠᠨ ᠳᠦᠪᠯᠡᠷᠡᠬᠦᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠬᠦ᠂ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠵᠥ᠂ ᠺᠠᠳ᠋ᠷ ᠎ ᠤᠨ ᠰᠤᠷᠳᠠᠯ ᠢ ᠬᠤᠪᠢᠷᠠᠭᠤᠯᠬᠤ᠂ ᠤᠳᠤ ᠦᠶ᠎ᠡ ᠶᠢᠨ ᠰᠤᠶᠤᠯ ᠵᠢᠭᠤᠯᠴᠢᠯᠠᠯ ᠤᠨ ᠠᠵᠥ ᠦᠢᠯᠡᠰ ᠢ ᠬᠦᠭᠵᠢᠬᠦᠯᠬᠦ᠂ ᠦᠨᠳᠤᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ᠂ ᠬᠦᠬᠡᠬᠤᠳᠠ ᠪᠤᠭᠤᠳᠤ ᠤᠷᠳᠤᠰ ᠤᠯᠠᠭᠠᠨᠴᠠᠪ ᠎ ᠤᠨ ᠠᠵᠥ ᠦᠢᠯᠡᠰ ᠤᠨ ᠪᠦᠯᠦᠭᠵᠢᠯ ᠢ ᠪᠤᠵᠠᠭᠠᠢᠢᠷᠠᠭᠤᠯᠤᠨ ᠬᠦᠴᠦᠷᠬᠡᠭᠵᠢᠬᠦᠯᠬᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ᠂ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠳᠤ ᠠᠭᠤᠰᠤᠯᠴᠠᠬᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠴᠢᠩᠭᠠᠳᠬᠠᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠵᠡᠷᠬᠡ 18 ᠪᠠᠶᠢᠴᠠᠭᠠᠨ ᠰᠤᠳᠤᠯᠬᠤ ᠭᠤᠤᠯ ᠰᠡᠳᠦᠪ ᠤᠨ ᠳᠤᠭᠤᠷᠢᠨ ᠳᠤ ᠪᠠᠶᠢᠴᠠᠭᠠᠨ ᠰᠤᠳᠤᠯᠤᠬᠰᠠᠨ ᠦᠷ᠎ᠡ ᠪᠦᠳᠦᠬᠡᠯ ᠢᠶᠠᠨ ᠬᠠᠷᠢᠭᠤ ᠮᠡᠳᠡᠬᠦᠯᠪᠡ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠪᠤᠯᠤᠨ ᠡᠯ᠎ᠡ ᠱᠠᠳᠤᠨ ᠤ ᠤᠳᠤᠷᠢᠳᠬᠤ ᠺᠠᠳ᠋ᠷ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠥ᠂ ︽ᠳᠦᠷᠪᠡᠨ ᠢᠳᠡᠬᠡᠯ︾᠎ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠥ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠬᠤ ᠶᠢ ᠴᠢᠬᠤᠯᠠ ᠤᠯᠤᠰ ᠳᠦᠷᠦ ᠶᠢᠨ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠪᠤᠯᠭᠠᠵᠥ᠂ ᠳᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠢ ︽ᠡᠷᠬᠢᠨ ᠬᠠᠷᠠᠬᠤ︾ ᠠᠵᠢᠯ ᠢ ᠬᠦᠨᠵᠡᠬᠡᠢ ᠦᠷᠨᠢᠬᠦᠯᠵᠥ᠂ ᠤᠷᠤᠰᠢᠵᠥ ᠪᠠᠶᠢᠭ᠎ᠠ ᠠᠰᠠᠭᠤᠳᠠᠯ ᠳᠤ ᠦᠪᠡᠷ ᠢ ᠪᠠᠨ ᠪᠠᠶᠢᠴᠠᠭᠠᠬᠤ ᠦᠪᠡᠷ ᠢ ᠪᠠᠨ ᠵᠠᠯᠠᠷᠠᠭᠤᠯᠬᠤ ᠠᠵᠢᠯᠯᠠᠭ᠎ᠠ ᠦᠷᠨᠢᠬᠦᠯᠵᠥ᠂ ᠠᠰᠠᠭᠤᠳᠠᠯ ᠢ ᠳᠠᠰᠤᠷᠠᠯᠳᠠ ᠦᠬᠡᠢ ᠢᠯᠡᠷᠡᠬᠦᠯᠦᠨ ᠰᠢᠢᠳᠪᠦᠷᠢᠯᠡᠬᠦ ᠶᠠᠪᠤᠴᠠ ᠳᠤ ᠠᠵᠢᠯ ᠎ ᠤᠨ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠬᠦᠯᠵᠥ᠂ ᠦᠨᠡᠨ ᠬᠦ ᠠᠳᠬᠤᠵᠥ ᠪᠤᠳᠠᠳᠠᠢ ᠠᠵᠢᠯᠯᠠᠬᠤ᠂ ᠰᠢᠷᠭᠠᠭᠤ ᠬᠠᠳᠠᠭᠤᠵᠢᠯᠳᠠᠢ ᠠᠵᠢᠯᠯᠠᠬᠤ ᠪᠠᠷ ᠳᠠᠮᠵᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠦᠪᠡᠷᠳᠡᠬᠡᠨ ᠵᠠᠰᠠᠬᠤ ᠤᠷᠤᠨ ᠤ ᠨᠠᠮ ᠵᠠᠰᠠᠬ ᠤᠨ ᠤᠳᠤᠷᠢᠳᠬᠤ ᠨᠦᠬᠦᠳ ︽ᠤᠬ ᠰᠠᠨᠠᠭ᠎ᠠ ᠪᠠᠨ ᠦᠯᠦ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠦᠵᠢᠯ ᠦᠷᠨᠢᠬᠦᠯᠬᠦ ᠲᠠᠢ ᠤᠶᠠᠯᠳᠤᠭᠤᠯᠵᠥ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠳᠠ ᠠᠴᠠ ᠢᠯᠡᠷᠡᠬᠦᠯᠦᠭᠰᠡᠨ ᠠᠰᠠᠭᠤᠳᠠᠯ ᠢ ᠭᠤᠤᠯ ᠰᠡᠳᠦᠪᠳᠤ ᠬᠦᠮᠦᠵᠢᠯ ᠤᠨ ᠠᠰᠠᠭᠤᠳᠠᠯ ᠢ ᠪᠠᠶᠢᠴᠠᠭᠠᠵᠥ ᠦᠵᠡᠬᠦ᠂ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠳᠤ ᠤᠷᠤᠭᠤᠯᠵᠥ᠂ ᠭᠤᠤᠯ ᠰᠡᠳᠦᠪᠳᠤ ᠬᠦᠮᠦᠵᠢᠯ ᠤᠨ ᠪᠠᠶᠢᠴᠠᠭᠠᠨ ᠰᠤᠳᠤᠯᠤᠬᠰᠠᠨ ᠦᠷ᠎ᠡ ᠪᠦᠳᠦᠬᠡᠯ ᠢ ᠤᠨᠳᠤᠤᠰᠢᠭᠤᠯᠤᠨ ᠬᠡᠷᠡᠭᠵᠢᠬᠦᠯᠬᠦ ᠯᠦᠭᠡ ᠵᠡᠷᠭᠡ ᠪᠠᠷ ᠳᠦᠯᠦᠪᠯᠡᠵᠥ᠂ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ ᠠᠳᠬᠤᠬᠤ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠪᠠᠶᠢᠴᠠᠭᠠᠨ ᠰᠤᠳᠤᠯᠬᠤ ᠠᠵᠢᠯ ᠢ ᠶᠡᠭᠡ ᠪᠠᠷ ᠦᠷᠨᠢᠬᠦᠯᠵᠥ᠂ ᠤᠯᠠᠨ ᠲᠦᠮᠡᠨ ᠲᠠᠢ ᠤᠢᠢᠷᠠᠳᠴᠤ᠂ ᠦᠨᠳᠦᠰᠦᠨ ᠱᠠᠲᠤᠨ ᠤ ᠪᠠᠶᠢᠳᠠᠯ ᠢ ᠨᠠᠷᠢᠨ ᠤᠢᠢᠯᠠᠭᠠᠵᠥ᠂ ᠠᠰᠠᠭᠤᠳᠠᠯ ᠢ ᠢᠯᠡᠷᠡᠬᠦᠯᠵᠥ᠂ ᠨᠠᠶᠢᠳᠠᠪᠤᠷᠢᠵᠢᠭᠤᠯᠤᠯᠳᠠ ᠶᠢ ᠠᠳᠬᠤᠵᠥ᠂ ᠦᠬᠡᠷᠡᠴᠢᠯᠡᠯᠳᠡ ᠬᠦᠭᠵᠢᠯᠳᠡ ᠳᠤᠬᠳᠠᠭᠤᠨ ᠤ ᠡᠯ᠎ᠡ ᠵᠦᠢᠯ ᠤᠨ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠵᠥ᠂ ᠤᠯᠠᠨ ᠳᠦᠮᠡᠨ ᠳᠤ ᠠᠰᠢᠬ ᠬᠦᠷᠳᠡᠬᠡᠬᠦ ᠡᠯ᠎ᠡ ᠵᠦᠢᠯ ᠤᠨ ᠠᠵᠢᠯ ᠢ ᠪᠤᠳᠠᠳᠠᠶᠢᠵᠢᠭᠤᠯᠬᠤ ᠬᠡᠷᠡᠭᠳᠡᠢ ᠬᠡᠵᠥ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号