11 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠠᠷᠠᠳ ᠤᠨ ᠤᠷᠠᠯᠢᠭ ᠤᠨ ᠨᠠᠶᠢᠷ ᠬᠦᠬᠡᠬᠤᠳᠠ ᠳᠤ ᠡᠬᠢᠯᠡᠪᠡ  ᠯᠢ ᠢ ᠪᠦ᠋ ᠰᠢᠶᠤᠤ ᠯᠢᠨ ᠤᠷᠤᠯᠴᠠᠵᠠᠢ
ᠨᠡᠶᠢᠲᠡᠯᠡᠭᠰᠡᠨ ᠴᠠᠭ᠄
2019/8/26
     8 ᠰᠠᠷ᠎ᠠ ᠶᠢᠨ 23᠎ ᠤ ᠤᠷᠤᠢ᠂ 11 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠠᠷᠠᠳ ᠤᠨ ᠤᠷᠠᠯᠢᠭ ᠤᠨ ᠨᠠᠶᠢᠷ ᠬᠦᠬᠡᠬᠤᠳᠠ ᠳᠤ ᠡᠬᠢᠯᠡᠪᠡ᠃ ᠳᠡᠯᠡᠬᠡᠢ ᠶᠢᠨ ᠲᠠᠪᠤᠨ ᠶᠡᠭᠡ ᠲᠢᠪ ᠤᠨ 13 ᠤᠯᠤᠰ ᠎ ᠤᠨ 600 ᠭᠠᠷᠤᠢ ᠤᠷᠠᠯᠢᠭᠴᠢᠨ ᠬᠠᠮᠳᠤᠷᠠᠨ ᠤᠯᠠᠨ ᠤᠯᠤᠰ ᠤᠨ ᠬᠡᠪ ᠨᠠᠮᠪᠠ ᠪᠠ ᠦᠨᠳᠦᠰᠦᠳᠡᠨ ᠤ ᠤᠨᠴᠠᠯᠢᠭ ᠢᠶᠠᠷ ᠪᠢᠯᠬᠠᠭᠰᠠᠨ ᠦᠪᠡᠳᠡᠭᠰᠢ ᠴᠤᠭᠯᠠᠭᠠᠨ ᠢ ᠦᠵᠡᠭᠴᠢᠳ ᠲᠤ ᠰᠤᠨᠢᠷᠬᠠᠭᠤᠯᠵᠠᠢ᠃      ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠳᠡᠳ᠋ ᠲᠡᠷᠢᠭᠦᠯᠡᠭᠴᠢ ᠯᠢ ᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠎ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠪᠦᠭᠡᠳ 11 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠠᠷᠠᠳ ᠤᠨ ᠤᠷᠠᠯᠢᠭ ᠤᠨ ᠨᠠᠶᠢᠷ ᠤᠨ ᠬᠦᠰᠢᠭᠡ ᠶᠢ ᠬᠠᠮᠳᠦ ᠪᠠᠷ ᠰᠡᠬᠦᠵᠠᠢ᠃ ᠳᠤᠮᠳᠠᠳᠤ ᠤᠯᠤᠰ ᠤᠨ ᠤᠳᠬ᠎ᠠ ᠤᠷᠠᠯᠢᠭ ᠎ ᠤᠨ ᠬᠢᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ ᠯᠢ ᠴᠢᠶᠠᠨ ᠭᠤᠸᠠᠩ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠧᠩ ᠬᠤᠩ ᠹᠠᠨ ᠪᠠᠶᠠᠷ ᠤᠨ ᠦᠭᠡ ᠬᠡᠯᠡᠵᠠᠢ᠃      ᠯᠢ ᠴᠢᠶᠠᠨ ᠭᠤᠸᠠᠩ ᠪᠠᠶᠠᠷ ᠤᠨ ᠦᠭᠡ ᠳᠡᠭᠡᠨ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠎ ᠤᠨ ᠤᠢ ᠶᠢᠨ ᠲᠠᠰᠢᠷᠠᠮ ᠢᠶᠠᠷ᠂ ᠤᠷᠠᠯᠢᠭ ᠤᠨ ᠨᠠᠶᠢᠷ ᠠᠩᠬ᠎ᠠ ᠤᠳᠠᠭ᠎ᠠ ᠮᠠᠨ ᠤ ᠤᠯᠤᠰ ᠤᠨ ᠤᠮᠠᠷᠠᠳᠤ ᠶᠢᠨ ᠮᠤᠵᠢ ᠤᠷᠤᠨ ᠳᠤ ᠶᠠᠪᠤᠭᠳᠠᠵᠤ ᠪᠠᠶᠢᠨ᠎ᠠ᠂ ᠡᠯ᠎ᠠ ᠤᠯᠤᠰ ᠤᠨ ᠤᠷᠠᠯᠢᠭᠴᠢᠳ ᠲᠤ ᠮᠠᠨ ᠤ ᠤᠯᠤᠰ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠤᠭᠰᠠᠨ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠤᠭᠰᠠᠨ ᠵᠡᠷᠭᠡ ᠡᠯ᠎ᠠ ᠲᠠᠯ᠎ᠠ ᠶᠢᠨ ᠬᠦᠭᠵᠢᠯᠳᠡ ᠶᠢᠨ ᠠᠮᠵᠢᠯᠳᠠ ᠶᠢ ᠤᠢᠢᠯᠠᠭᠠᠭᠤᠯᠬᠤ ᠳᠤ ᠲᠤᠰᠠᠳᠠᠢ ᠶᠤᠮ ᠭᠡᠵᠤ ᠬᠡᠯᠡᠪᠡ᠃      ᠵᠧᠩ ᠬᠤᠩ ᠹᠠᠨ ᠪᠠᠶᠠᠷ ᠤᠨ ᠦᠭᠡ ᠳᠡᠭᠡᠨ᠂ ᠲᠤᠰ ᠤᠳᠠᠭ᠎ᠠ ᠶᠢᠨ ᠤᠷᠠᠯᠢᠭ ᠤᠨ ᠨᠠᠶᠢᠷ ᠢ ᠬᠦᠬᠡᠬᠤᠳᠠ ᠳᠤ ᠡᠷᠬᠢᠯᠡᠨ ᠬᠢᠬᠦ ᠪᠠᠷ ᠠᠵᠠ ᠳᠤᠬᠢᠶᠠᠯ ᠪᠤᠯᠭᠠᠵᠤ᠂ ᠰᠤᠶᠤᠯ ᠤᠨ ᠬᠦᠴᠦᠷᠬᠡᠭ ᠤᠷᠤᠨ ᠢ ᠪᠠᠶᠢᠭᠤᠯᠬᠤ ᠡᠷᠴᠢᠮ ᠢ ᠴᠢᠩᠭᠠᠷᠠᠭᠤᠯᠵᠥ᠂ ᠤᠨᠴᠠᠯᠢᠬᠳᠤ ᠰᠤᠶᠤᠯ ᠤᠨ ᠲᠦᠷᠦᠯ ᠲᠡᠮᠳᠡᠭᠳᠤ ᠶᠢ ᠪᠤᠶᠢᠵᠢᠭᠤᠯᠵᠤ᠂ ᠠᠷᠠᠳ ᠤᠨ ᠤᠷᠠᠯᠢᠭ ᠤᠨ ᠴᠡᠴᠡᠭᠯᠡᠯ ᠬᠦᠭᠵᠢᠯ ᠢ ᠠᠬᠢᠭᠤᠯᠵᠤ᠂ ᠲᠡᠯᠡᠭᠡᠢ ᠳ᠋ᠠᠬᠢᠨ ᠳᠤ ᠲᠤᠮᠳᠠᠳᠤ ᠤᠯᠤᠰ ᠤᠨ ᠪᠠᠷᠠᠭᠤᠨ ᠤᠷᠤᠨ ᠤ ᠦᠭᠡᠷᠡᠴᠢᠯᠡᠯᠳᠠ ᠨᠡᠭᠡᠭᠡᠯᠳᠠ ᠬᠢᠭᠰᠡᠨ ᠠᠮᠵᠢᠯᠳᠠ ᠪᠦᠳᠦᠮᠵᠢ ᠪᠠ ᠲᠠᠯ᠎ᠡ ᠨᠤᠳᠤᠭ ᠤᠨ ᠬᠦᠪᠡᠬᠦᠳ ᠦᠬᠢᠳ ᠤᠨ ᠢᠳᠡᠭᠡᠯ ᠲᠡᠬᠦᠯᠳᠡᠷ ᠪᠦᠬᠦᠢ ᠤᠶᠤᠨ ᠰᠠᠨᠠᠭᠠᠨ ᠤ ᠲᠦᠷᠰᠤ ᠪᠠᠶᠢᠳᠠᠯ ᠢ ᠢᠯᠡᠷᠡᠬᠦᠯᠬᠦ ᠪᠤᠯᠤᠨ᠎ᠡ ᠭᠡᠵᠤ ᠬᠡᠯᠡᠪᠡ᠃      ᠡᠬᠢᠯᠡᠯᠳᠠ ᠶᠢᠨ ᠶᠤᠰᠤᠯᠠᠯ ᠤᠨ ᠲᠠᠷᠠᠭ᠎ᠠ᠂ ︽ᠲᠡᠯᠡᠭᠡᠢ ᠳ᠋ᠠᠬᠢᠨ ᠨᠢᠭᠡ ᠭᠡᠷ ᠮᠠᠳᠤ︾ ᠤᠷᠠᠨ ᠰᠠᠶᠢᠬᠠᠨ ᠤ ᠦᠳᠡᠰᠢᠯᠡᠭᠡ ᠨᠢᠵᠢᠭᠢᠷ ᠰᠠᠶᠢᠬᠠᠨ ᠶᠠᠪᠤᠬᠳᠠᠪᠠ᠃ ᠤᠯᠠᠨ ᠤᠯᠠᠭᠠᠨᠮᠦ᠋ᠴᠢᠷ ᠤᠨ ᠬᠢᠨ ᠲᠠᠭᠤᠯᠠᠨ ᠪᠦᠵᠢᠭᠯᠡᠵᠤ᠂ ᠲᠠᠪᠤᠨ ᠲᠢᠪ ᠠᠴᠠ ᠬᠦᠷᠦᠯᠴᠡᠨ ᠢᠷᠡᠭᠰᠡᠨ ᠤᠷᠠᠯᠢᠬᠴᠢᠳ ᠢᠶᠠᠨ ᠬᠠᠯᠠᠭᠤᠮᠰᠤᠭ ᠢᠶᠠᠷ ᠤᠬᠳᠤᠪᠠ᠃ ᠡᠯ᠎ᠡ ᠤᠯᠤᠰ ᠤᠨ ᠠᠷᠠᠳ ᠤᠨ ᠤᠷᠠᠯᠢᠭᠴᠢᠳ ᠡᠭᠡᠯᠵᠢᠯᠡᠨ ᠲᠠᠶᠢᠰᠠᠨ ᠳᠤ ᠭᠠᠷᠴᠤ ᠲᠤᠬᠯᠠᠯᠳᠠ ᠭᠠᠷᠭᠠᠵᠤ᠂ ︽ᠲᠡᠯᠡᠭᠡᠢ ᠳ᠋ᠠᠬᠢᠨ ᠨᠢᠭᠡ ᠬᠡᠷ ᠮᠠᠳᠤ᠂ ᠲᠠᠶᠠᠭᠠᠷ ᠢᠶᠠᠨ ᠬᠤᠪᠢ ᠵᠠᠶᠠᠭ᠎ᠠ ᠨᠢᠭᠡᠳᠠᠢ︾ ᠭᠡᠬᠦ ᠤᠢᠢᠯᠠᠭᠠᠬᠳᠠᠬᠤᠨ ᠢ ᠬᠦᠢᠴᠡᠳ ᠢᠯᠡᠷᠡᠬᠦᠯᠪᠡ᠃      ᠲᠤᠰ ᠤᠳᠠᠭ᠎ᠠ ᠶᠢᠨ ᠤᠷᠠᠯᠢᠭ ᠤᠨ ᠨᠠᠶᠢᠷ ᠢ ᠲᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠠᠮᠳᠤᠷᠠᠨ ᠭᠤᠤᠯᠯᠠᠨ ᠡᠷᠬᠢᠯᠡᠵᠤ᠂ ᠬᠦᠭᠡᠬᠤᠳᠠ ᠶᠢᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠬᠠᠮᠵᠢᠯᠴᠡᠨ ᠡᠷᠬᠢᠯᠡᠵᠠᠢ᠂ ᠭᠤᠤᠯ ᠰᠡᠳᠦᠪ ᠨᠢ ︽ᠲᠡᠯᠡᠭᠡᠢ ᠶᠢᠨ ᠪᠤᠯᠪᠠᠰᠤᠨ ᠤ ᠰᠤᠯᠢᠯᠴᠠᠭ᠎ᠠ ᠲᠤᠯᠢᠯᠡᠯ ᠢ ᠨᠡᠮᠡᠭᠳᠡᠬᠦᠯᠤᠶ᠎ᠠ︔ ︿ᠨᠢᠭᠡ ᠪᠦᠰᠡ ᠨᠢᠭᠡ ᠵᠠᠮ﹀᠎ ᠤᠨ ᠵᠤᠷᠢᠭ ᠰᠠᠨᠠᠭ᠎ᠠ ᠶᠢ ᠪᠠᠳᠠᠷᠠᠭᠤᠯᠤᠶ᠎ᠠ︔ ᠲᠤᠮᠳᠠᠳᠤ ᠭᠠᠳᠠᠭᠠᠳᠤ ᠶᠢᠨ ᠠᠷᠠᠳ ᠤᠨ ᠰᠡᠳᠬᠢᠯ ᠢ ᠨᠡᠪᠳᠡᠷᠡᠯᠴᠡᠬᠦᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠶ᠎ᠡ︾ ᠪᠤᠯᠤᠨ᠎ᠡ᠃ ᠤᠷᠠᠯᠢᠭ ᠤᠨ ᠨᠠᠶᠢᠷ 8 ᠰᠠᠷ᠎ᠡ ᠶᠢᠨ 28᠎ ᠤ ᠡᠳᠦᠷ ᠪᠤᠯᠳᠠᠯ᠎ᠡ ᠦᠷᠬᠦᠯᠵᠢᠯᠡᠵᠤ᠂ ᠲᠤᠰ ᠬᠤᠭᠤᠴᠠᠭᠠᠨ ᠳᠤ᠂ ᠲᠤᠮᠳᠠᠳᠤ ᠭᠠᠳᠠᠭᠠᠳᠤ ᠶᠢᠨ ᠤᠷᠠᠯᠢᠭ ᠤᠨ ᠪᠦᠯᠬᠦᠮ ᠪᠠ ᠬᠦᠭᠡᠬᠤᠳᠠ ᠶᠢᠨ ᠤᠯᠠᠨ ᠤᠯᠠᠭᠠᠨᠮᠦ᠋ᠴᠢᠷ ᠬᠠᠮᠳᠤᠷᠠᠨ ᠬᠦᠭᠡᠬᠤᠳᠠ ᠶᠢᠨ ᠦᠨᠳᠦᠰᠦᠨ ᠱᠠᠳᠤᠨ ᠤ ᠤᠯᠠᠨ ᠲᠦᠮᠡᠨ ᠳᠤ ᠤᠯᠠᠨ ᠲᠠᠯᠠᠪᠠᠢ ᠲᠤᠬᠯᠠᠯᠳᠠ ᠭᠠᠷᠭᠠᠵᠤ᠂ ᠲᠤᠰ ᠤᠷᠠᠯᠢᠭ ᠤᠨ ᠨᠠᠶᠢᠷ ᠤᠨ ᠲᠡᠯᠡᠭᠡᠶᠢᠴᠢᠯᠡᠭᠰᠡᠨ ᠴᠢᠨᠠᠷ᠂ ᠦᠨᠳᠦᠰᠦᠳᠡᠨ ᠤ ᠴᠢᠨᠠᠷ᠂ ᠠᠷᠠᠳ ᠤᠨ ᠴᠢᠨᠠᠷ᠂ ᠤᠯᠠᠨ ᠲᠦᠮᠡᠨᠴᠢ ᠴᠢᠨᠠᠷ ᠤᠨ ᠤᠨᠴᠠᠯᠢᠭ ᠢ ᠬᠦᠢᠴᠡᠳ ᠢᠯᠡᠷᠡᠬᠦᠯᠬᠦ ᠪᠤᠯᠤᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号