ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠬᠤᠷᠡᠯ ᠬᠤᠷᠡᠯᠳᠤᠭᠤᠯᠵᠥ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠪᠠ  ᠯᠢ ᠵᠢᠢ ᠡᡁᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2019/8/26
     8 ᠰᠠᠷ᠎ᠠ ᠶᠢᠨ 24᠎ ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠬᠤᠷᠡᠯ ᠬᠤᠷᠡᠯᠳᠤᠭᠤᠯᠵᠥ᠂ ᠲᠤᠰᠬᠠᠢ ᠰᠡᠳᠤᠪ ᠢᠶᠠᠷ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠡᠨ ᠤ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠤᠨ 12 ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠬᠤᠷᠡᠯ ᠢ ᠡᠷᠬᠢᠯᠡᠪᠡ᠃      ᠭᠤᠤᠯ ᠰᠡᠳᠤᠪᠳᠤ ᠬᠦᠮᠥᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠶᠠᠪᠤᠴᠠ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠲᠦᠪ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠲᠦᠪ ᠠᠴᠠ ᠪᠠᠶᠢᠷᠢᠯᠠᠭᠤᠯᠤᠬᠰᠠᠠ 8 ᠲᠤᠰᠬᠠᠢ ᠴᠡᠭᠴᠡᠯᠡᠨ ᠵᠠᠰᠠᠬᠤ ᠡᠬᠦᠷᠬᠡ ᠶᠢᠨ ᠰᠠᠭᠤᠷᠢᠨ ᠳᠤ᠂ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠥ᠂ ᠤᠨᠤᠯ ᠤᠨ ᠰᠤᠷᠤᠯᠴᠠᠯᠭ᠎ᠠ᠂ ᠦᠵᠡᠯ ᠰᠠᠨᠠᠭ᠎ᠠ ᠪᠠᠨ ᠴᠢᠯᠥᠬᠡᠯᠡᠬᠦ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠮᠳᠠ ᠤᠷᠤᠰᠢᠵᠥ ᠪᠠᠶᠢᠭ᠎ᠠ ᠠᠰᠠᠭᠤᠳᠠᠯ ᠪᠤᠯᠤᠨ ︽ᠶᠡᠷᠦᠮᠳᠡᠭ ᠬᠦᠨ ᠤᠬᠠᠭᠠᠨ᠂ ᠵᠢᠵᠢᠭ ᠪᠦᠯᠬᠦᠮ ᠤᠨ ᠰᠤᠶᠤᠯ︾᠎ ᠢ ᠦᠢᠯᠡᠳᠴᠦ ᠪᠠᠶᠢᠭ᠎ᠠ ᠠᠰᠠᠭᠤᠳᠠᠯ ᠢ ᠲᠦᠪᠯᠡᠷᠡᠬᠦᠯᠥᠨ ᠴᠡᠭᠴᠡᠯᠡᠨ ᠵᠠᠰᠠᠬᠤ ᠪᠠᠷ 4 ᠲᠤᠰᠬᠠᠢ ᠴᠡᠭᠴᠡᠯᠡᠨ ᠵᠠᠰᠠᠬᠤ ᠡᠬᠦᠷᠬᠡ ᠶᠢ ᠨᠡᠮᠡᠵᠥ᠂ ᠲᠤᠰᠬᠠᠢ ᠴᠡᠭᠴᠡᠯᠡᠨ ᠵᠠᠰᠠᠬᠤ ᠡᠬᠦᠷᠬᠡ ᠪᠦᠬᠦᠨ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ ᠲᠦᠷᠦᠬᠦᠯᠡᠨ ᠬᠠᠷᠢᠭᠤᠴᠠᠭᠰᠠᠠ ᠪᠠᠶᠢᠨ᠎ᠠ᠃      ᠬᠤᠷᠡᠯ ᠲᠡᠬᠡᠷ᠎ᠡ᠂ ᠯᠢᠨ ᠱᠤᠤ ᠴᠦᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠢ ᠢᠤᠢ ᠭᠠᠩ᠂ ᠶᠠᠩ ᠸᠧᠢ ᠳ᠋ᠦᠩ᠂ ᠵᠠᠩ ᠱᠤᠤ ᠴᠦᠨ 12 ᠲᠤᠰᠬᠠᠢ ᠴᠡᠭᠴᠡᠯᠡᠨ ᠵᠠᠰᠠᠬᠤ ᠡᠬᠦᠷᠬᠡ ᠶᠢᠨ ᠠᠬᠢᠴᠠ ᠶᠢᠨ ᠪᠠᠶᠢᠳᠠᠯ ᠢ ᠲᠤᠰ ᠲᠤᠰ ᠬᠠᠷᠢᠭᠤ ᠮᠡᠳᠡᠬᠦᠯᠪᠡ᠃      ᠬᠤᠷᠡᠯ ᠠᠴᠠ᠂ ᠲᠤᠰᠬᠠᠢ ᠴᠡᠭᠴᠡᠯᠡᠨ ᠵᠠᠰᠠᠬᠤ ᠪᠤᠯ ᠭᠤᠤᠯ ᠰᠡᠳᠤᠪᠳᠤ ᠬᠦᠮᠥᠵᠢᠯ ᠤᠨ ᠴᠡᠭᠴᠡᠯᠡᠨ ᠵᠠᠰᠠᠵᠥ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠮᠥᠨ᠃ ᠮᠠᠨ ᠤ ᠤᠷᠤᠨ ᠤ ᠲᠤᠭᠳᠠᠭᠠᠭᠰᠠᠠ ︽8 + 4︾᠎ ᠶᠢᠨ ᠲᠤᠰᠬᠠᠢ ᠴᠡᠭᠴᠡᠯᠡᠨ ᠵᠠᠰᠠᠬᠤ ᠡᠬᠦᠷᠬᠡ ᠨᠢ ᠪᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠎ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠶᠡᠭᠡ ᠠᠵᠢᠯ ᠳᠤ ᠠᠩᠬᠠᠷᠤᠯ ᠎ ᠢᠶᠠᠨ ᠲᠦᠪᠯᠡᠷᠡᠬᠦᠯᠵᠥ᠂ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠤᠳᠠᠢ ᠬᠢᠵᠥ᠂ ᠭᠤᠤᠯ ᠰᠡᠳᠤᠪᠳᠤ ᠬᠦᠮᠥᠵᠢᠯ ᠤᠨ ᠪᠤᠳᠠᠳᠠᠢ ᠦᠷ᠎ᠡ ᠪᠦᠳᠦᠮᠵᠢ ᠶᠢ ᠲᠡᠭᠡᠭᠰᠢᠯᠡᠬᠦᠯᠬᠦ᠂ ᠦᠪᠡᠷᠳᠡᠭᠡᠨ ᠵᠠᠰᠠᠬᠤ ᠤᠷᠤᠨ ᠤ ᠦᠬᠡᠷᠡᠴᠢᠯᠡᠯᠳᠡ ᠬᠦᠭᠵᠢᠯᠳᠡ ᠲᠤᠭᠳᠠᠭᠤᠨ ᠪᠤᠯᠤᠨ ᠨᠠᠮ ᠤᠨ ᠪᠠᠶᠢᠭᠤᠯᠤᠯᠳᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠎ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠥ᠂ ᠡᠷᠡᠰ ᠰᠢᠭᠤᠷᠬᠠᠢ ᠤᠪᠤᠷ᠂ ᠬᠦᠴᠦᠳᠠᠢ ᠪᠦᠳᠦᠮᠵᠢᠳᠡᠢ ᠠᠷᠭ᠎ᠠ ᠬᠡᠮᠵᠢᠶ᠎ᠡ ᠪᠠᠷ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠵᠥ᠂ ᠪᠤᠳᠠᠳᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠬᠦᠷᠬᠡᠯᠡᠵᠥ ᠵᠢᠳᠬᠦᠯ ᠴᠢᠷᠮᠠᠶᠢᠯᠭ᠎ᠠ ᠭᠠᠷᠭᠠᠵᠥ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠵᠥ ᠪᠠᠶᠢᠬᠤ ᠶᠢ ᠢᠯᠡᠷᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠡᠯ ᠠᠴᠠ᠂ ᠲᠤᠰᠬᠠᠢ ᠴᠡᠭᠴᠡᠯᠡᠨ ᠵᠠᠰᠠᠯᠳᠠ ᠶᠢ ᠦᠷᠨᠢᠬᠦᠯᠬᠦ ᠳᠤ ᠭᠤᠤᠯᠳᠠᠯᠭ᠎ᠠ ᠪᠠᠨ ᠲᠤᠪᠤᠶᠢᠮ᠎ᠡ ᠠᠰᠠᠭᠤᠳᠠᠯ ᠢ ᠦᠨᠡᠨ ᠪᠤᠳᠠᠳᠠᠢ ᠰᠢᠢᠳᠪᠤᠷᠢᠯᠡᠬᠦ ᠳᠡᠭᠡᠷ᠎ᠡ ᠲᠠᠯᠪᠢᠬᠤ ᠬᠡᠷᠡᠭᠳᠡᠢ᠃ ᠲᠤᠰᠬᠠᠢ ᠴᠡᠭᠴᠡᠯᠡᠨ ᠵᠠᠰᠠᠯᠳᠠ ᠪᠦᠬᠦᠨ ᠳᠤ ᠪᠦᠷ ᠠᠰᠠᠭᠤᠳᠠᠯ ᠤᠨ ᠨᠠᠷᠢᠨ ᠲᠠᠩᠰᠠ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠤᠳᠤᠷᠬᠠᠢ ᠲᠤᠬᠳᠠᠭᠠᠵᠤ᠂ ᠪᠠᠷᠢᠨ ᠴᠡᠭᠴᠡᠯᠡᠨ ᠰᠠᠶᠢᠵᠢᠷᠠᠭᠤᠯᠵᠥ ᠲᠠᠶᠢᠯᠬᠦ ᠠᠰᠠᠭᠤᠳᠠᠯ ᠢ ᠪᠠᠷᠢᠨ ᠴᠡᠭᠴᠡᠯᠡᠨ ᠰᠠᠶᠢᠵᠢᠷᠠᠭᠤᠯᠵᠥ᠂ ᠪᠠᠷᠢᠨ ᠰᠢᠢᠳᠪᠤᠷᠢᠯᠡᠵᠥ ᠲᠠᠶᠢᠯᠬᠦ ᠦᠬᠡᠢ ᠪᠤᠯ ᠴᠠᠭ ᠤᠨ ᠬᠦᠰᠦᠨᠦᠭ᠂ ᠱᠤᠭᠤᠮ ᠤᠨ ᠵᠢᠷᠤᠭ ᠲᠤᠭᠳᠠᠭᠠᠵᠥ ᠦᠷᠬᠦᠯᠵᠢᠯᠡᠨ ᠴᠡᠭᠴᠡᠯᠡᠨ ᠰᠠᠶᠢᠵᠢᠷᠠᠭᠤᠯᠵᠥ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠬᠡᠶᠢᠯᠡᠵᠥ᠂ ᠯᠤᠤ ᠶᠢᠨ ᠲᠤᠯᠤᠭᠠᠢ ᠪᠠᠷ ᠡᠬᠢᠯᠡᠬᠦᠯᠵᠥ ᠮᠤᠭᠠᠢ ᠶᠢᠨ ᠰᠡᠬᠦᠯ ᠢᠶᠠᠷ ᠲᠡᠬᠦᠰᠬᠡᠬᠦ ᠶᠢ ᠰᠡᠷᠬᠡᠶᠢᠯᠡᠬᠦ ᠬᠡᠷᠡᠭᠳᠡᠢ᠃ ᠲᠤᠰᠬᠠᠢ ᠴᠡᠭᠴᠡᠯᠡᠨ ᠵᠠᠰᠠᠯᠳᠠ ᠶᠢ ᠰᠤᠷᠤᠯᠴᠠᠯᠭ᠎ᠠ ᠬᠦᠮᠥᠵᠢᠯ᠂ ᠪᠠᠶᠢᠴᠠᠭᠠᠨ ᠰᠤᠳᠤᠯᠤᠯᠳᠡ᠂ ᠠᠰᠠᠭᠤᠳᠠᠯ ᠢ ᠪᠠᠶᠢᠴᠠᠭᠠᠨ ᠦᠵᠡᠬᠦ ᠲᠠᠢ ᠵᠤᠯᠭᠠᠭᠤᠯᠵᠥ᠂ ᠢᠯᠠᠩᠭᠤᠶ᠎ᠠ ᠪᠦᠬᠦᠯᠢ ᠴᠤᠭᠴᠠ ᠶᠢᠨ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠠᠵᠢᠯ ᠲᠠᠢ ᠨᠡᠪᠳᠡᠷᠡᠬᠦᠯᠵᠥ᠂ ᠲᠤᠪᠤᠶᠢᠮ᠎ᠠ ᠠᠰᠠᠭᠤᠳᠠᠯ ᠢ ᠲᠦᠪᠯᠡᠷᠡᠬᠦᠯᠥᠨ ᠰᠢᠢᠳᠪᠦᠷᠢᠯᠡᠬᠦ ᠶᠢ ᠪᠠᠳᠤᠯᠠᠬᠤ ᠪᠠᠷ ᠪᠠᠷᠠᠬᠤ ᠦᠬᠡᠢ᠂ ᠭᠤᠤᠯ ᠰᠡᠳᠤᠪᠳᠤ ᠬᠦᠮᠥᠵᠢᠯ ᠤᠨ ᠲᠤᠮᠳᠠ ᠪᠠᠶᠢᠴᠠᠭᠠᠨ ᠦᠵᠡᠭᠰᠡᠡ ᠪᠠ ᠢᠯᠡᠷᠡᠬᠦᠯᠥᠭᠰᠡᠡ ᠠᠰᠠᠭᠤᠳᠠᠯ ᠢ ᠨᠢᠬᠡ ᠨᠢᠬᠡ ᠪᠠᠷ ᠴᠡᠭᠴᠡᠯᠡᠨ ᠰᠠᠶᠢᠵᠢᠷᠠᠭᠤᠯᠵᠥ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠬᠤᠶᠠᠷ ᠪᠦᠯᠥᠭ ᠢ ᠰᠠᠶᠢᠳᠤᠷ ᠬᠤᠯᠪᠤᠯᠳᠤᠭᠤᠯᠵᠤ᠂ ᠲᠡᠬᠡᠳᠦ ᠲᠤᠤᠷᠠᠳᠤ ᠱᠠᠳᠤ ᠶᠢ ᠰᠠᠶᠢᠳᠤᠷ ᠬᠤᠯᠪᠤᠯᠳᠤᠭᠤᠯᠤᠨ ᠲᠤᠰᠬᠠᠢ ᠴᠡᠭᠴᠡᠯᠡᠨ ᠵᠠᠰᠠᠯᠳᠠ ᠶᠢ ᠠᠳᠬᠤᠵᠥ᠂ ᠲᠤᠰᠬᠠᠢ ᠴᠡᠭᠴᠡᠯᠡᠨ ᠵᠠᠰᠠᠬᠤ ᠠᠵᠢᠯ ᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠵᠥ᠂ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠤᠭᠰᠠᠠ ᠦᠷ᠎ᠡ ᠪᠦᠳᠦᠮᠵᠢ ᠶᠢ ᠪᠠᠬᠢᠵᠢᠬᠦᠯᠥᠨ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠡᠯ ᠠᠴᠠ᠂ ᠵᠤᠬᠢᠶᠠᠨ ᠪᠠᠶᠢᠭᠤᠯᠵᠥ ᠤᠳᠤᠷᠢᠳᠬᠤ ᠪᠠ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠥ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠯᠠᠪᠳᠠᠭᠤᠨ ᠪᠠᠳᠤᠳᠠᠢ ᠬᠦᠨᠵᠡᠬᠡᠢ ᠦᠷᠨᠢᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠡᠯ᠎ᠡ ᠲᠤᠰᠬᠠᠢ ᠴᠡᠭᠴᠡᠯᠡᠨ ᠵᠠᠰᠠᠬᠤ ᠡᠬᠦᠷᠬᠡ ᠶᠢ ᠬᠠᠷᠢᠭᠤᠴᠠᠵᠥ ᠪᠠᠶᠢᠭ᠎ᠠ ᠤᠳᠤᠷᠢᠳᠤᠯᠭ᠎ᠠ ᠬᠠᠷᠢᠭᠤᠴᠠᠯᠭ᠎ᠠ ᠪᠠᠨ ᠦᠨᠡᠨ ᠬᠦ ᠡᠬᠦᠷᠬᠡᠯᠡᠵᠥ᠂ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠨ ᠲᠤᠬᠢᠷᠠᠭᠤᠯᠵᠥ᠂ ᠠᠵᠢᠯ ᠢ ᠠᠬᠢᠭᠤᠯᠬᠤ ᠲᠤᠮᠳᠠᠬᠢ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠤᠷᠢᠯᠡᠬᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠭᠤᠤᠯ ᠰᠡᠳᠤᠪᠳᠤ ᠬᠦᠮᠥᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠬᠡᠷ ᠪᠤᠯᠤᠨ ᠦᠪᠡᠷᠳᠡᠭᠡᠨ ᠵᠠᠰᠠᠬᠤ ᠤᠷᠤᠨ ᠤ ᠡᠯ᠎ᠡ ᠲᠤᠭᠤᠷᠢᠨ ᠪᠠᠶᠢᠴᠠᠭᠠᠵᠥ ᠵᠢᠯᠤᠭᠤᠳᠬᠤ ᠲᠤᠭᠤᠢᠢᠯᠠᠩ ᠤᠨ ᠬᠢᠨ ᠮᠦᠷᠳᠡᠨ ᠵᠢᠯᠤᠭᠤᠳᠬᠤ ᠪᠠᠨ ᠴᠢᠩᠭᠠᠳᠬᠠᠵᠥ᠂ ᠲᠤᠰᠬᠠᠢ ᠴᠡᠭᠴᠡᠯᠡᠨ ᠵᠠᠰᠠᠯᠳᠠ ᠶᠢ ᠬᠦᠴᠦᠳᠠᠢ ᠦᠷᠨᠢᠬᠦᠯᠦᠭᠰᠡᠡ ᠦᠬᠡᠢ ᠪᠤᠶᠤ ᠬᠡᠯᠪᠡᠷᠢ ᠶᠢᠨ ᠲᠡᠳᠤᠢ ᠬᠢᠵᠥ᠂ ᠬᠠᠰᠢ ᠶᠠᠰᠢ ᠪᠠᠷ ᠦᠩᠬᠡᠷᠡᠬᠦᠯᠵᠥ ᠪᠠᠶᠢᠭ᠎ᠠ ᠶᠢ ᠨᠢ ᠴᠢᠩᠭ᠎ᠠ ᠰᠢᠬᠦᠮᠵᠢᠯᠡᠵᠥ᠂ ᠱᠠᠯᠠᠪᠳᠠᠭᠤᠯᠤᠨ ᠱᠠᠭᠠᠷᠳᠠᠵᠥ ᠪᠠᠶᠢᠭᠠᠳ ᠬᠠᠯᠠᠨ ᠰᠠᠶᠢᠵᠢᠷᠠᠭᠤᠯᠬᠤ ᠬᠡᠷᠡᠭᠳᠡᠢ᠃ ᠡᠭᠦᠳᠡ ᠪᠠᠨ ᠨᠡᠭᠡᠭᠡᠵᠤ ᠴᠡᠭᠴᠡᠯᠡᠨ ᠵᠠᠰᠠᠬᠤ ᠶᠢ ᠪᠠᠷᠢᠮᠳᠠᠯᠠᠵᠤ᠂ ᠤᠯᠠᠨ ᠲᠦᠮᠡᠨ ᠢ ᠤᠷᠤᠯᠴᠠᠭᠤᠯᠵᠤ᠂ ᠤᠯᠠᠨ ᠲᠦᠮᠡᠨ ᠢᠶᠠᠷ ᠦᠨᠡᠯᠡᠬᠦᠯᠵᠥ᠂ ᠤᠯᠠᠨ ᠲᠦᠮᠡᠨ ᠤ ᠬᠢᠨᠠᠯᠳᠠ ᠶᠢ ᠬᠦᠯᠢᠶᠡᠵᠥ᠂ ᠦᠨᠳᠦᠰᠦᠨ ᠱᠠᠳᠤᠨ ᠤ ᠤᠯᠠᠨ ᠲᠦᠮᠡᠨ ᠤ ᠤᠢᠢᠯᠠᠭᠠᠯᠳᠠ ᠲᠦᠷᠦᠭᠳᠡᠯ ᠢᠶᠠᠷ ᠪᠤᠳᠠᠳᠠᠢ ᠴᠡᠭᠴᠡᠯᠡᠨ ᠵᠠᠰᠠᠭᠰᠠᠠ ᠦᠷ᠎ᠡ ᠪᠦᠳᠦᠬᠡᠯ ᠢ ᠰᠢᠯᠭᠠᠨ ᠪᠠᠶᠢᠴᠠᠭᠠᠯᠭᠠᠬᠤ ᠬᠡᠷᠡᠭᠳᠡᠢ ᠬᠡᠵᠥ ᠴᠢᠬᠤᠯᠠᠴᠢᠯᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号