ᠯᠢ ᠵᠢᠢ ᠾᠧᠩ ᠳᠤᠮᠳᠠᠳᠤ ᠤᠯᠤᠰ ᠤᠨ ᠪᠠᠩᠭᠢ ᠶᠢᠨ ᠨᠠᠮ ᠤᠨ ᠬᠤᠷᠢᠶᠠᠨ ᠤ ᠱᠦᠵᠢ ᠬᠡᠷᠡᠭ ᠮᠡᠳᠡᠭᠴᠢᠳ ᠎ ᠤᠨ ᠳᠠᠷᠤᠭ᠎ᠠ ᠯᠢᠦ ᠯᠢᠶᠠᠨ ᠭᠧ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2019/8/26
     8 ᠰᠠᠷ᠎ᠠ ᠶᠢᠨ 23᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠳᠤᠮᠳᠠᠳᠤ ᠤᠯᠤᠰ ᠤᠨ ᠪᠠᠩᠭᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠎ ᠤᠨ ᠳᠠᠷᠤᠭ᠎ᠠ ᠯᠢᠦ ᠯᠢᠶᠠᠨ ᠭᠧ ᠨᠠᠷ ᠲᠠᠢ ᠠᠭᠤᠯᠵᠠᠪᠠ᠃      ᠯᠢ ᠵᠢᠢ ᠾᠧᠩ᠂ ᠳᠤᠮᠳᠠᠳᠤ ᠤᠯᠤᠰ ᠤᠨ ᠪᠠᠩᠭᠢ ᠶᠢᠨ ᠤᠯᠠᠨ ᠵᠢᠯ ᠤᠨ ᠲᠤᠷᠰᠢ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠬᠦᠴᠦᠳᠠᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠳᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠳᠠᠢ ᠲᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠪᠠᠩᠭᠢ ᠶᠢᠨ ᠬᠢᠨ ᠤᠯᠤᠰ ᠤᠨ ᠦᠮᠴᠢᠯᠡᠯ ᠤᠨ ᠲᠤᠮᠤ ᠪᠠᠩᠭᠢ ᠪᠤᠯᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠠᠵᠤ ᠦᠢᠯᠡᠰ ᠤᠨ ᠬᠦᠭᠵᠢᠯᠳᠡ᠂ ᠭᠠᠳᠠᠭᠠᠳᠤ ᠨᠡᠬᠡᠬᠡᠯᠳᠡ᠂ ᠠᠷᠠᠳ ᠤᠨ ᠠᠮᠢᠳᠤᠷᠠᠯ ᠤᠨ ᠰᠠᠶᠢᠵᠢᠷᠠᠯᠳᠠ ᠵᠡᠷᠭᠡ ᠲᠠᠯ᠎ᠠ ᠪᠠᠷ ᠦᠪᠡᠷᠳᠡᠭᠡᠨ ᠵᠠᠰᠠᠬᠤ ᠤᠷᠤᠨ ᠳᠤ ᠨᠡᠩ ᠤᠯᠠᠨ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠬᠦᠰᠡᠵᠤ ᠪᠠᠶᠢᠨ᠎ᠠ᠃ ᠦᠪᠦᠷ ᠮᠤᠩᠭᠤᠯ ᠳᠤᠷᠠᠳᠠᠶ᠎ᠠ ᠳᠤᠮᠳᠠᠳᠤ ᠤᠯᠤᠰ ᠤᠨ ᠪᠠᠩᠭᠢ ᠯᠤᠭ᠎ᠠ ᠶᠢᠨ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠤ᠂ ᠨᠡᠩ ᠰᠢᠯᠢᠳᠡᠭ ᠮᠦᠩᠭᠦᠨ ᠭᠦᠢᠯᠭᠡᠭᠡᠨ ᠤ ᠤᠷᠴᠢᠨ ᠢ ᠬᠠᠮᠳᠦ ᠪᠠᠷ ᠪᠠᠶᠢᠭᠤᠯᠤᠨ᠎ᠠ ᠭᠡᠵᠤ ᠬᠡᠯᠡᠪᠡ᠃      ᠯᠢᠦ ᠯᠢᠶᠠᠨ ᠭᠧ᠂ ᠳᠤᠮᠳᠠᠳᠤ ᠤᠯᠤᠰ ᠤᠨ ᠪᠠᠩᠭᠢ ᠶᠢᠨ ᠬᠢᠨ ᠦᠪᠦᠷ ᠮᠤᠩᠭᠤᠯ ᠤᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠵᠠᠮᠨᠠᠬᠤ ᠶᠢ ᠢᠳᠡᠪᠬᠢᠳᠠᠢ ᠳᠡᠮᠵᠢᠵᠤ᠂ ᠦᠪᠦᠷ ᠮᠤᠩᠭᠤᠯ ᠤᠨ ᠠᠵᠤ ᠦᠢᠯᠡᠰ ᠎ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ᠂ ᠭᠠᠳᠠᠭᠠᠳᠤ ᠨᠡᠬᠡᠬᠡᠯᠳᠡ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠬᠦᠷᠢᠶᠡᠨ ᠳᠤ ᠢᠳᠡᠭᠡᠮᠵᠢ ᠶᠢᠨ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠥ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠳᠠ ᠪᠤᠯᠤᠨ ᠦᠭᠡᠷᠡᠴᠢᠯᠡᠯᠳᠡ ᠬᠦᠭᠵᠢᠯᠳᠡ ᠳᠤ ᠬᠦᠴᠦᠨ ᠨᠡᠮᠡᠷᠢᠯᠡᠨ᠎ᠠ ᠭᠡᠵᠤ ᠢᠯᠡᠳᠭᠡᠵᠠᠢ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠪᠤᠤ ᠭᠠᠩ ᠵᠢᠴᠢ ᠬᠤᠯᠪᠤᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号