᠎ ᠶᠢᠨ ᠯᠢ ᠴᠢᠶᠦ᠋ᠨ ᠨᠠᠷ ᠲᠦᠩᠯᠢᠶᠤᠤ ᠬᠤᠳᠠ ᠳᠤ ᠰᠢᠨᠵᠢᠯᠡᠨ ᠪᠠᠶᠢᠴᠠᠭᠠᠪᠠ  ᠪᠦ᠋ ᠰᠢᠶᠤᠤ ᠯᠢᠨ ᠬᠠᠮᠳᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2019/8/26
     8 ᠰᠠᠷ᠎ᠠ ᠶᠢᠨ 24᠎ ᠠᠴᠠ 25᠎ ᠤ ᠡᠳᠤᠷ ᠪᠤᠯᠳᠠᠯ᠎ᠠ᠂ ᠠᠽᠢᠶ᠎ᠠ ᠲᠢᠪ ᠤᠨ ᠰᠠᠭᠤᠷᠢ ᠲᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠶᠢᠨ ᠲᠠᠷᠤᠭ᠎ᠠ ᠶᠢᠨ ᠯᠢ ᠴᠢᠶᠦ᠋ᠨ ᠨᠠᠷ ᠲᠦᠩᠯᠢᠶᠤᠤ ᠳᠤ ᠬᠦᠷᠴᠦ᠂ ᠲᠤᠮᠳᠠᠳᠤ ᠮᠤᠩᠭᠤᠯ ᠤᠷᠤᠰ ᠤᠨ ᠬᠤᠯᠪᠤᠯᠳᠤᠨ ᠨᠡᠪᠳᠡᠷᠡᠯᠴᠡᠬᠦ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠪᠤᠯᠤᠨ ᠤᠰᠤᠨ ᠠᠰᠢᠬᠯᠠᠯᠳᠠ ᠶᠢᠨ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠵᠡᠷᠬᠡ ᠲᠦᠷᠦᠯ ᠵᠦᠢᠯ ᠳᠤ ᠰᠢᠨᠵᠢᠯᠡᠨ ᠪᠠᠶᠢᠴᠠᠭᠠᠯᠳᠠ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠲᠦᠩᠯᠢᠶᠤᠤ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠵᠢᠶᠧ ᠰᠢᠶᠠᠩ ᠬᠠᠮᠳᠤ ᠰᠢᠨᠵᠢᠯᠡᠨ ᠪᠠᠶᠢᠴᠠᠭᠠᠵᠠᠢ᠃      ᠬᠤᠷᠴᠢᠨ ᠦᠬᠡᠷ ᠤᠨ ᠦᠢᠯᠡᠰ ᠪᠤᠯ ᠲᠦᠩᠯᠢᠶᠤᠤ ᠬᠤᠳᠠ ᠶᠢᠨ ᠲᠤᠯᠤᠭᠠᠢᠢᠯᠠᠬᠴᠢ ᠠᠵᠥ ᠠᠬᠤᠢᠢᠯᠠᠯ ᠪᠤᠯᠤᠨ᠎ᠠ᠂ ᠠᠵᠥ ᠠᠬᠤᠢᠢᠯᠠᠯ ᠳᠤ ᠡᠪᠡᠰᠦ ᠪᠤᠷᠳᠤᠭ᠎ᠠ ᠲᠠᠷᠢᠬᠤ᠂ ᠮᠢᠬᠠᠨ ᠤ ᠦᠬᠡᠷ ᠲᠡᠵᠢᠬᠡᠨ ᠦᠷᠡᠵᠢᠬᠦᠯᠬᠦ᠂ ᠦᠢᠯᠡᠳᠪᠤᠷᠢᠯᠡᠵᠥ ᠡᠳ᠋ᠰᠢᠬᠦᠯᠬᠦ᠂ ᠬᠦᠯᠳᠡᠬᠦᠤ ᠪᠠᠷ ᠵᠦᠬᠡᠬᠡᠪᠤᠷᠢᠯᠡᠬᠦ ᠪᠠ ᠬᠦᠯᠳᠡᠬᠦᠤ ᠪᠠᠷ ᠪᠤᠷᠤᠯᠠᠭᠤᠯᠬᠤ ᠶᠢ ᠨᠢᠬᠡ ᠴᠤᠭᠴᠠᠵᠢᠭᠤᠯᠤᠭᠰᠠᠠ ᠪᠦᠷᠢᠨ ᠪᠦᠳᠦᠨ ᠠᠮᠢ ᠠᠬᠤᠢ ᠶᠢᠨ ᠠᠵᠥ ᠦᠢᠯᠡᠰ ᠤᠨ ᠬᠡᠯᠬᠢᠶ᠎ᠡ ᠲᠠᠢ ᠶᠤᠮ᠃ ᠶᠢᠨ ᠯᠢ ᠴᠢᠶᠦ᠋ᠨ ᠪᠤᠯᠤᠨ ᠪᠦ᠋ ᠰᠢᠶᠤᠤ ᠯᠢᠨ ᠨᠠᠷ ᠬᠤᠷᠴᠢᠨ ᠦᠬᠡᠷ ᠤᠨ ᠦᠢᠯᠡᠰ ᠤᠨ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠪᠠᠶᠠᠨᠬᠤᠰᠢᠭᠤ ᠭᠠᠴᠠᠭ᠎ᠠ ᠳᠤ ᠪᠠᠶᠢᠭ᠎ᠠ ᠲᠡᠵᠢᠬᠡᠨ ᠦᠷᠡᠵᠢᠬᠦᠯᠬᠦ ᠰᠠᠭᠤᠷᠢᠨ ᠳᠤ ᠢᠷᠡᠵᠥ᠂ ᠲᠡᠵᠢᠬᠡᠨ ᠦᠷᠡᠵᠢᠬᠦᠯᠬᠦ ᠰᠠᠭᠤᠷᠢᠨ ᠤ ᠲᠦᠢᠮᠤ ᠪᠠᠶᠢᠳᠠᠯ᠂ ᠡᠵᠡᠩᠨᠡᠯᠳᠡ ᠶᠢᠨ ᠠᠷᠭ᠎ᠠ᠂ ᠦᠬᠡᠷ ᠤᠨ ᠡᠭᠦᠯᠳᠡᠷ ᠤᠨ ᠢᠷᠡᠯᠳᠡ ᠵᠡᠷᠬᠡ ᠦᠨᠳᠦᠰᠦᠨ ᠪᠠᠶᠢᠳᠠᠯ ᠵᠢᠴᠢ ᠠᠵᠥ ᠠᠬᠤᠢᠢᠯᠠᠯ ᠤᠨ ᠬᠦᠭᠵᠢᠯᠳᠡ ᠳᠤ ᠤᠷᠤᠰᠢᠵᠥ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ ᠨᠠᠷᠢᠨ ᠯᠠᠪᠯᠠᠨ ᠠᠰᠠᠭᠤᠪᠠ᠃      ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠦᠨᠳᠤᠷ ᠦᠷ᠎ᠡ ᠪᠦᠳᠦᠮᠵᠢᠳᠤ ᠤᠰᠤ ᠠᠷᠪᠢᠯᠠᠬᠤ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠬᠦᠯᠬᠦ ᠲᠤᠭᠤᠷᠢᠭ ᠨᠢ ᠬᠦᠶᠦᠬᠡᠨ ᠪᠤᠯᠠᠵᠥ ᠲᠤᠰᠤᠯᠭᠠᠨ ᠤᠰᠤᠯᠠᠬᠤ ᠦᠨᠳᠤᠷ ᠦᠷ᠎ᠡ ᠪᠦᠳᠦᠮᠵᠢᠳᠤ ᠤᠰᠤ ᠠᠷᠪᠢᠯᠠᠬᠤ ᠵᠠᠭᠪᠤᠷ ᠢ ᠪᠦᠬᠦ ᠤᠯᠤᠰ ᠲᠤ ᠠᠩᠬ᠎ᠠ ᠲᠡᠯᠬᠡᠷᠡᠬᠦᠯᠥᠭᠰᠡᠡ ᠶᠤᠮ᠃ ᠶᠢᠨ ᠯᠢ ᠴᠢᠶᠦ᠋ᠨ ᠪᠤᠯᠤᠨ ᠪᠦ᠋ ᠰᠢᠶᠤᠤ ᠯᠢᠨ ᠨᠠᠷ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠤᠰᠤ ᠠᠷᠪᠢᠯᠠᠬᠤ ᠦᠨᠳᠤᠷ ᠦᠷ᠎ᠡ ᠪᠦᠳᠦᠮᠵᠢᠳᠤ ᠲᠠᠷᠢᠶᠠᠯᠠᠩ ᠤᠨ ᠬᠦᠭᠵᠢᠯᠳᠡ ᠶᠢᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ ᠬᠦᠶᠦᠬᠡᠨ ᠪᠤᠯᠠᠵᠥ ᠲᠤᠰᠤᠯᠭᠠᠨ ᠤᠰᠤᠯᠠᠬᠤ ᠦᠨᠳᠤᠷ ᠦᠷ᠎ᠡ ᠪᠦᠳᠦᠮᠵᠢᠳᠤ ᠤᠰᠤ ᠠᠷᠪᠢᠯᠠᠬᠤ ᠢᠨᠵᠧᠨᠧᠷᠢᠩ᠂ ᠲᠠᠷᠢᠮᠠᠯ ᠤᠨ ᠪᠦᠳᠦᠴᠡ ᠶᠢᠨ ᠲᠤᠬᠢᠷᠠᠭᠤᠯᠤᠯᠳᠠ᠂ ᠭᠠᠵᠠᠷ ᠰᠢᠷᠤᠢ ᠎ ᠶᠢᠨ ᠬᠡᠪᠴᠢᠶᠡᠳᠤ ᠡᠵᠡᠩᠨᠡᠯᠳᠡ᠂ ᠤᠶᠤᠨᠳᠤ ᠤᠰᠤᠯᠠᠯᠳᠠ ᠵᠡᠷᠬᠡ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠳᠡ ᠎ ᠶᠢᠨ ᠪᠠᠶᠢᠳᠠᠯ ᠢ ᠨᠠᠷᠢᠨ ᠤᠢᠢᠯᠠᠭᠠᠪᠠ᠃ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠦᠬᠡᠷᠡᠴᠢᠯᠡᠯᠳᠡ ᠶᠢᠨ ᠪᠤᠯᠪᠠᠰᠤᠷᠠᠯ ᠤᠨ ᠲᠦᠪ ᠲᠤ᠂ ᠶᠢᠨ ᠯᠢ ᠴᠢᠶᠦ᠋ᠨ ᠪᠤᠯᠤᠨ ᠪᠦ᠋ ᠰᠢᠶᠤᠤ ᠯᠢᠨ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠲᠠᠷᠢᠶᠠᠯᠠᠩ ᠤᠨ ᠤᠰᠤᠯᠠᠯᠳᠠ ᠳᠤ ᠤᠰᠤ ᠬᠡᠷᠡᠭᠯᠡᠬᠦ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠲᠠᠪᠴᠠᠩ᠂ ᠬᠤᠳᠳᠤᠭ ᠴᠠᠬᠢᠯᠭᠠᠨ ᠤ ᠬᠤᠤᠰ ᠡᠵᠡᠮᠰᠢᠯᠳᠤ ᠰᠢᠰᠲ᠋ᠧᠮ ᠤᠨ ᠠᠵᠢᠯᠯᠠᠭᠠᠨ᠂ ᠲᠠᠷᠢᠶᠠᠯᠠᠩ ᠤᠨ ᠤᠰᠤᠨ ᠠᠰᠢᠬᠯᠠᠯᠳᠠ ᠶᠢᠨ ᠲᠦᠬᠦᠬᠡᠷᠤᠮᠵᠢ ᠶᠢ ᠰᠢᠯᠭᠠᠨ ᠪᠠᠶᠢᠴᠠᠭᠠᠬᠤ ᠰᠢᠰᠲ᠋ᠧᠮ ᠪᠤᠯᠤᠨ ᠲᠠᠷᠢᠶᠠᠯᠠᠩ ᠤᠨ ᠤᠰᠤᠨ ᠤ ᠦᠨ᠎ᠠ ᠬᠠᠩᠰᠢ ᠶᠢᠨ ᠶᠡᠷᠤᠩᠬᠡᠶᠢᠯᠡᠭᠰᠡᠡ ᠦᠬᠡᠷᠡᠴᠢᠯᠡᠯᠳᠡ ︽ᠲᠠᠪᠤ ᠶᠢ ᠨᠢᠬᠡ ᠴᠤᠭᠴᠠᠵᠢᠭᠤᠯᠤᠭᠰᠠᠠ︾ ᠬᠠᠮᠢᠶᠠᠷᠤᠯᠳᠠ ᠶᠢᠨ ᠰᠢᠰᠲ᠋ᠧᠮ ᠵᠡᠷᠬᠡ ᠪᠠᠶᠢᠳᠠᠯ ᠢ ᠤᠢᠢᠯᠠᠭᠠᠭᠰᠠᠠ ᠪᠦᠬᠡᠳ ᠦᠨᠳᠤᠷ ᠦᠨᠡᠯᠡᠭᠰᠡᠡ ᠪᠠᠶᠢᠨ᠎ᠠ᠃      ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠡᠷ᠎ᠡ ᠪᠤᠯᠵᠥ ᠰᠢᠨᠵᠢᠯᠠᠨ ᠪᠠᠶᠢᠴᠠᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号